4 ᠰᠠᠷ᠎ᠠ ᠶᠢᠨ 7 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠦᠨᠳᠦᠰᠦᠲᠡᠨ ᠤ ᠬᠡᠷᠡᠭ | ᠡᠷᠭᠢᠯᠡᠬᠦ ᠵᠥᠪᠯᠡᠯ ᠤᠨ ᠭᠡᠰᠢᠭᠦᠳ ᠤᠨ ᠨᠢᠭᠡᠴᠡ ᠶᠢᠨ ᠪᠥᠬᠦᠳᠡ ᠬᠤᠷᠠᠯ ᠬᠢᠪᠡ᠃ | ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ | ᠡᠷᠬᠢᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2023 ᠣᠨ ᠤ ᠠᠵᠢᠯ ᠢ ᠳ᠋ᠦᠩᠨᠡᠬᠦ ᠶᠢᠨ | ᠬᠠᠮᠲᠤ 2024 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠨᠠᠮ ᠤᠨ ᠦᠨᠳᠦᠰᠦᠲᠡᠨ ᠤ ᠠᠵᠢᠯ ᠳᠠᠬᠢ | ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠢ᠃ ᠤᠬᠠᠭᠤᠯᠭ᠎ᠠ ᠬᠥᠮᠦᠵᠢᠯ ᠢ | ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ | ᠬᠡᠷᠡᠭᠲᠡᠢ᠃ ᠦᠢᠯᠡᠳᠦᠯᠴᠡᠨ ᠰᠣᠯᠢᠯᠴᠠᠬᠤ ᠶᠢ ᠴᠢᠬᠤᠯᠠᠴᠢᠯᠠᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠬᠡᠷᠡᠭᠲᠡᠢ᠃ ᠰᠢᠯᠭᠠᠨ ᠦᠨᠡᠯᠡᠬᠦ ᠭᠦᠢᠴᠡᠳᠬᠡᠯ | ᠲᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠵᠢᠱᠢᠶ᠎ᠡ ᠦᠵᠡᠭᠦᠯᠬᠦ ᠲᠤᠭ ᠢ ᠴᠢᠷᠮᠠᠶᠢᠨ ᠡᠭᠦᠳᠬᠦ ᠬᠡᠷᠡᠭᠲᠡᠢ᠃ | ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠭᠤᠯᠤᠯ ᠬᠢᠵᠦ᠂ ᠲᠠᠷᠠᠭᠠᠴᠢ ᠶᠢᠨ | ᠠᠯᠬᠤᠮ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠳᠤ | ᠴᠢᠭᠯᠡᠯ ᠢ ᠲᠣᠳᠣᠷᠬᠠᠶᠢᠯᠠᠵᠤ᠂ ᠰᠡᠳᠬᠢᠮᠵᠢ ᠬᠠᠩᠭᠠᠨ᠎ᠠ᠃ |