ᠯᠢ ᠴᠢᠶᠠᠩ ᠠᠮᠧᠷᠢᠺᠠ ᠶᠢᠨ ᠡᠳ᠋ ᠤᠨ ᠵᠠᠰᠠᠭ ᠤᠨ ᠶᠠᠮᠤᠨ ᠤ ᠰᠠᠶᠢᠳ ᠶᠧᠯᠤᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/8
   ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 7  ᠤ ᠴᠠᠬᠢᠯᠭᠠᠨ ᠮᠡᠳᠡᠭᠡ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠰᠠᠷ᠎ᠠ ᠶᠢᠨ 7  ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠢᠩᠬᠢᠮ ᠳᠤ ᠠᠮᠧᠷᠢᠺᠠ ᠶᠢᠨ ᠡᠳ᠋ ᠤᠨ ᠵᠠᠰᠠᠭ ᠤᠨ ᠶᠠᠮᠤᠨ ᠤ ᠰᠠᠶᠢᠳ ᠶᠧᠯᠤᠨ ᠲᠠᠢ ᠠᠭᠤᠯᠵᠠᠪᠠ᠃
852.jpg  
    ᠯᠢ ᠴᠢᠶᠠᠩ᠂ ᠬᠤᠶᠠᠷ ᠤᠯᠤᠰ ᠤᠨ ᠲᠡᠷᠢᠭᠦᠨ ᠤ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠳᠣᠣᠷ᠎ᠠ᠂ ᠣᠳᠣᠬᠠᠨ ᠳᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠲᠣᠭᠲᠠᠭᠤᠨ ᠪᠠᠶᠢᠳᠠᠯ ᠢᠯᠡᠷᠡᠪᠡ᠃ ᠲᠡᠷᠢᠭᠦᠯᠡᠭᠴᠢ ᠰᠢ ᠶᠢᠨ ᠫᠢᠩ ᠲᠦᠷᠦᠭᠦᠬᠡᠨ ᠶᠡᠷᠦᠩᠬᠡᠶᠢᠯᠡᠭᠴᠢ   ᠪᠠᠶᠢᠳᠧᠨ ᠲᠠᠢ ᠤᠲᠠᠰᠤ ᠪᠠᠷ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠶᠠᠷᠢᠯᠴᠠᠭ᠎ᠠ ᠪᠠᠨ ᠴᠢᠩᠭᠠᠳᠬᠠᠨ᠂ ᠵᠥᠷᠢᠯᠳᠦᠭᠡᠨ ᠢᠶᠠᠨ ᠬᠠᠮᠢᠶᠠᠷᠤᠨ ᠡᠵᠡᠮᠳᠡᠵᠦ᠂ ᠬᠠᠮᠲᠤᠷᠠᠯᠴᠠᠭ᠎ᠠ ᠪᠠᠨ ᠠᠬᠢᠭᠤᠯᠤᠨ᠂ ᠳᠤᠮᠳᠠᠳᠤ ᠠᠮᠧᠷᠢᠺᠠ ᠶᠢᠨ ᠬᠠᠷᠢᠴᠠᠭᠠᠨ ᠤ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ ᠭᠡᠵᠦ ᠰᠠᠨᠠᠯ ᠨᠢᠭᠡᠲᠡᠢ ᠵᠥᠪᠰᠢᠶᠡᠷᠡᠵᠡᠢ᠃ ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ ᠠᠮᠧᠷᠢᠺᠠ ᠶᠢᠨ ᠬᠠᠨᠢᠲᠠᠨ ᠪᠣᠯᠬᠤ ᠶᠢ ᠬᠦᠰᠡᠬᠦ ᠠᠴᠠ ᠪᠢᠰᠢ ᠡᠰᠡᠷᠭᠦ ᠡᠲᠡᠭᠡᠳ ᠪᠢᠰᠢ ᠶᠤᠮ᠂ ᠬᠠᠷᠢᠯᠴᠠᠨ ᠬᠦᠨᠳᠦᠳᠬᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠠᠮᠧᠷᠢᠺᠠ ᠶᠢᠨ ᠲᠠᠯ᠎ᠠ ᠶᠢᠨ ᠬᠢᠨ ᠳᠤᠮᠳᠠᠳᠤ ᠶᠢᠨ ᠲᠠᠯ᠎ᠠ ᠶᠢᠨ ᠬᠢᠨ ᠲᠠᠢ ᠨᠡᠩ ᠤᠯᠠᠨ ᠠᠳᠠᠯᠢ ᠴᠢᠭᠯᠡᠯ ᠢᠶᠠᠷ ᠤᠷᠤᠭᠰᠢᠯᠠᠵᠤ᠂ ᠬᠤᠶᠠᠷ ᠤᠯᠤᠰ ᠤᠨ ᠲᠡᠷᠢᠭᠦᠨ ᠤ ᠴᠢᠬᠤᠯᠠ ᠬᠠᠮᠲᠤ ᠶᠢᠨ ᠲᠠᠨᠢᠯᠲᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ︽ᠰᠠᠨ ᠹᠷᠠᠨᠰᠢᠰᠺᠦ ᠶᠢᠨ ᠠᠯᠤᠰ ᠤᠨ ᠲᠥᠯᠥᠪ︾ ᠢ ︽ᠪᠣᠳᠠᠲᠤ ᠦᠵᠡᠮᠵᠢ︾ ᠪᠣᠯᠭᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃   ᠯᠢ ᠴᠢᠶᠠᠩ᠂ ᠳᠤᠮᠳᠠᠳᠤ ᠠᠮᠧᠷᠢᠺᠠ ᠳᠡᠯᠡᠬᠡᠢ ᠶᠢᠨ ᠡᠮᠦᠨ᠎ᠡ ᠬᠤᠶᠠᠷ ᠶᠡᠭᠡ ᠠᠵᠤ ᠠᠬᠤᠢ ᠶᠢᠨ ᠴᠣᠭᠴᠠ ᠪᠣᠯᠤᠭᠰᠠᠨ ᠤ ᠬᠤᠪᠢ ᠳᠤ᠂ ᠠᠵᠤ ᠠᠬᠤᠢ ᠶᠢᠨ ᠠᠰᠢᠭ ᠲᠤᠰᠠ ᠭᠦᠨᠵᠡᠭᠡᠢ ᠠᠭᠤᠰᠤᠯᠴᠠᠵᠤ᠂ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠴᠢᠩᠭᠠᠳᠬᠠᠬᠤ ᠨᠢ ᠬᠤᠶᠠᠷ ᠲᠠᠯ᠎ᠠ ᠶᠢᠨ ᠲᠤᠰ ᠲᠤᠰ ᠤᠨ ᠬᠥᠭᠵᠢᠯᠲᠡ ᠪᠣᠯᠣᠨ ᠪᠦᠬᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠶᠠᠷ ᠲᠠᠯ᠎ᠠ ᠪᠠᠷ ᠢᠶᠠᠨ ᠣᠯᠣᠯᠴᠠᠭ᠎ᠠ ᠪᠠᠨ ᠴᠢᠩᠭᠠᠳᠬᠠᠵᠤ᠂ ᠵᠥᠷᠢᠯᠳᠦᠭᠡᠨ ᠢ ᠬᠠᠮᠢᠶᠠᠷᠤᠨ ᠡᠵᠡᠮᠳᠡᠬᠦ᠂ ᠵᠥᠷᠢᠯᠳᠦᠭᠡᠨ ᠢ ᠰᠢᠢᠳᠪᠦᠷᠢᠯᠡᠬᠦ ᠠᠷᠭ᠎ᠠ ᠶᠢ ᠬᠠᠮᠲᠤᠪᠠᠷ ᠡᠷᠢᠨ ᠣᠯᠵᠤ᠂ ᠳᠤᠮᠳᠠᠳᠤ ᠠᠮᠧᠷᠢᠺᠠ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠲᠣᠭᠲᠠᠭᠤᠨ᠂ ᠰᠢᠯᠤᠭᠤᠨ᠂ ᠥᠨᠳᠥᠷ ᠪᠦᠲᠦᠮᠵᠢᠲᠡᠢ ᠪᠣᠯᠭᠠᠵᠤ᠂ ᠬᠤᠶᠠᠷ ᠤᠯᠤᠰ ᠤᠨ ᠠᠵᠤ ᠠᠬᠤᠶᠢᠯᠠᠯ ᠪᠣᠯᠣᠨ ᠠᠷᠠᠳ ᠲᠦᠮᠡᠨ ᠳᠤ ᠨᠡᠩ ᠤᠯᠠᠨ ᠪᠣᠳᠠᠲᠤ ᠠᠰᠢᠭ ᠬᠦᠷᠲᠡᠭᠡᠵᠦ᠂ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠪᠣᠯᠣᠨ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠬᠤᠪᠢ ᠨᠡᠮᠡᠷᠢ ᠦᠵᠡᠭᠦᠯᠦᠶ᠎ᠡ᠃ ᠠᠮᠧᠷᠢᠺᠠ ᠶᠢᠨ ᠲᠠᠯ᠎ᠠ ᠶᠢᠨ ᠬᠢᠨ ᠳᠤᠮᠳᠠᠳᠤ ᠶᠢᠨ ᠲᠠᠯ᠎ᠠ ᠶᠢᠨ ᠬᠢᠨ ᠲᠠᠢ ᠬᠠᠮᠲᠤᠪᠠᠷ ᠡᠷᠬᠡ ᠲᠡᠭᠰᠢ ᠪᠠᠷ ᠥᠷᠢᠰᠦᠯᠳᠦᠬᠦ᠂ ᠨᠡᠭᠡᠭᠡᠯᠲᠡ ᠬᠢᠵᠦ ᠬᠠᠮᠲᠤᠷᠠᠯᠴᠠᠬᠤ ᠵᠠᠬ᠎ᠠ ᠳᠡᠯᠭᠡᠭᠦᠷ ᠤᠨ ᠠᠵᠤ ᠠᠬᠤᠢ ᠶᠢᠨ ᠦᠨᠳᠦᠰᠦᠨ ᠪᠠᠷᠢᠮᠵᠢᠶ᠎ᠠ ᠶᠢ ᠪᠠᠷᠢᠮᠲᠠᠯᠠᠵᠤ᠂ ᠠᠵᠤ ᠠᠬᠤᠢ ᠠᠷᠠᠯᠵᠢᠶᠠᠨ ᠤ ᠠᠰᠠᠭᠤᠳᠠᠯ ᠢ ᠨᠠᠷᠮᠠᠢ ᠤᠯᠤᠰ ᠲᠥᠷᠥᠴᠢᠯᠡᠬᠦ᠂ ᠨᠠᠷᠮᠠᠢ ᠠᠮᠤᠷ ᠲᠦᠪᠰᠢᠨ ᠪᠣᠯᠭᠠᠬᠤ ᠦᠭᠡᠢ ᠪᠠᠶᠢᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠵᠠᠬ᠎ᠠ ᠳᠡᠯᠭᠡᠭᠦᠷ ᠤᠨ ᠬᠠᠷᠠᠴᠠ ᠪᠣᠯᠣᠨ ᠪᠦᠬᠦ ᠪᠥᠮᠪᠥᠷᠴᠡᠭ ᠤᠨ ᠬᠠᠷᠠᠭᠠᠰᠤ ᠪᠠᠷ᠂ ᠠᠵᠤ ᠠᠬᠤᠢ ᠶᠢᠨ ᠵᠢᠮ᠎ᠡ ᠶᠣᠰᠣ ᠠᠴᠠ ᠡᠭᠦᠰᠴᠦ᠂ ᠦᠢᠯᠡᠳᠪᠦᠷᠢᠯᠡᠯ ᠤᠨ ᠴᠢᠳᠠᠪᠤᠷᠢ ᠶᠢᠨ ᠠᠰᠠᠭᠤᠳᠠᠯ ᠳᠤ ᠪᠤᠰᠤᠳᠴᠢ ᠪᠠᠷ᠂ ᠬᠤᠪᠢᠰᠤᠩᠭᠤᠢ ᠪᠠᠷ ᠬᠠᠨᠳᠤᠬᠤ ᠬᠡᠷᠡᠭᠲᠡᠢ᠃ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠨᠢ ᠪᠦᠬᠦ ᠪᠥᠮᠪᠥᠷᠴᠡᠭ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠬᠦ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠠᠮᠧᠷᠢᠺᠠ ᠶᠢᠨ ᠲᠠᠯ᠎ᠠ ᠶᠢᠨ ᠬᠢᠨ ᠲᠠᠢ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠵᠡᠷᠭᠡ ᠠᠰᠠᠭᠤᠳᠠᠯ ᠳᠡᠭᠡᠷ᠎ᠡ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠠᠨ ᠴᠢᠩᠭᠠᠳᠬᠠᠵᠤ᠂ ᠪᠦᠬᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤᠪᠠᠷ ᠠᠷᠭᠠᠴᠠᠨ᠎ᠠ ᠭᠡᠵᠦ ᠵᠢᠭᠠᠵᠤ ᠭᠠᠷᠭᠠᠪᠠ᠃    ᠶᠧᠯᠤᠨ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠨᠡᠩ ᠲᠣᠭᠲᠠᠭᠤᠨ ᠪᠣᠯᠪᠠ᠃ ᠪᠦᠬᠦ ᠪᠥᠮᠪᠥᠷᠴᠡᠭ ᠤᠨ ᠲᠦᠷᠦᠭᠦᠦ ᠬᠤᠶᠠᠷ ᠶᠡᠭᠡ ᠠᠵᠤ ᠠᠬᠤᠢ ᠶᠢᠨ ᠴᠣᠭᠴᠠ ᠪᠣᠯᠤᠭᠰᠠᠨ ᠤ ᠬᠤᠪᠢ ᠳᠤ᠂ ᠠᠮᠧᠷᠢᠺᠠ ᠳᠤᠮᠳᠠᠳᠤ ᠬᠤᠶᠠᠷ ᠲᠠᠯ᠎ᠠ ᠪᠠᠷ ᠢᠶᠠᠨ ᠬᠤᠶᠠᠷ ᠲᠠᠯ᠎ᠠ ᠶᠢᠨ ᠠᠵᠤ ᠠᠬᠤᠢ ᠶᠢᠨ ᠬᠠᠷᠢᠯᠴᠠᠭ᠎ᠠ ᠶᠢ ᠬᠠᠷᠢᠭᠤᠴᠠᠯᠭ᠎ᠠ ᠲᠠᠢ ᠪᠠᠷ ᠬᠠᠮᠢᠶᠠᠷᠬᠤ ᠬᠡᠷᠡᠭᠲᠡᠢ᠃ ᠠᠮᠧᠷᠢᠺᠠ ᠶᠢᠨ ᠲᠠᠯ᠎ᠠ ᠶᠢᠨ ᠬᠢᠨ ᠠᠮᠧᠷᠢᠺᠠ ᠳᠤᠮᠳᠠᠳᠤ ᠶᠢᠨ ᠠᠵᠤ ᠠᠬᠤᠢ ᠶᠢᠨ ᠶᠠᠷᠢᠯᠴᠠᠭ᠎ᠠ ᠬᠠᠮᠲᠤᠷᠠᠯᠴᠠᠭ᠎ᠠ ᠶᠢᠨ ᠣᠯᠣᠭᠰᠠᠨ ᠠᠬᠢᠴᠠ ᠶᠢ ᠮᠠᠭᠲᠠᠨ ᠰᠠᠶᠢᠰᠢᠶᠠᠵᠤ᠂ ᠳᠤᠮᠳᠠᠳᠤ ᠶᠢᠨ ᠲᠠᠯ᠎ᠠ ᠶᠢᠨ ᠬᠢᠨ ᠲᠠᠢ ︽ᠬᠠᠷᠢᠴᠠᠭ᠎ᠠ ᠪᠠᠨ ᠰᠠᠯᠭᠠᠬᠤ︾ ᠶᠢ ᠡᠷᠢᠯᠬᠢᠯᠡᠬᠦ ᠦᠭᠡᠢ᠂ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ  ᠬᠢᠨ ᠲᠠᠢ ᠬᠠᠮᠲᠤᠪᠠᠷ ᠬᠤᠶᠠᠷ ᠤᠯᠤᠰ ᠤᠨ ᠲᠡᠷᠢᠭᠦᠨ ᠤ ᠰᠠᠨ ᠹᠷᠠᠨᠰᠢᠰᠺᠤ ᠶᠢᠨ ᠠᠭᠤᠯᠵᠠᠯᠲᠠ ᠳᠤ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ᠂ ᠦᠨᠡᠨᠴᠢ ᠪᠠᠷ ᠣᠯᠣᠯᠴᠠᠵᠤ᠂ ᠠᠳᠡᠭᠦᠦ ᠣᠶᠢᠯᠠᠭᠠᠯᠴᠠᠬᠤ ᠠᠴᠠ ᠵᠠᠶᠢᠯᠠᠰᠬᠢᠵᠦ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠵᠥᠷᠢᠯᠳᠦᠭᠡᠨ ᠢᠶᠠᠨ ᠵᠣᠬᠢᠰᠲᠠᠢ ᠬᠠᠮᠢᠶᠠᠷᠤᠨ ᠡᠵᠡᠮᠳᠡᠵᠦ᠂ ᠪᠦᠬᠦ ᠪᠥᠮᠪᠥᠷᠴᠡᠭ ᠤᠨ ᠴᠢᠨᠠᠷᠲᠠᠢ ᠪᠠᠴᠢᠮ ᠲᠤᠯᠭᠠᠮ᠎ᠠ ᠥᠷᠢᠰᠦᠯᠳᠦᠭᠡᠨ ᠢ ᠬᠠᠮᠲᠤᠪᠠᠷ ᠠᠷᠭᠠᠴᠠᠵᠤ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ ᠭᠡᠵᠦ ᠢᠯᠡᠳᠬᠡᠪᠡ᠃ 
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号