ᠮᠠᠨ ᠤ ᠤᠷᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠵᠠᠢ
ᠨᠡᠶᠢᠲᠡᠯᠡᠭᠰᠡᠨ ᠴᠠᠭ᠄
2024/4/9
   ᠣᠳᠣᠬᠠᠨ ᠳᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠡᠬᠢᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠬᠤᠳᠠᠯᠳᠤᠨ ᠠᠪᠬᠤ ᠪᠠ ᠪᠣᠷᠣᠯᠠᠭᠤᠯᠬᠤ ᠠᠷᠠᠯᠵᠢᠶ᠎ᠠ ᠢᠳᠡ ᠬᠦᠭ ᠲᠠᠢ ᠶᠠᠪᠤᠭᠳᠠᠵᠤ ᠪᠠᠶᠢᠨ᠎ᠠ᠃ ᠲᠠᠷᠢᠶᠠᠯᠠᠩ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ ᠬᠠᠮᠠᠭᠠᠯᠠᠬᠤ ᠢᠢᠨ ᠲᠥᠯᠥᠭᠡ᠂ ᠣᠶᠢᠷ᠎ᠠ ᠳᠤ᠂ ᠮᠠᠨ ᠤ ᠤᠷᠤᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ  ᠶᠢᠨ ᠰᠠᠯᠠᠭ᠎ᠠ ᠮᠥᠴᠢᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢ ᠲᠥᠪᠯᠡᠷᠡᠭᠦᠯᠦᠨ ᠥᠷᠨᠢᠭᠦᠯᠪᠡ᠃ ᠣᠳᠣᠬᠠᠨ ᠪᠣᠯᠲᠠᠯ᠎ᠠ᠂ ᠪᠥᠬᠦ ᠣᠷᠣᠨ ᠳᠤ 510 ᠬᠢᠮᠢ ᠶᠢᠨ ᠪᠣᠷᠲᠣᠭᠤᠷ᠂ ᠲᠠᠷᠢᠶᠠᠯᠠᠩ ᠤᠨ ᠰᠦᠯᠢᠶᠣᠣ ᠪᠦᠷᠬᠦᠪᠴᠢ ᠳᠤᠰᠤᠯᠭᠠᠨ ᠤᠰᠤᠯᠠᠬᠤ ᠪᠦᠰᠡ ᠶᠢᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠠᠵᠤ ᠠᠬᠤᠶᠢᠯᠠᠯ ᠳᠤ ᠰᠤᠭᠤᠴᠢᠨ ᠪᠠᠶᠢᠴᠠᠭᠠᠯᠳᠠ ᠬᠢᠪᠠ᠃   ᠣᠶᠢᠯᠠᠭᠠᠭᠰᠠᠨ ᠢᠶᠠᠷ᠂ ᠲᠤᠰᠬᠠᠶ ᠪᠠᠶᠢᠴᠠᠭᠠᠯᠲᠠ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠲᠡᠮᠳᠡᠭᠯᠡᠯ᠂ ᠦᠢᠯᠡᠳᠬᠦᠨ ᠢ ᠰᠢᠯᠭᠠᠨ ᠪᠠᠶᠢᠴᠠᠭᠠᠭᠰᠠᠨ ᠲᠡᠮᠳᠡᠭᠯᠡᠯ᠂ ᠬᠢᠷᠢ ᠲᠡᠩᠴᠡᠭᠰᠡᠨ ᠦᠨᠡᠮᠯᠡᠯ ᠵᠢᠴᠢ ᠦᠢᠯᠡᠳᠬᠦᠨ ᠤ ᠬᠤᠯᠪᠣᠭᠳᠠᠯ ᠪᠥᠬᠦᠶ ᠢᠯᠡᠷᠬᠡᠶᠢᠯᠡᠯᠲᠦ ᠲᠡᠮᠳᠡᠭ ᠤᠨ ᠲᠣᠳᠣᠷᠬᠠᠶᠢᠯᠠᠯᠲᠠ ᠵᠡᠷᠭᠡ ᠵᠠᠩᠭᠢᠯᠠᠭ᠎ᠠ ᠶᠢᠨ ᠬᠦᠴᠦᠨ ᠵᠦᠢᠯ ᠢ ᠭᠤᠤᠯᠳᠠᠯᠭ᠎ᠠ ᠲᠠᠢ ᠪᠠᠶᠢᠴᠠᠭᠠᠪᠠ︔ ᠦᠢᠯᠡᠳᠪᠦᠷᠢᠯᠡᠵᠦ ᠪᠣᠷᠣᠯᠠᠭᠤᠯᠬᠤ ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ ᠪᠠ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠲᠣᠬᠢᠷᠠᠭᠤᠯᠤᠭᠰᠠᠨ ᠡᠰᠡᠬᠦ᠂ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ︽ᠬᠤᠶᠠᠷ ᠲᠣᠭᠲᠠᠭᠠᠯ︾ ᠢ ᠨᠠᠶᠢᠳᠠᠪᠤᠷᠢᠵᠢᠭᠤᠯᠤᠭᠰᠠᠨ ᠡᠰᠡᠬᠦ ᠶᠢ ᠪᠠᠶᠢᠴᠠᠭᠠᠪᠠ︔ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠦᠢᠯᠡᠳᠪᠦᠷᠢᠯᠡᠵᠦ ᠪᠣᠷᠣᠯᠠᠭᠤᠯᠬᠤ ᠨᠢᠭᠡᠴᠢ ᠳᠤ ᠤᠬᠠᠭᠤᠯᠭ᠎ᠠ ᠬᠥᠮᠦᠵᠢᠯ ᠥᠷᠨᠢᠭᠦᠯᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠦᠨ᠂ ᠭᠤᠤᠯ ᠴᠤᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠤᠬᠠᠮᠰᠠᠷ ᠠᠴᠠ ᠪᠠᠨ ᠬᠠᠤᠯᠢ ᠶᠢ ᠰᠠᠬᠢᠨ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢ ᠬᠦᠲᠦᠯᠦᠨ ᠵᠢᠯᠤᠭᠤᠳᠴᠤ᠂ ᠶᠠᠰᠤ ᠴᠢᠨᠠᠷ ᠤᠨ ᠠᠶᠤᠯᠭᠦᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃   ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠮᠠᠨ ᠤ ᠤᠷᠤᠨ ᠤ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢᠭᠡᠨᠲᠡ ᠠᠵᠤ ᠠᠬᠤᠶᠢᠯᠠᠯ ᠢ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠠᠵᠤ ᠠᠬᠤᠶᠢᠯᠠᠯ ᠤᠨ ᠦᠢᠯᠡᠳᠪᠦᠷᠢᠯᠡᠯ ᠤᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠳᠤ᠂ ᠬᠠᠤᠯᠢ ᠬᠡᠷᠡᠭᠵᠢᠭᠦᠯᠬᠦ ᠠᠵᠢᠯᠲᠠᠨ ᠶᠠᠰᠤ ᠴᠢᠨᠠᠷ ᠢᠶᠠᠷ ᠬᠠᠪᠰᠤᠷᠤᠨ ᠲᠡᠳᠬᠦᠬᠦ ᠦᠢᠯᠡᠴᠢᠯᠡᠭᠡᠨ ᠤ ᠵᠢᠯᠣᠭᠤᠳᠣᠯᠭ᠎ᠠ ᠬᠢᠪᠡ᠃ ᠡᠭᠦᠨ ᠤ ᠬᠠᠮᠲᠤ᠂ ᠬᠢᠮᠢ ᠶᠢᠨ ᠪᠣᠷᠲᠣᠭᠤᠷ᠂ ᠲᠠᠷᠢᠶᠠᠯᠠᠩ ᠤᠨ ᠰᠦᠯᠢᠶᠣᠣ ᠪᠦᠷᠬᠦᠪᠴᠢ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠦᠢᠯᠡᠳᠪᠦᠷᠢ  ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠷᠴᠠᠭ︾ ᠲᠤ ᠣᠷᠣᠭᠤᠯᠵᠤ᠂ ᠦᠢᠯᠡᠳᠬᠦᠨ ᠤ ᠥᠯᠢᠭᠡᠷ ᠠᠪᠴᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号