︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠦᠷᠢᠮ︾ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2024/4/8
   ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2024 ᠣᠨ ᠤ ᠬᠢᠨᠠᠯᠲᠠ ᠲᠠᠯᠪᠢᠬᠤ ᠠᠵᠢᠯ ᠤᠨ ᠲᠥᠯᠥᠪᠯᠡᠭᠡ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠤᠨ ᠲᠥᠰᠦᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 5 ᠰᠠᠷ᠎ᠠ ᠠᠴᠠ 6 ᠰᠠᠷ᠎ᠠ ᠪᠣᠯᠲᠠᠯ᠎ᠠ ᠪᠥᠬᠦ ᠣᠷᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠦᠷᠢᠮ︾ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠨ᠎ᠠ᠃   ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠭᠤᠤᠯᠳᠠᠯᠭ᠎ᠠ ᠲᠠᠢ ᠠᠭᠤᠯᠭ᠎ᠠ ᠳᠤ᠄ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠪᠠᠶᠢᠳᠠᠯ︔ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠣᠯᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠠᠵᠢᠯ ᠤᠨ ᠪᠠᠶᠢᠳᠠᠯ︔ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠠᠵᠢᠯ ᠤᠨ ᠪᠠᠶᠢᠳᠠᠯ︔ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠠᠵᠢᠯ ᠤᠨ ᠪᠠᠶᠢᠳᠠᠯ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠪᠠᠶᠢᠳᠠᠯ︔ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠠᠵᠢᠯ ᠤᠨ ᠪᠠᠶᠢᠳᠠᠯ︔ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠪᠠᠶᠢᠳᠠᠯ︔ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠬᠦ ᠳᠤ ᠣᠷᠣᠰᠢᠵᠤ ᠪᠠᠶᠢᠭ᠎ᠠ ᠭᠤᠣᠯ ᠬᠦᠴᠢᠷᠳᠡᠯ ᠪᠣᠯᠤᠨ ᠠᠰᠠᠭᠤᠳᠠᠯ ᠢ ᠪᠠᠭᠳᠠᠭᠠᠨ᠎ᠠ᠃   ᠬᠤᠯᠪᠣᠭᠳᠠᠯ ᠪᠥᠬᠦᠶ ᠪᠠᠶᠢᠳᠠᠯ ᠢ ᠪᠥᠬᠦ ᠲᠠᠯ᠎ᠠ ᠪᠠᠷ ᠭᠦᠨᠵᠡᠭᠡᠶ ᠣᠶᠢᠯᠠᠭᠠᠬᠤ ᠶᠢᠨ ᠲᠥᠯᠥᠭᠡ᠂ ᠣᠲᠣ ᠠᠯᠪᠠᠨ ᠵᠠᠷᠯᠠᠯ ᠨᠡᠶᠢᠲᠡᠯᠡᠵᠦ ᠨᠡᠶᠢᠭᠡᠮ ᠨᠡᠶᠢᠲᠡ ᠠᠴᠠ ᠬᠠᠮᠢᠶ᠎ᠠ ᠪᠥᠬᠦᠶ ᠰᠠᠨᠠᠯ ᠰᠠᠨᠠᠭᠤᠯᠭ᠎ᠠ ᠶᠢ ᠢᠯᠡ ᠪᠠᠷ ᠬᠤᠷᠢᠶᠠᠬᠤ ᠪᠠᠷ ᠪᠣᠶ ᠃ ᠬᠤᠯᠪᠣᠭᠳᠠᠯ ᠪᠥᠬᠦᠶ ᠰᠠᠨᠠᠯ ᠰᠠᠨᠠᠭᠤᠯᠭ᠎ᠠ ᠪᠠᠨ 2024 ᠣᠨ ᠤ 5 ᠰᠠᠷ᠎ᠠ ᠶᠢᠨ 20 ᠤ ᠡᠳᠦᠷ ᠠᠴᠠ ᠡᠮᠦᠨ᠎ᠡ᠂ ᠪᠢᠴᠢᠭ ᠢᠶᠠᠷ ᠪᠤᠶᠤ ᠢᠮᠧᠯ ᠤᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠠᠵᠢᠯ ᠤᠨ ᠵᠥᠪᠯᠡᠯ ᠳᠤ ᠬᠠᠷᠢᠭᠤ ᠲᠤᠰᠬᠠᠬᠤ ᠪᠣᠯᠪᠠᠤ᠃   ᠬᠠᠷᠢᠯᠴᠠᠬᠤ ᠬᠥᠮᠦᠨ᠄ ᠵᠣᠣ ᠶᠠᠨ ᠵᠦᠸᠧ   ᠬᠠᠷᠢᠯᠴᠠᠬᠤ ᠤᠲᠠᠰᠤ᠄ 0471 - 6601298 6600445 ︵ᠹᠺᠰ︶ᠢᠮᠧᠯ᠄ jkwwwrd @ 163.com   ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠵᠥᠩ ᠱᠠᠨ ᠵᠠᠮ ᠤᠨ 3 ᠳ᠋ᠤᠭᠠᠷ ᠨᠣᠮᠧᠷ᠂ ᠰᠢᠤᠳᠠᠨ ᠤ ᠨᠣᠮᠧᠷ 010020   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠲᠢᠩᠬᠢᠮ   2024 ᠣᠨ ᠤ 4 ᠰᠠᠷ᠎ᠠ ᠶᠢᠨ 2 ᠤᠨ ᠡᠳᠦᠷ
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号