ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠭᠠᠳᠠᠨᠠᠬᠢ ᠠᠵᠢᠯ ᠤᠨ ᠪᠠᠶᠢᠴᠠᠭᠠᠯᠲᠠ ᠶᠢᠨ ᠥᠯᠢᠭᠡᠷ ᠠᠪᠬᠤ ᠠᠵᠢᠯ ᠵᠢᠩᠬᠢᠨᠢ ᠪᠠᠷ ᠡᠬᠢᠯᠡᠬᠦᠯᠪᠡ
ᠨᠡᠶᠢᠲᠡᠯᠡᠭᠰᠡᠨ ᠴᠠᠭ᠄
2024/4/9
   4 ᠰᠠᠷ᠎ᠠ ᠶᠢᠨ 7 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠭᠠᠳᠠᠷ ᠠᠵᠢᠯ ᠤᠨ ᠪᠠᠶᠢᠴᠠᠭᠠᠯᠲᠠ ᠶᠢᠨ ᠥᠯᠢᠭᠡᠷ ᠠᠪᠬᠤ ᠠᠵᠢᠯ ᠪᠠᠶᠠᠨᠬᠤᠰᠢᠭᠤ ᠪᠠᠯᠭᠠᠰᠤᠨ ᠤ ᠮᠠ ᠵᠢᠶᠠ ᠽᠢ ᠭᠠᠴᠠᠭ᠎ᠠ ᠳᠤ ᠵᠢᠩᠬᠢᠨᠢ ᠪᠠᠷ ᠡᠬᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠹᠧᠩ ᠵᠢᠶᠠᠨ ᠵᠥᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠡᠬᠢᠯᠡᠯᠲᠡ ᠶᠢᠨ ᠶᠣᠰᠣᠯᠠᠯ ᠤᠨ ᠠᠬᠤᠢ ᠲᠠᠯᠠᠪᠠᠶ᠂ ᠠᠶᠢᠮᠠᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠮᠡᠷᠭᠡᠵᠢᠯ ᠤᠨ ᠬᠠᠷᠢᠭᠤᠴᠠᠯᠭᠠᠲᠠᠨ ᠤ ᠲᠤᠬᠠᠢ ᠶᠢᠨ ᠭᠠᠵᠠᠷ ᠲᠤᠨᠢ ᠬᠥᠷᠥᠰᠥ ᠰᠢᠷᠣᠢ ᠶᠢᠨ ᠥᠯᠢᠭᠡᠷ ᠠᠪᠬᠤ ᠶᠠᠪᠤᠴᠠ ᠳᠠᠬᠢ ᠠᠩᠬᠠᠷᠬᠤ ᠵᠦᠢᠯᠡᠰ ᠢ ᠨᠠᠷᠢᠨ ᠲᠠᠶᠢᠯᠪᠤᠷᠢᠯᠠᠵᠤ᠂ ᠡᠯ᠎ᠡ ᠰᠤᠮᠤ ᠪᠠᠯᠭᠠᠰᠤ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠳᠡᠯᠭᠡᠷᠡᠭᠦᠯᠬᠦ ᠲᠥᠪ ᠤᠨ ᠲᠤᠰᠬᠠᠢ ᠮᠡᠷᠭᠡᠵᠢᠯ ᠤᠨ ᠠᠵᠢᠯᠲᠠᠨ᠂ ᠬᠤᠰᠢᠭᠤᠨ ᠤ ᠭᠤᠷᠪᠠᠨ ᠡᠩ ᠤᠨ ᠠᠯᠪᠠᠨ ᠭᠡᠷ ᠤᠨ ᠠᠵᠢᠯᠲᠠᠨ ᠨᠠᠷᠢᠨ ᠬᠢᠨᠠᠮᠠᠭᠠᠢ ᠰᠤᠷᠤᠯᠴᠠᠯᠭ᠎ᠠ ᠶᠢ ᠦᠵᠡᠵᠦ᠂ ᠦᠷᠭᠦᠯᠵᠢᠯᠡᠨ ᠥᠯᠢᠭᠡᠷ ᠠᠪᠬᠤ᠂ ᠥᠯᠢᠭᠡᠷ ᠬᠢᠬᠦ᠂ ᠰᠢᠯᠵᠢᠭᠦᠯᠬᠦ᠂ ᠬᠠᠳᠠᠭᠠᠯᠠᠬᠤ ᠵᠡᠷᠭᠡ ᠠᠵᠢᠯ ᠤᠨ ᠪᠦᠲᠦᠮᠵᠢᠲᠡᠶ ᠶᠠᠪᠤᠭᠳᠠᠬᠤ ᠶᠢ ᠪᠠᠲᠤᠯᠠᠵᠤ᠂ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃    ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠲᠥᠰᠥᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠬᠤᠰᠢᠭᠤᠨ ᠤ ᠬᠥᠷᠥᠰᠥ ᠰᠢᠷᠣᠢ ᠶᠢᠨ ᠪᠠᠶᠢᠴᠠᠭᠠᠯᠲᠠ ᠶᠢᠨ ᠥᠯᠢᠭᠡᠷ ᠠᠪᠬᠤ ᠴᠡᠭ ᠨᠡᠶᠢᠲᠡ 5278 ᠪᠠᠶᠢᠵᠤ᠂ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ ᠥᠩᠭᠡᠨ ᠳᠠᠪᠬᠤᠷᠭ᠎ᠠ ᠶᠢᠨ ᠥᠯᠢᠭᠡᠷ ᠠᠪᠬᠤ ᠠᠵᠢᠯ ᠢ ᠪᠦᠬᠦᠨ ᠢ ᠪᠡᠶᠡᠯᠡᠭᠦᠯᠦᠨ᠎ᠡ᠃ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠥᠯᠢᠭᠡᠷ ᠠᠪᠬᠤ ᠠᠵᠢᠯ ᠨᠢ ᠪᠥᠬᠦ ᠬᠤᠰᠢᠭᠤᠨ ᠤ ᠬᠥᠷᠥᠰᠥ ᠰᠢᠷᠣᠢ ᠶᠢᠨ ᠦᠢᠯᠡᠳᠪᠦᠷᠢᠯᠡᠯ ᠤᠨ ᠬᠦᠴᠦᠨ ᠤ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号