ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 7 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠠᠯᠪᠠᠨ ᠲᠢᠩᠬᠢᠮ ᠣᠶᠢᠷ᠎ᠠ ᠳᠤ ︽ᠪᠦᠭᠦ ᠨᠠᠮ ᠤᠨ ᠳᠣᠲᠣᠭᠠᠳᠤ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠥᠷᠨᠢᠭᠦᠯᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ | ᠲᠠᠷᠬᠠᠭᠠᠪᠠ᠃ | ︽ᠮᠡᠳᠡᠭᠳᠡᠯ︾ ᠳᠤ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ︵ᠳᠣᠷᠣᠭᠰᠢ ︽ᠳᠦᠷᠢᠮ︾ ᠭᠡᠵᠦ ᠳᠥᠭᠦᠮᠴᠢᠯᠡᠨ᠎ᠡ︶ ᠢ ᠭᠦᠨᠵᠡᠭᠡᠢ | ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ ᠶᠢᠨ ᠵᠥᠪᠰᠢᠶᠡᠷᠡᠯ ᠢᠶᠠᠷ᠂ 2024 ᠣᠨ ᠤ 4 | ᠰᠠᠷ᠎ᠠ ᠠᠴᠠ 7 ᠰᠠᠷ᠎ᠠ ᠪᠤᠯᠲᠠᠯ᠎ᠠ ᠪᠦᠭᠦ ᠨᠠᠮ ᠤᠨ ᠳᠣᠲᠣᠭᠠᠳᠤ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠥᠷᠨᠢᠭᠦᠯᠦᠨ᠎ᠡ ᠭᠡᠵᠦ ᠵᠢᠭᠠᠵᠤ ᠭᠠᠷᠭᠠᠪᠠ᠃ | ︽ᠮᠡᠳᠡᠭᠳᠡᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠵᠠᠷᠢᠮ ᠨᠠᠮ ᠤᠨ ᠭᠡᠰᠢᠭᠦᠨ᠂ | ᠺᠠᠳ᠋ᠷᠴᠤᠳ ᠤᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠳᠤ ᠰᠠᠨᠠᠭ᠎ᠠ ᠲᠠᠯᠪᠢᠬᠤ ᠦᠭᠡᠢ᠂ ᠣᠶᠢᠯᠠᠭᠠᠬᠤ ᠦᠭᠡᠢ᠂ | ᠡᠵᠡᠮᠰᠢᠬᠦ ᠦᠭᠡᠢ ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠭᠡᠰᠢᠭᠦᠨ | ᠢᠯᠠᠩᠭᠤᠶ᠎ᠠ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠵᠣᠬᠢᠶᠠᠨ ᠪᠠᠶᠢᠭᠤᠯᠤᠨ ︽ᠳᠦᠷᠢᠮ︾ ᠢ ᠨᠠᠷᠢᠨ ᠬᠢᠨᠠᠮᠠᠭᠠᠢ | ᠰᠤᠷᠤᠯᠴᠠᠭᠤᠯᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ | ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠭᠦᠯᠵᠦ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠭᠡᠭᠴᠢ ᠶᠠᠭᠤ ᠪᠤᠯᠬᠤ ᠶᠢ | ᠲᠣᠳᠣᠷᠬᠠᠢ ᠣᠶᠢᠯᠠᠭᠠᠵᠤ᠂ ᠶᠠᠭᠤ ᠶᠢ ᠬᠢᠵᠦ ᠪᠤᠯᠬᠤ᠂ ᠶᠠᠭᠤ ᠶᠢ ᠬᠢᠵᠦ ᠦᠯᠦ ᠪᠤᠯᠬᠤ ᠶᠢ ᠣᠶᠢᠯᠠᠭᠠᠵᠤ᠂ ᠳᠦᠷᠢᠮ | ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠦᠭᠡ ᠶᠠᠷᠢᠶ᠎ᠠ ᠦᠢᠯᠡ | ᠠᠵᠢᠯᠯᠠᠭᠠᠨ ᠤ ᠪᠠᠨ ᠪᠠᠷᠢᠮᠵᠢᠶ᠎ᠠ ᠪᠤᠯᠭᠠᠵᠤ᠂ ᠴᠢᠨᠠᠭᠰᠢᠳᠠ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ᠂ | ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠵᠤ᠂ ᠦᠯᠦ ᠬᠠᠯᠳᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ | ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ | ᠢᠯᠵᠠᠷᠠᠯ ᠢ ᠡᠰᠡᠷᠭᠦᠴᠡᠬᠦ ᠲᠣᠭᠲᠠᠯ ᠬᠦᠴᠦᠨ ᠢᠶᠠᠨ ᠴᠢᠩᠭᠠᠳᠬᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ | ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠲᠣᠳᠣᠷᠬᠠᠶᠢᠯᠠᠪᠠ᠃ | ︽ᠮᠡᠳᠡᠭᠳᠡᠯ︾ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠳᠤᠳᠤᠮ ᠤᠨ ᠠᠮᠢᠳᠤᠷᠠᠯ ᠳᠤ | ᠠᠭᠤᠰᠤᠯᠴᠠᠭᠤᠯᠬᠤ᠂ ᠪᠠᠶᠢᠩᠭᠤ ᠠᠳᠬᠤᠬᠤ ᠶᠢ ᠴᠢᠬᠤᠯᠠᠴᠢᠯᠠᠬᠤ ᠬᠡᠷᠡᠭᠲᠡᠢ᠃ ᠲᠡᠷᠡ ᠬᠡᠪ ᠢᠶᠠᠷ ᠨᠢ ᠰᠤᠷᠤᠯᠴᠠᠵᠤ᠂ ᠬᠤᠪᠢ | ᠬᠥᠮᠥᠨ ᠤ ᠥᠪᠡᠰᠦᠪᠡᠨ ᠰᠤᠷᠤᠯᠴᠠᠬᠤ ᠪᠠ ᠲᠥᠪᠯᠡᠷᠡᠭᠦᠯᠦᠨ ᠰᠤᠷᠤᠯᠴᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠠᠮ ᠤᠨ | ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ | ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ | ᠪᠠᠲᠤ ᠯᠤᠭ᠎ᠠ ᠨᠢᠭᠲᠠ ᠤᠶᠠᠯᠳᠤᠭᠤᠯᠤᠨ ᠰᠤᠳᠤᠯᠤᠨ ᠶᠠᠷᠢᠯᠴᠠᠵᠤ᠂ ︽ᠳᠦᠷᠢᠮ︾ ᠢ ᠲᠠᠷᠢᠬᠢᠨ ᠳᠠᠭᠠᠨ ᠰᠢᠩᠭᠡᠭᠡᠵᠦ | ᠰᠡᠳᠬᠢᠯ ᠳᠡᠭᠡᠨ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ᠃ ᠰᠡᠷᠡᠮᠵᠢᠯᠡᠭᠦᠯᠭᠦ ᠬᠥᠮᠦᠵᠢᠯ ᠢ ᠴᠢᠩᠭᠠᠳᠬᠠᠵᠤ᠂ ᠰᠠᠬᠢᠯᠭ᠎ᠠ | ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠵᠠᠳᠠᠯᠤᠨ ᠰᠢᠨᠵᠢᠯᠡᠵᠦ᠂ ᠳᠡᠷᠭᠡᠳᠡᠬᠢ | ᠶᠠᠪᠤᠳᠠᠯ ᠢᠶᠠᠷ ᠢᠶᠠᠨ ᠳᠡᠷᠭᠡᠳᠡᠬᠢ ᠬᠥᠮᠥᠰ ᠢᠶᠠᠨ ᠬᠥᠮᠥᠵᠢᠭᠦᠯᠬᠦ ᠶᠢ ᠴᠢᠬᠤᠯᠠᠴᠢᠯᠠᠵᠤ᠂ ᠨᠠᠮ ᠤᠨ ᠭᠡᠰᠢᠭᠦᠨ᠂ ᠺᠠᠳ᠋ᠷᠴᠤᠳ ᠢ | ᠰᠡᠷᠡᠮᠵᠢ ᠠᠪᠬᠤ᠂ ᠬᠤᠷᠢᠭ᠎ᠠ ᠱᠤᠭᠤᠮ ᠢ ᠲᠣᠳᠣᠷᠬᠠᠢ ᠮᠡᠳᠡᠬᠦ᠂ ᠪᠢᠰᠢᠷᠡᠨ ᠵᠢᠷᠦᠬᠡᠰᠢᠶᠡᠬᠦ ᠰᠡᠳᠬᠢᠯᠭᠡ ᠲᠠᠢ ᠪᠤᠯᠭᠠᠬᠤ | ᠬᠡᠷᠡᠭᠲᠡᠢ᠃ ᠲᠠᠶᠢᠯᠤᠮᠵᠢ ᠪᠠ ᠪᠣᠯᠪᠠᠰᠤᠷᠠᠯ ᠢ ᠴᠢᠩᠭᠠᠳᠬᠠᠵᠤ᠂ ︽ᠳᠦᠷᠢᠮ︾ ᠢ ᠣᠶᠢᠯᠠᠭᠠᠨ ᠬᠡᠷᠡᠭᠯᠡᠬᠦ ᠶᠢ ᠭᠦᠨᠵᠡᠭᠡᠶᠢᠷᠡᠭᠦᠯᠬᠦ | ᠬᠡᠷᠡᠭᠲᠡᠢ᠃ 2024 ᠣᠨ ᠤ ᠰᠢᠶᠠᠨ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠪᠠᠭ ᠤᠨ ᠠᠷᠠᠳᠴᠢᠯᠠᠯ ᠤᠨ | ᠠᠮᠢᠳᠤᠷᠠᠯ ᠤᠨ ᠬᠤᠷᠠᠯ ᠪᠣᠯᠣᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠨᠢ᠂ ︽ᠳᠦᠷᠢᠮ︾ ᠢ ᠰᠤᠷᠤᠯᠴᠠᠨ ᠲᠤᠭᠤᠰᠢᠯᠠᠭᠤᠯᠤᠭᠰᠠᠨ ᠪᠠᠶᠢᠳᠠᠯ ᠢ | ᠬᠠᠷᠢᠴᠠᠭᠤᠯᠤᠨ ᠪᠠᠶᠢᠴᠠᠭᠠᠬᠤ ᠶᠢᠨ ᠴᠢᠬᠤᠯᠠ ᠠᠭᠤᠯᠭ᠎ᠠ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ︽ᠮᠡᠳᠡᠭᠳᠡᠯ︾ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠵᠤ᠂ | ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠢ | ᠃ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠬᠡᠯᠪᠡᠷᠢᠴᠢ ᠦᠵᠡᠯ ᠢ ᠡᠷᠡᠰ ᠡᠰᠡᠷᠭᠦᠴᠡᠵᠦ᠂ ︽ | ᠨᠠᠮ ᠤᠨ ᠤᠯᠤᠰ ᠲᠦᠷᠦ ᠶᠢᠨ ᠢᠲᠡᠭᠡᠯ ᠪᠢᠰᠢᠷᠡᠯ ᠪᠣᠯᠣᠨ ᠤᠯᠤᠰ ᠲᠦᠷᠦ ᠶᠢᠨ ᠵᠣᠷᠢᠯᠲᠠ ᠶᠢ ᠰᠠᠨᠠᠭᠠᠴᠢᠯᠠᠭ᠎ᠠ ᠲᠠᠢ ᠪᠤᠶᠤ | ᠰᠠᠨᠠᠭᠠᠴᠢᠯᠠᠭᠠᠲᠤ ᠪᠤᠰᠤ ᠪᠠᠷ ᠳᠥᠭᠦᠮᠴᠢᠯᠡᠬᠦ ᠪᠣᠯᠭᠢᠴᠢᠯᠠᠬᠤ︾᠂ ︽ᠨᠠᠮ ᠤᠨ ᠢᠲᠡᠭᠡᠯ ᠪᠢᠰᠢᠷᠡᠯ ᠪᠣᠯᠣᠨ ᠤᠯᠤᠰ | ᠲᠦᠷᠦ ᠶᠢᠨ ᠵᠣᠷᠢᠯᠲᠠ ᠶᠢ ᠬᠡᠯᠡᠨ ᠤ ᠤᠷᠠᠨ ᠢ ᠠᠰᠢᠭᠯᠠᠵᠤ ᠭᠦᠳᠬᠡᠬᠦ ᠲᠠᠭᠠᠷᠢᠬᠤ︾ ᠶᠢ ᠰᠡᠷᠭᠡᠶᠢᠯᠡᠬᠦ ᠬᠡᠷᠡᠭᠲᠡᠢ ᠭᠡᠵᠦ | ᠱᠠᠭᠠᠷᠳᠠᠪᠠ᠃ | |