ᠰᠢ ᠶᠢᠨ ᠫᠢᠩ ᠸᠢᠶᠧᠲᠨᠠᠮ ᠤᠨ ᠤᠯᠤᠰ ᠤᠨ ᠬᠤᠷᠠᠯ ᠤᠨ ᠲᠡᠷᠢᠭᠦᠯᠡᠭᠴᠢ ᠸᠠᠩ ᠲᠢᠩ ᠬᠤᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/8
   ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 8 ᠤ ᠡᠳᠦᠷ ᠤᠨ ᠮᠡᠳᠡᠭᠡ 4 ᠰᠠᠷ᠎ᠠ ᠶᠢᠨ 8 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠸᠢᠶᠧᠲᠨᠠᠮ ᠤᠨ ᠤᠯᠤᠰ ᠤᠨ ᠬᠤᠷᠠᠯ ᠤᠨ ᠲᠡᠷᠢᠭᠦᠯᠡᠭᠴᠢ ᠸᠠᠩ ᠲᠢᠩ ᠬᠤᠶ ᠲᠠᠢ ᠠᠭᠤᠯᠵᠠᠪᠠ᠃
879.jpg
   ᠰᠢ ᠶᠢᠨ ᠫᠢᠩ ᠸᠠᠩ ᠲᠢᠩ ᠬᠤᠢ ᠪᠠᠷ ᠶᠡᠷᠦᠩᠬᠡᠢ ᠱᠦᠵᠢ ᠷᠤᠸᠠᠨ ᠹᠦ᠋ ᠵᠦᠩ ᠳᠤ ᠳᠣᠲᠣᠨᠣ ᠮᠡᠨᠳᠦᠴᠢᠯᠡᠯ ᠬᠦᠷᠭᠡᠵᠦ ᠪᠠᠶᠢᠬᠤ ᠶᠢ ᠳᠠᠮᠵᠢᠭᠤᠯᠪᠠ᠃ ᠰᠢ ᠶᠢᠨ ᠫᠢᠩ᠂ ᠨᠢᠳᠤᠨᠤᠨ ᠵᠢᠯ ᠤᠨ ᠰᠡᠭᠦᠯᠴᠢ ᠪᠠᠷ ᠪᠢ ᠸᠢᠶᠧᠲᠨᠠᠮ ᠳᠤ ᠠᠶᠢᠯᠴᠢᠯᠠᠬᠤ ᠬᠤᠭᠤᠴᠠᠭᠠᠨ ᠳᠤ᠂ ᠶᠡᠷᠦᠩᠬᠡᠢ ᠱᠦᠵᠢ ᠷᠤᠸᠠᠨ ᠹᠦ᠋ ᠵᠦᠩ ᠲᠠᠢ ᠬᠠᠮᠲᠤ ᠪᠠᠷ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠨᠡᠶᠢᠲᠡᠯᠡᠵᠦ᠂ ᠳᠤᠮᠳᠠᠳᠤ ᠸᠢᠶᠧᠲᠨᠠᠮ ᠤᠨ ᠬᠠᠷᠢᠯᠴᠠᠭᠠᠨ ᠤ ᠰᠢᠨ᠎ᠡ ᠬᠠᠭᠤᠳᠠᠰᠤ ᠶᠢ ᠨᠡᠭᠡᠭᠡᠵᠡᠢ ᠭᠡᠵᠦ ᠵᠢᠭᠠᠵᠤ ᠭᠠᠷᠭᠠᠪᠠ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠮᠢᠨᠤ ᠶᠡᠷᠦᠩᠬᠡᠢ ᠱᠦᠵᠢ ᠷᠤᠸᠠᠨ ᠹᠦ᠋ ᠵᠦᠩ ᠲᠠᠢ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠠᠭ ᠨᠠᠶᠢᠳᠠᠪᠤᠷᠢᠵᠢᠭᠤᠯᠤᠭᠳᠠᠵᠤ ᠪᠠᠶᠢᠨ᠎ᠠ᠃ ᠵᠣᠷᠢᠭ ᠨᠢᠭᠡᠲᠡᠢ᠂ ᠬᠤᠪᠢ ᠵᠠᠶᠠᠭ᠎ᠠ ᠪᠠᠨ ᠬᠠᠮᠲᠤᠳᠬᠠᠬᠤ ᠪᠣᠯ ᠳᠤᠮᠳᠠᠳᠤ ᠸᠢᠶᠧᠲᠨᠠᠮ ᠤᠨ ᠬᠠᠷᠢᠴᠠᠭᠠᠨ ᠤ ᠬᠠᠮᠤᠭ ᠤᠨ ᠢᠯᠡ ᠲᠣᠳᠣ ᠣᠨᠴᠠᠯᠢᠭ ᠮᠥᠨ᠂ ︽ᠨᠥᠬᠦᠷ ᠪᠥᠭᠡᠳ ᠠᠬ᠎ᠠ ᠳᠡᠭᠦᠦ︾ ᠪᠣᠯ ᠳᠤᠮᠳᠠᠳᠤ ᠸᠢᠶᠧᠲᠨᠠᠮ ᠤᠨ ᠬᠤᠶᠠᠷ ᠨᠠᠮ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠤᠨ ᠬᠠᠮᠤᠭ ᠤᠨ ᠠᠮᠢᠳᠤᠯᠢᠭ ᠵᠢᠷᠤᠭᠯᠠᠯ ᠮᠥᠨ᠃ ᠬᠤᠶᠠᠷ ᠲᠠᠯ᠎ᠠ ᠪᠠᠷ ᠢᠶᠠᠨ ᠬᠠᠮᠲᠤᠪᠠᠷ ᠴᠢᠷᠮᠠᠶᠢᠵᠤ᠂ ᠳᠤᠮᠳᠠᠳᠤ  ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠲᠤᠰ ᠲᠤᠰ ᠤᠨ ᠢᠶᠠᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠴᠦ᠂ ᠳᠡᠯᠡᠬᠡᠢ ᠶᠢᠨ ᠨᠡᠶᠢᠭᠡᠮ ᠵᠢᠷᠤᠮ ᠤᠨ ᠦᠢᠯᠡᠰ ᠲᠤ ᠨᠡᠩ ᠶᠡᠭᠡ ᠬᠤᠪᠢ ᠨᠡᠮᠡᠷᠢ ᠦᠵᠡᠭᠦᠯᠦᠶ᠎ᠡ᠃    ᠰᠢ ᠶᠢᠨ ᠫᠢᠩ ᠴᠢᠬᠤᠯᠠᠴᠢᠯᠠᠭᠰᠠᠨ ᠨᠢ᠂ ᠣᠳᠣᠬᠠᠨ ᠳᠤ᠂ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠳᠤ ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ ᠭᠠᠷᠴᠤ ᠪᠠᠶᠢᠨ᠎ᠠ᠂ ᠨᠡᠶᠢᠭᠡᠮ ᠵᠢᠷᠤᠮ ᠤᠨ ᠪᠠᠶᠢᠭᠤᠯᠤᠯ ᠢ ᠬᠠᠮᠠᠭᠠᠯᠠᠬᠤ᠂ ᠤᠯᠤᠰ ᠣᠷᠣᠨ ᠤ ᠲᠣᠭᠲᠠᠭᠤᠨ ᠪᠠᠶᠢᠳᠠᠯ ᠪᠠ ᠬᠥᠭᠵᠢᠯᠲᠡ ᠶᠢ ᠬᠠᠮᠠᠭᠠᠯᠠᠬᠤ ᠪᠣᠯ ᠳᠤᠮᠳᠠᠳᠤ ᠸᠢᠶᠧᠲᠨᠠᠮ ᠤᠨ ᠬᠤᠶᠠᠷ ᠲᠠᠯ᠎ᠠ ᠶᠢᠨ ᠬᠠᠮᠲᠤ ᠶᠢᠨ ᠠᠰᠢᠭ ᠲᠤᠰᠠ ᠮᠥᠨ᠃ ᠬᠤᠶᠠᠷ ᠲᠠᠯ᠎ᠠ ᠪᠠᠷ ᠢᠶᠠᠨ ᠥᠨᠳᠥᠷ ᠲᠦᠪᠰᠢᠨ ᠪᠦᠬᠦᠢ ᠢᠲᠡᠭᠡᠯᠴᠡᠭᠡ ᠪᠠᠷ ᠳᠤᠮᠳᠠᠳᠤ  ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠴᠢᠨᠠᠷ ᠰᠠᠶᠢᠲᠠᠢ ᠬᠠᠮᠲᠤᠷᠠᠯᠴᠠᠭ᠎ᠠ ᠪᠠᠷ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠰᠠᠭᠤᠷᠢ ᠶᠢ ᠪᠠᠬᠢᠵᠢᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠶᠤᠨ ᠤᠬᠠᠭᠠᠨ ᠢᠶᠠᠷ ᠳᠤᠮᠳᠠᠳᠤ  ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠳᠤᠮᠳᠠᠳᠤ ᠤᠯᠤᠰ ᠳᠤᠷᠠᠲᠠᠶ᠎ᠠ  ᠸᠢᠶᠧᠲᠨᠠᠮ ᠯᠤᠭ᠎ᠠ ᠨᠠᠮ ᠢ ᠵᠠᠰᠠᠬᠤ ᠲᠦᠷᠦ ᠶᠢ ᠵᠠᠰᠠᠬᠤ ᠵᠠᠰᠠᠭ ᠢ ᠡᠷᠬᠢᠯᠡᠬᠦ ᠲᠤᠷᠰᠢᠯᠭ᠎ᠠ ᠶᠢᠨ ᠰᠣᠯᠢᠯᠴᠠᠭ᠎ᠠ ᠶᠢ ᠴᠢᠩᠭᠠᠳᠬᠠᠵᠤ᠂ ᠳᠤᠮᠳᠠᠳᠤ ᠸᠢᠶᠧᠲᠨᠠᠮ ᠤᠨ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠵᠢᠯᠤᠭᠤᠳᠬᠤ ᠵᠥᠪᠯᠡᠯ ᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ︽ᠨᠢᠭᠡ ᠪᠦᠰᠡ ᠨᠢᠭᠡ ᠵᠠᠮ︾  ᠢ ᠬᠠᠮᠲᠤᠪᠠᠷ ᠪᠠᠶᠢᠭᠤᠯᠬᠤ ᠰᠠᠨᠠᠭᠠᠴᠢᠯᠠᠭ᠎ᠠ ᠶᠢ ︽ᠬᠤᠶᠠᠷ ᠬᠤᠩᠭᠢᠯ ᠨᠢᠭᠡ ᠲᠣᠭᠤᠷᠢᠭ︾  ᠤᠨ ᠪᠠᠶᠢᠯᠳᠤᠬᠤ ᠪᠣᠳᠣᠯᠭ᠎ᠠ ᠲᠠᠢ ᠵᠣᠯᠭᠠᠭᠤᠯᠬᠤ ᠶᠢ ᠲᠦᠷᠭᠡᠨ ᠠᠬᠢᠭᠤᠯᠵᠤ᠂ ᠵᠠᠯᠠᠭᠤᠴᠤᠳ᠂ ᠨᠥᠬᠦᠷᠰᠡᠭ ᠬᠤᠳᠠ ᠶᠢ ᠪᠠᠶᠠᠯᠢᠭᠵᠢᠭᠤᠯᠬᠤ ᠵᠡᠷᠭᠡ ᠠᠷᠭ᠎ᠠ ᠵᠠᠮ ᠤᠨ ᠰᠣᠯᠢᠯᠴᠠᠭ᠎ᠠ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ ᠬᠤᠶᠠᠷ ᠲᠠᠯ᠎ᠠ ᠶᠢᠨ ᠬᠠᠤᠯᠢ ᠲᠣᠭᠲᠠᠭᠠᠬᠤ ᠪᠠᠶᠢᠭᠤᠯᠤᠮᠵᠢ ᠶᠢᠨ ᠬᠢᠨ ᠡᠯ᠎ᠡ ᠲᠡᠰ ᠳᠠᠪᠬᠤᠷᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠤᠯᠢ ᠲᠣᠭᠲᠠᠭᠠᠯᠲᠠ ᠳᠤ ᠬᠢᠨᠠᠯᠲᠠ ᠲᠠᠯᠪᠢᠬᠤ ᠲᠤᠷᠰᠢᠯᠭ᠎ᠠ ᠪᠠᠨ ᠴᠢᠩᠭᠠᠳᠬᠠᠬᠤ ᠵᠡᠷᠭᠡ ᠲᠠᠯ᠎ᠠ ᠪᠠᠷ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠵᠤ᠂ ᠬᠤᠶᠠᠷ ᠤᠯᠤᠰ ᠤᠨ ᠠᠷᠠᠳ ᠤᠨ ᠬᠤᠭᠤᠷᠣᠨᠳᠣᠬᠢ ᠨᠥᠬᠦᠷᠯᠡᠯ ᠢ ᠵᠤᠵᠠᠭᠠᠳᠬᠠᠬᠤ ᠳᠤ ᠴᠢᠬᠤᠯᠠ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠸᠠᠩ ᠲᠢᠩ ᠬᠤᠢ ᠶᠡᠷᠦᠩᠬᠡᠢ ᠱᠦᠵᠢ ᠷᠤᠸᠠᠨ ᠹᠦ᠋ ᠵᠦᠩ ᠤᠨ ᠰᠢ ᠶᠢᠨ ᠫᠢᠩ ᠶᠡᠷᠦᠩᠬᠡᠢ ᠱᠦᠵᠢ ᠳᠤ ᠳᠡᠪᠰᠢᠭᠦᠯᠦᠭᠰᠡᠨ ᠳᠣᠲᠣᠨᠣ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠵᠥᠩᠨᠡᠯ ᠢ ᠳᠠᠮᠵᠢᠭᠤᠯᠪᠠ᠃ ᠨᠥᠬᠦᠷ ᠪᠥᠭᠡᠳ ᠠᠬ᠎ᠠ ᠳᠡᠭᠦᠦ ᠪᠣᠯᠤᠭᠰᠠᠨ ᠤ ᠬᠤᠪᠢ ᠳᠤ᠂ ᠸᠢᠶᠧᠲᠨᠠᠮ ᠤᠨ ᠨᠠᠮ ᠪᠣᠯᠣᠨ ᠵᠠᠰᠠᠭ ᠤᠨ ᠣᠷᠳᠣᠨ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠶᠢ ᠴᠢᠩ ᠰᠡᠳᠬᠢᠯ ᠠᠴᠠ ᠪᠠᠨ ᠪᠢᠰᠢᠷᠡᠵᠦ ᠪᠠᠶᠢᠨ᠎ᠠ᠃ ᠡᠨᠡ ᠵᠢᠯ ᠤᠨ ᠳᠤᠮᠳᠠᠳᠤ ᠤᠯᠤᠰ ᠤᠨ ᠬᠤᠶᠠᠷ ᠬᠤᠷᠠᠯ ᠠᠴᠠ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠵᠡᠷᠭᠡ ᠬᠠᠷᠠᠯᠲᠠ ᠶᠢ ᠲᠣᠭᠲᠠᠭᠠᠭᠰᠠᠨ ᠨᠢ ᠨᠡᠶᠢᠭᠡᠮ ᠵᠢᠷᠤᠮ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠶᠢᠵᠤ᠂ ᠸᠢᠶᠧᠲᠨᠠᠮ ᠳᠤ ᠠᠰᠢᠭᠲᠠᠢ ᠯᠠᠪᠯᠠᠯᠲᠠ ᠬᠠᠩᠭᠠᠭᠰᠠᠨ ᠪᠠᠶᠢᠨ᠎ᠠ᠃ ᠳᠤᠮᠳᠠᠳᠤ ᠤᠯᠤᠰ ᠯᠠᠪᠳᠠᠶ᠎ᠠ ᠲᠣᠭᠲᠠᠭᠰᠠᠨ ᠬᠤᠭᠤᠴᠠᠭᠠᠨ ᠳᠠᠭᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ ᠪᠠᠶᠢᠳᠠᠯ ᠪᠣᠯᠣᠨ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠬᠦ ᠶᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠸᠢᠶᠧᠲᠨᠠᠮ ᠤᠨ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠣᠰᠢ ᠦᠭᠡᠢ ᠨᠢᠭᠡ ᠬᠡᠰᠡᠭ ᠮᠥᠨ᠂ ᠶᠠᠮᠠᠷᠪᠠ ᠬᠡᠯᠪᠡᠷᠢ ᠶᠢᠨ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠨ᠎ᠡ᠂ ᠰᠢᠶᠠᠩᠭᠠᠩ᠂ ᠰᠢᠨᠵᠢᠶᠠᠩ᠂ ᠲᠥᠪᠡᠳ ᠤᠨ ᠬᠡᠷᠡᠭ ᠶᠠᠪᠤᠳᠠᠯ ᠴᠤ ᠴᠥᠮ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠮᠥᠨ᠂ ᠳᠤᠮᠳᠠᠳᠤ ᠤᠯᠤᠰ ᠯᠠᠪᠳᠠᠶ᠎ᠠ ᠤᠷᠳᠤ ᠬᠤᠭᠤᠴᠠᠭᠠᠨ ᠤ ᠲᠣᠭᠲᠠᠭᠤᠨ ᠪᠠᠶᠢᠳᠠᠯ ᠪᠠ ᠴᠡᠴᠡᠭᠯᠡᠯ ᠬᠥᠭᠵᠢᠯ ᠢ ᠪᠠᠲᠤᠯᠠᠨ᠎ᠠ ᠭᠡᠵᠦ ᠦᠵᠡᠪᠡ᠃ ᠸᠢᠶᠧᠲᠨᠠᠮ ᠤᠨ ᠲᠠᠯ᠎ᠠ ᠶᠢᠨ ᠬᠢᠨ ᠪᠡᠶ᠎ᠡ ᠪᠠᠨ ᠳᠠᠭᠠᠭᠠᠵᠤ ᠡᠵᠡᠨ ᠮᠡᠳᠡᠬᠦ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠢ ᠸᠢᠶᠧᠲᠨᠠᠮ ᠤᠨ ᠭᠠᠳᠠᠭᠠᠳᠤ ᠬᠠᠷᠢᠯᠴᠠᠭᠠᠨ ᠤ ᠲᠡᠷᠢᠭᠦᠨ ᠴᠢᠬᠤᠯᠠ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠣᠯᠭᠠᠵᠤ᠂ ᠶᠡᠷᠦᠩᠬᠡᠢ ᠱᠦᠵᠢ ᠷᠤᠸᠠᠨ ᠹᠦ᠋ ᠵᠦᠩ ᠪᠣᠯᠣᠨ ᠶᠡᠷᠦᠩᠬᠡᠢ ᠱᠦᠵᠢ ᠰᠢ ᠶᠢᠨ ᠫᠢᠩ  ᠤ ᠲᠣᠭᠲᠠᠭᠠᠭᠰᠠᠨ ︽ᠵᠢᠷᠭᠤᠭᠠᠨ ᠵᠢᠩ︾  ᠤᠨ ᠬᠠᠷᠠᠯᠲᠠ ᠶᠣᠰᠣᠭᠠᠷ᠂ ᠳᠤᠮᠳᠠᠳᠤ ᠤᠯᠤᠰ ᠯᠤᠭ᠎ᠠ ᠡᠯ᠎ᠡ ᠲᠡᠰ ᠳᠠᠪᠬᠤᠷᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠥᠨᠳᠥᠷ ᠲᠦᠪᠰᠢᠨ ᠪᠦᠬᠦᠢ ᠤᠯᠤᠰ ᠲᠦᠷᠦ ᠶᠢᠨ ᠢᠲᠡᠭᠡᠯᠴᠡᠭᠡ ᠪᠠᠨ ᠦᠷᠭᠦᠯᠵᠢᠯᠡᠨ ᠪᠠᠬᠢᠵᠢᠭᠦᠯᠵᠦ᠂ ︽ᠬᠤᠶᠠᠷ ᠬᠤᠩᠭᠢᠯ ᠨᠢᠭᠡ ᠲᠣᠭᠤᠷᠢᠭ︾ ᠪᠣᠯᠣᠨ ︽ᠨᠢᠭᠡ ᠪᠦᠰᠡ ᠨᠢᠭᠡ ᠵᠠᠮ︾  ᠤᠨ ᠵᠣᠯᠭᠠᠯᠴᠠᠭ᠎ᠠ ᠶᠢ ᠢᠳᠡᠪᠬᠢᠲᠡᠢ ᠠᠬᠢᠭᠤᠯᠤᠨ᠎ᠠ᠃ ᠸᠢᠶ᠋ᠥᠲᠨᠠᠮ ᠤᠨ ᠤᠯᠤᠰ ᠤᠨ ᠬᠤᠷᠠᠯ ᠳᠤᠷᠠᠲᠠᠶ᠎ᠠ ᠳᠤᠮᠳᠠᠳᠤ ᠤᠯᠤᠰ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠢ ᠨᠢᠭᠲᠠ ᠶᠠᠪᠤᠯᠴᠠᠭ᠎ᠠ ᠰᠣᠯᠢᠯᠴᠠᠭ᠎ᠠ ᠪᠠᠨ ᠪᠠᠲᠤᠯᠠᠵᠤ᠂ ᠬᠤᠶᠠᠷ ᠤᠯᠤᠰ ᠤᠨ ᠠᠷᠠᠳ ᠤᠨ ᠬᠤᠭᠤᠷᠣᠨᠳᠣᠬᠢ ᠨᠥᠬᠦᠷᠯᠡᠯ ᠢ ᠪᠠᠬᠢᠵᠢᠭᠦᠯᠬᠦ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠸᠢᠶ᠋ᠥᠲᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ    ᠸᠠᠩ ᠢ᠂ ᠸᠠᠩ ᠳ᠋ᠦᠩ ᠮᠢᠩ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号