ᠮᠠᠯᠴᠢᠨ ᠲᠠᠷᠢᠶᠠᠴᠢᠨ ᠤ ᠢᠳᠡᠰᠢᠨ ᠨᠣᠭᠤᠭ᠎ᠠ ᠳᠠᠷᠢᠬᠤ ᠦᠢᠯᠡᠳᠪᠦᠷᠢᠯᠡᠯ ᠤᠨ ᠴᠢᠳᠠᠪᠤᠷᠢ ᠪᠠ ᠬᠠᠮᠢᠶᠠᠷᠤᠯᠲᠠ ᠶᠢᠨ | ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠦᠷᠢᠶᠡᠨ ᠤ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 2024 ᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠮᠡᠷᠭᠡᠵᠢᠯ ᠢ ᠰᠢᠯᠵᠢᠭᠦᠯᠦᠨ ᠬᠤᠪᠢᠷᠠᠭᠤᠯᠬᠤ ᠪᠡᠯᠡ ᠮᠥᠩᠭᠦ ᠶᠢᠨ ︽ᠬᠦᠢᠲᠡᠨ ᠰᠡᠷᠢᠭᠦᠨ ᠢᠳᠡᠰᠢᠨ | ᠨᠣᠭᠤᠭ᠎ᠠ ᠳᠠᠷᠢᠬᠤ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ︾ ᠲᠥᠷᠥᠯ ᠵᠦᠢᠯ ᠲᠠᠢ ᠤᠶᠠᠯᠳᠤᠭᠤᠯᠤᠨ᠂ | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠲᠤᠰᠬᠠᠢ ᠮᠡᠷᠭᠡᠵᠢᠯᠲᠡᠨ ᠤ ᠪᠦᠯᠬᠦᠮ ᠰᠢᠨ᠎ᠡ ᠵᠠᠮᠤ ᠰᠤᠮᠤ ᠶᠢᠨ ᠬᠤᠭᠤᠯᠠᠢ ᠭᠠᠴᠠᠭ᠎ᠠ ᠳᠤ ᠬᠦᠷᠴᠦ | ᠢᠳᠡᠰᠢᠨ ᠨᠣᠭᠤᠭ᠎ᠠ ᠳᠠᠷᠢᠬᠤ ᠲᠠᠶᠢᠯᠤᠮᠵᠢ ᠬᠢᠪᠡ᠃ | ᠲᠠᠶᠢᠯᠤᠮᠵᠢ ᠳᠤ ᠥᠪᠡᠷᠲᠡᠭᠡᠨ ᠵᠠᠰᠠᠬᠤ ᠣᠷᠣᠨ ᠤ ᠢᠳᠡᠰᠢᠨ ᠪᠤᠷᠴᠠᠭ ᠤᠨ ᠦᠢᠯᠡᠳᠪᠦᠷᠢᠯᠡᠯ ᠤᠨ ᠲᠣᠶᠢᠮᠣ | ᠪᠠᠶᠢᠳᠠᠯ᠂ ᠠᠵᠤ ᠦᠢᠯᠡᠰ ᠤᠨ ᠪᠠᠶᠢᠷᠢᠰᠢᠭᠤᠯᠤᠯᠲᠠ᠂ ᠲᠠᠷᠢᠵᠤ ᠪᠣᠶᠢᠵᠢᠭᠤᠯᠬᠤ ᠭᠤᠣᠯ ᠲᠦᠷᠦᠯ ᠵᠦᠢᠯ ᠪᠣᠯᠣᠨ | ᠲᠠᠷᠢᠵᠤ ᠪᠣᠶᠢᠵᠢᠭᠤᠯᠬᠤ ᠮᠡᠷᠭᠡᠵᠢᠯ ᠵᠡᠷᠭᠡ ᠶᠢ ᠲᠠᠨᠢᠯᠴᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠰᠢᠨ᠎ᠡ ᠰᠣᠷᠭᠤᠭ | ᠰᠣᠩᠭᠢᠨ᠎ᠠ ᠪᠣᠯᠣᠨ ᠵᠠᠳᠠᠭᠠᠢ ᠭᠠᠵᠠᠷ ᠤᠨ ᠡᠪᠦᠯ ᠤᠨ ᠬᠠᠳᠠᠭᠠᠯᠠᠮᠵᠢ ᠶᠢᠨ ᠰᠣᠩᠭᠢᠨ᠎ᠠ ᠲᠠᠷᠢᠬᠤ ᠮᠡᠷᠭᠡᠵᠢᠯ ᠤᠨ | ᠭᠤᠣᠯᠳᠠᠯᠭ᠎ᠠ ᠵᠢᠴᠢ ᠰᠣᠩᠭᠢᠨ᠎ᠠ ᠶᠢᠨ ᠤᠰᠤᠨ ᠪᠣᠷᠳᠣᠭᠤᠷ ᠤᠨ ᠬᠠᠮᠢᠶᠠᠷᠤᠯᠲᠠ ᠪᠣᠯᠣᠨ ᠡᠪᠡᠳᠴᠢᠨ ᠬᠤᠷᠣᠬᠠᠢ ᠶᠢᠨ | ᠬᠥᠨᠥᠭᠡᠯ ᠢ ᠰᠡᠷᠭᠡᠶᠢᠯᠡᠨ ᠵᠠᠰᠠᠬᠤ ᠮᠡᠳᠡᠯᠭᠡ ᠶᠢ ᠵᠢᠭᠠᠵᠤ᠂ ᠲᠠᠷᠢᠮᠠᠯ ᠤᠨ ᠡᠷᠦᠬᠡ ᠳᠤ ᠢᠳᠡᠰᠢᠨ ᠪᠤᠷᠴᠠᠭ ᠪᠣᠯᠣᠨ | ᠰᠣᠩᠭᠢᠨ᠎ᠠ ᠲᠠᠷᠢᠬᠤ ᠬᠠᠮᠢᠶᠠᠷᠤᠯᠲᠠ ᠶᠢᠨ ᠮᠡᠷᠭᠡᠵᠢᠯ ᠢ ᠡᠵᠡᠮᠰᠢᠭᠦᠯᠪᠡ᠃ | ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠲᠤᠰᠬᠠᠢ ᠮᠡᠷᠭᠡᠵᠢᠯᠲᠡᠨ ᠤ ᠪᠦᠯᠬᠦᠮ ᠨᠢ ᠲᠠᠷᠢᠮᠠᠯ ᠤᠨ ᠡᠷᠦᠬᠡ ᠳᠤ | ᠰᠣᠩᠭᠢᠨ᠎ᠠ᠂ ᠢᠳᠡᠰᠢᠨ ᠪᠤᠷᠴᠠᠭ ᠵᠡᠷᠭᠡ ᠢᠳᠡᠰᠢᠨ ᠨᠣᠭᠤᠭᠠᠨ ᠤ ᠦᠷ᠎ᠡ ᠲᠦᠭᠡᠭᠡᠨ ᠥᠭᠴᠦ᠂ ᠬᠤᠯᠪᠣᠭᠳᠠᠯ ᠪᠦᠬᠦᠢ | ᠪᠣᠶᠢᠵᠢᠭᠤᠯᠤᠯᠲᠠ ᠶᠢᠨ ᠵᠢᠯᠣᠭᠤᠳᠤᠯᠭ᠎ᠠ ᠶᠠᠪᠤᠭᠤᠯᠵᠠᠢ᠃ |