ᠮᠢᠩᠭᠠᠨ ᠳ᠋ᠦᠩᠰᠢᠭᠤᠷ ᠵᠢᠩ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠰᠢᠨ᠎ᠡ ᠨᠢᠭᠡ ᠡᠭᠡᠯᠵᠢ ᠶᠢᠨ ᠠᠵᠢᠯᠯᠠᠭ᠎ᠠ ᠶᠢ ᠡᠬᠢᠯᠡᠨ ᠬᠡᠷᠡᠭᠵᠢᠭᠦᠯᠪᠡ — ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠰᠢᠨ᠎ᠡ ᠣᠷᠣᠨ ᠵᠠᠢ ᠶᠢ ᠥᠷᠭᠡᠳᠬᠡᠨ᠎ᠡ
ᠨᠡᠶᠢᠲᠡᠯᠡᠭᠰᠡᠨ ᠴᠠᠭ᠄
2024/4/9
   ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠪᠣᠯ ᠠᠮᠤ ᠪᠤᠳᠠᠭᠠᠨ ᠤ ᠤᠨᠠᠯᠲᠠ ᠶᠢ ᠪᠡᠶᠡᠯᠡᠭᠦᠯᠬᠦ ᠶᠢᠨ ᠰᠠᠭᠤᠷᠢ ᠮᠥᠨ᠃ ᠣᠳᠣᠬᠠᠨ ᠤ ᠭᠠᠷᠤᠯᠲᠠ ᠶᠢ ᠨᠡᠮᠡᠭᠳᠡᠭᠦᠯᠬᠦ ᠬᠦᠴᠢᠷᠳᠡᠯ ᠤᠯᠠᠮ ᠠᠴᠠ ᠤᠯᠠᠮ ᠶᠡᠭᠡ ᠪᠣᠯᠵᠤ ᠪᠠᠶᠢᠭ᠎ᠠ ᠪᠠᠶᠢᠳᠠᠯ ᠳᠣᠣᠷ᠎ᠠ᠂ ᠮᠠᠨ ᠤ ᠤᠯᠤᠰ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠡᠬᠢᠯᠡᠨ ᠬᠡᠷᠡᠭᠵᠢᠭᠦᠯᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ︽ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠰᠥᠯ ︵2024  —  2030 ᠣᠨ︶︾ ᠢ ᠶᠠᠷᠢᠯᠴᠠᠨ ᠪᠠᠲᠤᠯᠠᠪᠠ᠃ ᠣᠳᠣᠬᠠᠨ ᠳᠤ᠂ ᠡᠯ᠎ᠡ ᠭᠠᠵᠠᠷ ᠤᠨ  ᠬᠢᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠭᠠᠷᠭᠠᠬᠤ᠂ ᠬᠠᠩᠭᠠᠯᠭ᠎ᠠ ᠶᠢ ᠨᠡᠮᠡᠭᠳᠡᠭᠦᠯᠬᠦ᠂ ᠬᠠᠩᠭᠠᠯᠭ᠎ᠠ ᠶᠢ ᠰᠢᠯᠢᠳᠡᠭᠵᠢᠭᠦᠯᠬᠦ ᠶᠢ ᠪᠠᠲᠤᠯᠠᠵᠤ ᠪᠠᠶᠢᠨ᠎ᠠ᠃    ᠠᠮᠤ ᠪᠤᠳᠠᠭᠠᠨ ᠤ ᠬᠤᠷᠢᠶᠠᠯᠲᠠ ᠨᠡᠮᠡᠭᠳᠡᠬᠦ ᠪᠣᠭᠤᠮᠢ ᠶᠢᠨ ᠬᠤᠭᠤᠴᠠᠭᠠᠨ ᠳᠤ ᠣᠷᠣᠭᠰᠠᠨ ᠪᠠᠶᠢᠨ᠎ᠠ    ᠭᠤᠣᠯ ᠭᠠᠷᠤᠯᠲᠠ ᠶᠢᠨ ᠣᠷᠣᠨ᠂ ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠭᠤᠣᠯ ᠬᠦᠴᠦᠨ ᠮᠥᠨ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠶᠢᠨ ᠭᠤᠣᠯ ᠬᠤᠪᠢ ᠨᠡᠮᠡᠷᠢ ᠦᠵᠡᠭᠦᠯᠦᠭᠴᠢ ᠮᠥᠨ᠃    ᠵᠢᠶᠠᠩᠰᠢ ᠶᠢᠨ ᠴᠥᠩ ᠷᠧᠨ ᠰᠢᠶᠠᠨ ᠪᠣᠯ ᠪᠦᠬᠦ ᠤᠯᠤᠰ ᠤᠨ ᠠᠮᠤ ᠪᠤᠳᠠᠭᠠᠨ ᠤ ᠭᠠᠷᠤᠯᠲᠠ ᠶᠢᠨ ᠲᠣᠮᠣ ᠰᠢᠶᠠᠨ ᠪᠠᠶᠢᠵᠤ᠂ ᠭᠠᠷᠤᠯᠲᠠ ᠨᠢ ᠤᠯᠠᠨ ᠵᠢᠯ ᠳᠠᠷᠠᠭᠠᠯᠠᠨ 26 ᠲᠦᠮᠡᠨ ᠲᠣᠨ ᠣᠷᠴᠢᠮ ᠲᠣᠭᠲᠠᠪᠤᠷᠢᠵᠢᠵᠤ᠂ ᠭᠠᠷᠤᠯᠲᠠ ᠨᠢ ᠪᠣᠭᠤᠮᠢ ᠶᠢᠨ ᠬᠤᠭᠤᠴᠠᠭᠠᠨ ᠳᠤ ᠣᠷᠣᠪᠠ᠃ ᠲᠣᠰ ᠰᠢᠶᠠᠨ ᠤ ᠳᠡᠳ᠋ ᠳᠠᠷᠤᠭ᠎ᠠ ᠠᠢ ᠴᠢ ᠷᠦᠩ ᠢᠯᠡᠷᠬᠡᠶᠢᠯᠡᠬᠦ ᠳᠡᠭᠡᠨ ᠂ ᠣᠳᠣᠬᠠᠨ ᠳᠤ ᠪᠥᠬᠦ ᠰᠢᠶᠠᠨ ᠤ ᠠᠮᠤ ᠪᠤᠳᠠᠭᠠᠨ ᠤ ᠤᠨᠠᠯᠲᠠ ᠶᠢᠨ ᠨᠡᠮᠡᠭᠳᠡᠯ ᠨᠢ ᠭᠤᠣᠯᠳᠠᠭᠤ ᠤᠰᠤᠨ ᠲᠤᠲᠤᠷᠭ᠎ᠠ ᠶᠢᠨ ᠲᠠᠷᠢᠮᠠᠯ ᠤᠨ ᠠᠰᠢᠭ ᠣᠷᠣᠯᠭ᠎ᠠ ᠣᠯᠠᠨ ᠵᠢᠯ ᠤᠨ ᠲᠤᠷᠰᠢ ᠠᠨᠠᠢ ᠪᠠᠶᠢᠬᠤ᠂ ᠬᠥᠳᠡᠭᠡ ᠲᠣᠰᠬᠤᠨ ᠤ ᠬᠥᠳᠡᠯᠮᠦᠷᠢ ᠬᠦᠴᠦ ᠳᠤᠲᠠᠭᠳᠠᠵᠤ ᠪᠠᠶᠢᠬᠤ ᠮᠥᠷᠲᠡᠭᠡᠨ ᠨᠠᠰᠤᠵᠢᠯᠲᠠ ᠬᠦᠨᠳᠦ ᠨᠣᠴᠢᠲᠠᠢ ᠪᠠᠶᠢᠬᠤ᠂ ᠲᠠᠷᠢᠶᠠᠨ ᠭᠠᠵᠠᠷ ᠪᠠᠭ᠎ᠠ ᠮᠥᠷᠲᠡᠭᠡᠨ ᠦᠢᠯᠡᠳᠪᠦᠷᠢᠯᠡᠯ ᠤᠨ ᠬᠡᠪᠴᠢᠶ᠎ᠡ ᠪᠠᠭ᠎ᠠ ᠪᠠᠶᠢᠬᠤ᠂ ᠣᠲᠣ ᠦᠶ᠎ᠡ ᠶᠢᠨ ᠲᠠᠷᠢᠶᠠᠯᠠᠩ ᠤᠨ ᠮᠡᠷᠭᠡᠵᠢᠯ ᠤᠨ ᠲᠣᠬᠢᠷᠠᠭᠤᠯᠤᠯᠲᠠ ᠶᠢᠨ ᠬᠡᠮᠵᠢᠶ᠎ᠡ ᠬᠦᠷᠦᠯᠴᠡᠬᠦ ᠦᠭᠡᠢ ᠪᠠᠶᠢᠬᠤ᠂ ᠲᠤᠲᠤᠷᠭ᠎ᠠ ᠳᠠᠷᠢᠬᠤ ᠶᠢ ᠰᠡᠷᠭᠦᠭᠡᠬᠦ ᠲᠥᠷᠥ ᠶᠢᠨ ᠪᠣᠳᠣᠯᠭ᠎ᠠ ᠶᠢᠨ ᠢᠵᠢ ᠪᠦᠷᠢᠳᠦᠭᠡᠳᠦᠢ ᠪᠠᠶᠢᠬᠤ ᠵᠡᠷᠭᠡ ᠬᠦᠴᠦᠨ ᠵᠦᠢᠯ ᠤᠨ ᠬᠢᠵᠠᠭᠠᠷᠯᠠᠯ ᠠᠴᠠ ᠪᠣᠯᠵᠤ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ ᠭᠡᠵᠡᠢ᠃    ᠴᠥᠩ ᠷᠧᠨ ᠰᠢᠶᠠᠨ ᠢᠶᠠᠷ ᠵᠣᠭᠰᠣᠬᠤ ᠦᠭᠡᠢ᠂ ᠪᠦᠬᠦ ᠤᠯᠤᠰ ᠤᠨ ᠮᠠᠰᠢ ᠤᠯᠠᠨ ᠭᠠᠵᠠᠷ ᠣᠷᠣᠨ ᠤ ᠠᠮᠤ ᠪᠤᠳᠠᠭᠠᠨ ᠤ ᠤᠨᠠᠯᠲᠠ ᠶᠢᠨ ᠨᠡᠮᠡᠭᠳᠡᠯ ᠴᠦ ᠪᠣᠭᠤᠮᠢ ᠶᠢᠨ ᠬᠤᠭᠤᠴᠠᠭᠠᠨ ᠳᠠᠭᠠᠨ ᠣᠷᠣᠭᠰᠠᠨ ᠪᠠᠶᠢᠨ᠎ᠠ᠃ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ᠂ ᠫᠷᠤᠹᠧᠰᠰᠤᠷ ᠯᠢ ᠵᠢᠶᠦ᠋ᠨ ᠤ ᠦᠵᠡᠬᠦ ᠪᠠᠷ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠬᠦᠴᠢᠷᠳᠡᠯ ᠤᠯᠠᠮ ᠠᠴᠠ ᠤᠯᠠᠮ ᠶᠡᠭᠡ ᠪᠣᠯᠵᠤ ᠪᠠᠶᠢᠭ᠎ᠠ ᠨᠢ ᠣᠲᠣ ᠪᠠᠶᠢᠭ᠎ᠠ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢᠨ ᠤᠨᠠᠯᠲᠠ ᠶᠢ ᠨᠡᠮᠡᠭᠳᠡᠭᠦᠯᠬᠦ ᠳᠠᠯᠳᠠ ᠬᠦᠴᠦᠨ ᠨᠢᠭᠡᠨᠲᠡ ᠭᠦᠢᠴᠡᠳ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠨᠢ ᠲᠤᠬᠠᠢ ᠶᠢᠨ ᠦᠶ᠎ᠡ ᠶᠢᠨ ᠡᠬᠢ ᠪᠠᠶᠠᠯᠢᠭ᠂ ᠣᠷᠴᠢᠨ ᠠᠬᠤᠢ᠂ ᠠᠵᠤ ᠠᠬᠤᠢ᠂ ᠲᠧᠭᠨᠢᠭ ᠮᠡᠷᠭᠡᠵᠢᠯ ᠤᠨ ᠨᠥᠬᠦᠴᠡᠯ ᠢᠶᠠᠷ ᠲᠣᠭᠲᠠᠭᠠᠭᠳᠠᠳᠠᠭ᠂ ᠦᠢᠯᠡᠳᠪᠦᠷᠢᠯᠡᠯ ᠤᠨ ᠴᠢᠳᠠᠪᠤᠷᠢ ᠶᠢᠨ ᠳᠡᠭᠡᠭᠰᠢᠯᠡᠯᠲᠡ ᠪᠣᠯ ᠨᠢᠭᠡᠨ ᠲᠠᠰᠤᠷᠠᠯᠲᠠ ᠦᠭᠡᠢ ᠬᠤᠷᠠᠮᠳᠤᠭᠤᠯᠬᠤ ᠪᠠ ᠪᠦᠲᠦᠭᠡᠨ ᠪᠠᠶᠢᠭᠤᠯᠬᠤ ᠶᠠᠪᠤᠴᠠ ᠮᠥᠨ᠃ ᠤᠳᠠᠭ᠎ᠠ ᠪᠦᠷᠢ ᠶᠢᠨ ᠠᠮᠤ ᠪᠤᠳᠠᠭᠠᠨ ᠤ ᠦᠢᠯᠡᠳᠪᠦᠷᠢᠯᠡᠯ ᠤᠨ ᠣᠷᠣᠨ ᠵᠠᠢ ᠶᠢ ᠥᠷᠭᠡᠳᠬᠡᠬᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠳᠦᠷᠢᠮ ᠤᠨ ᠰᠢᠨ᠎ᠡ ᠶᠢ ᠡᠭᠦᠳᠬᠦ ᠨᠢ ᠴᠥᠮ ᠠᠮᠤ ᠪᠤᠳᠠᠭᠠᠨ ᠤ ᠤᠨᠠᠯᠲᠠ ᠶᠢᠨ ᠴᠢᠬᠤᠯᠠ ᠶᠡᠭᠡ ᠰᠢᠪᠲᠤᠯᠤᠯᠲᠠ ᠶᠢ ᠪᠤᠢ ᠪᠣᠯᠭᠠᠬᠤ ᠶᠤᠮ᠃    ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠰᠢ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠢᠯᠡᠳᠲᠡ ᠳᠡᠭᠡᠭᠰᠢᠯᠡᠵᠦ᠂ ᠠᠮᠤ ᠪᠤᠳᠠᠭᠠᠨ ᠤ ᠤᠨᠠᠯᠲᠠ 1949 ᠣᠨ ᠳᠤ 2000 ᠭᠠᠷᠤᠢ ᠳ᠋ᠦᠩᠰᠢᠭᠤᠷ ᠵᠢᠩ ᠪᠠᠶᠢᠭᠰᠠᠨ ᠠᠴᠠ ᠪᠠᠨ 2023 ᠣᠨ ᠳᠤ 13908 ᠳ᠋ᠦᠩᠰᠢᠭᠤᠷ ᠵᠢᠩ ᠪᠣᠯᠣᠨ ᠳᠡᠭᠡᠭᠰᠢᠯᠡᠵᠡᠢ᠃ 70 ᠭᠠᠷᠤᠢ ᠵᠢᠯ ᠤᠨ ᠳᠣᠲᠣᠷ᠎ᠠ᠂ ᠠᠮᠤ ᠪᠤᠳᠠᠭᠠᠨ ᠤ ᠤᠨᠠᠯᠲᠠ ᠣᠯᠠᠨ ᠤᠳᠠᠭ᠎ᠠ ᠪᠣᠭᠤᠮᠢ ᠶᠢᠨ ᠬᠤᠭᠤᠴᠠᠭᠠᠨ ᠳᠤ ᠣᠷᠣᠭᠰᠠᠨ ᠪᠠᠶᠢᠨ᠎ᠠ᠃ ᠵᠢᠱᠢᠶᠡᠯᠡᠪᠡᠯ᠂ 1952 ᠣᠨ ᠳᠤ ᠠᠮᠤ ᠪᠤᠳᠠᠭᠠᠨ ᠤ ᠤᠨᠠᠯᠲᠠ 3000 ᠳ᠋ᠦᠩᠰᠢᠭᠤᠷ ᠵᠢᠩ ᠢ ᠳᠠᠪᠠᠭᠰᠠᠨ ᠤ ᠳᠠᠷᠠᠭ᠎ᠠ᠂ 1966 ᠣᠨ ᠪᠣᠯᠬᠤ ᠳᠤ ᠰᠠᠶ᠋ᠢ 4000 ᠳ᠋ᠦᠩᠰᠢᠭᠤᠷ ᠵᠢᠩ ᠢ ᠳᠠᠪᠠᠭᠰᠠᠨ ᠪᠠᠶᠢᠨ᠎ᠠ᠃ 1993 ᠣᠨ ᠳᠤ 9000 ᠳ᠋ᠦᠩᠰᠢᠭᠤᠷ ᠵᠢᠩ ᠢ ᠳᠠᠪᠠᠭᠰᠠᠨ ᠤ ᠳᠠᠷᠠᠭᠠᠬᠢ 14 ᠵᠢᠯ ᠤᠨ ᠬᠤᠭᠤᠴᠠᠭᠠᠨ ᠳᠤ᠂ ᠠᠮᠤ ᠪᠤᠳᠠᠭᠠᠨ ᠤ ᠤᠨᠠᠯᠲᠠ ᠤᠯᠠᠨ ᠤᠳᠠᠭ᠎ᠠ 1 ᠲᠦᠮᠡᠨ ᠳ᠋ᠦᠩᠰᠢᠭᠤᠷ ᠵᠢᠩ ᠳᠤ ᠬᠦᠷᠴᠦ᠂ ᠪᠠᠰᠠ ᠤᠯᠠᠨ ᠤᠳᠠᠭ᠎ᠠ ᠬᠡᠯᠪᠡᠯᠵᠡᠨ ᠪᠠᠭᠤᠷᠠᠵᠤ᠂ 2007 ᠣᠨ ᠪᠣᠯᠬᠤ ᠳᠤ ᠲᠠᠬᠢᠭᠠᠳ 1 ᠲᠦᠮᠡᠨ ᠳ᠋ᠦᠩᠰᠢᠭᠤᠷ ᠵᠢᠩ ᠤᠨ ᠳᠡᠭᠲᠡᠷ ᠲᠤ ᠭᠠᠷᠪᠠ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 2009 ᠣᠨ ᠳᠤ ᠮᠠᠨ ᠤ ᠤᠯᠤᠰ ︽ᠪᠦᠬᠦ ᠤᠯᠤᠰ ᠲᠤ 1000 ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠬᠦ ᠲᠥᠯᠦᠪᠵᠢᠭᠦᠯᠭᠡ ︵2009 — 2020 ᠣᠨ︶︾ ᠶᠢ ᠡᠬᠢᠯᠡᠨ ᠬᠡᠷᠡᠭᠵᠢᠭᠦᠯᠵᠦ᠂ ᠠᠮᠤ ᠪᠤᠳᠠᠭᠠᠨ ᠤ ᠤᠨᠠᠯᠲᠠ ᠵᠠᠯᠭᠠᠭ᠎ᠠ ᠪᠠᠷ 1.1 ᠲᠦᠮᠡᠨ ᠳ᠋ᠦᠩᠰᠢᠭᠤᠷ ᠵᠢᠩ᠂ 1.2 ᠲᠦᠮᠡᠨ ᠳ᠋ᠦᠩᠰᠢᠭᠤᠷ ᠵᠢᠩ᠂ 1.3 ᠲᠦᠮᠡᠨ ᠳ᠋ᠦᠩᠰᠢᠭᠤᠷ ᠵᠢᠩ ᠤᠨ ᠳᠡᠭᠲᠡᠷ ᠲᠤ ᠭᠠᠷᠪᠠ᠃    ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠰᠢᠨ᠎ᠡ ᠨᠢᠭᠡ ᠡᠭᠡᠯᠵᠢ ᠶᠢᠨ ᠠᠵᠢᠯᠯᠠᠭ᠎ᠠ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠃  ᠯᠢ ᠵᠢᠶᠦ᠋ᠨ ᠬᠡᠯᠡᠭᠰᠡᠨ ᠨᠢ᠂ ᠣᠳᠣᠬᠠᠨ ᠳᠤ ᠳᠡᠯᠡᠬᠡᠢ  ᠶᠢᠨ ᠪᠠᠶᠢᠳᠠᠯ ᠤᠨ ᠲᠣᠭᠲᠠᠪᠤᠷᠢ ᠦᠭᠡᠢ ᠴᠢᠨᠠᠷ ᠨᠡᠮᠡᠭᠳᠡᠵᠦ᠂ ᠤᠯᠤᠰ ᠤᠨ ᠳᠣᠲᠣᠭᠠᠳᠤ  ᠶᠢᠨ ᠠᠮᠤ ᠪᠤᠳᠠᠭᠠᠨ ᠤ ᠬᠡᠷᠡᠭᠴᠡᠭᠡ  ᠶᠢᠨ ᠵᠠᠶᠢᠯᠠᠰᠢ ᠦᠭᠡᠢ ᠨᠡᠮᠡᠭᠳᠡᠯ ᠪᠣᠯᠣᠨ ᠭᠠᠷᠤᠯᠲᠠ  ᠶᠢᠨ ᠨᠡᠮᠡᠭᠳᠡᠯ ᠤᠨ ᠬᠦᠴᠢᠷᠳᠡᠯ ᠵᠡᠷᠭᠡ ᠪᠠᠷ ᠣᠷᠣᠰᠢᠵᠤ᠂ ᠠᠮᠤ ᠪᠤᠳᠠᠭᠠᠨ ᠤ ᠬᠠᠩᠭᠠᠯᠭ᠎ᠠ ᠬᠡᠷᠡᠭᠴᠡᠭᠡ ᠤᠷᠲᠤ ᠬᠤᠭᠤᠴᠠᠭ᠎ᠠ ᠪᠠᠷ ᠪᠠᠴᠢᠮ ᠪᠥᠭᠡᠳ ᠲᠡᠩᠴᠡᠭᠦᠷᠢᠲᠡᠢ ᠪᠠᠶᠢᠨ᠎ᠠ᠃ ᠭᠠᠭᠴᠠ ᠬᠦ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠪᠣᠭᠤᠮᠢ ᠶᠢ ᠰᠢᠪᠲᠤᠯᠵᠤ᠂ ᠠᠮᠤ ᠪᠤᠳᠠᠭᠠᠨ ᠤ ᠤᠨᠠᠯᠲᠠ ᠶᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠦᠨᠡᠨ ᠬᠦ ᠪᠠᠲᠤᠯᠠᠪᠠᠯ ᠰᠠᠶ᠋ᠢ ᠤᠯᠤᠰ ᠤᠨ ᠳᠣᠲᠣᠭᠠᠳᠤ ᠶᠢᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠠᠮᠤ ᠪᠤᠳᠠᠭᠠᠨ ᠤ ᠬᠡᠷᠡᠭᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠤᠯᠤᠰ ᠤᠨ ᠳᠣᠲᠣᠭᠠᠳᠤ ᠶᠢᠨ ᠠᠮᠤ ᠪᠤᠳᠠᠭᠠᠨ ᠤ ᠲᠣᠭᠲᠠᠭᠤᠨ ᠬᠠᠩᠭᠠᠯᠭ᠎ᠠ ᠶᠢᠨ ᠲᠣᠭᠲᠠᠭᠠᠯᠲᠤ ᠴᠢᠨᠠᠷ ᠢᠶᠠᠷ ᠭᠠᠳᠠᠭᠠᠳᠤ ᠣᠷᠴᠢᠨ ᠨᠥᠬᠦᠴᠡᠯ ᠤᠨ ᠲᠣᠭᠲᠠᠭᠠᠯᠲᠤ ᠪᠤᠰᠤ ᠴᠢᠨᠠᠷ ᠢ ᠠᠷᠭᠠᠴᠠᠵᠤ ᠴᠢᠳᠠᠨ᠎ᠠ᠃    ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ    ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠬᠦ ᠳᠤ᠂ ᠡᠷᠬᠡᠪᠰᠢ ᠲᠠᠷᠢᠶᠠᠨ ᠭᠠᠵᠠᠷ ᠭᠡᠬᠦ ᠡᠨᠡᠬᠦ ᠲᠣᠮᠣ ᠶᠠᠪᠤᠳᠠᠯ ᠢ ᠰᠠᠶᠢᠲᠤᠷ ᠬᠢᠵᠦ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠤᠵᠢᠷᠯᠢᠭ ᠭᠠᠵᠠᠷ ᠢ ᠨᠡᠭᠡᠭᠡᠨ ᠬᠥᠭᠵᠢᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠣᠷᠣᠨ ᠵᠠᠢ ᠶᠢ ᠥᠷᠭᠡᠳᠬᠡᠬᠦ ᠬᠡᠷᠡᠭᠲᠡᠢ᠃ ᠠᠢ ᠴᠢ ᠷᠦᠩ ᠬᠡᠯᠡᠬᠦ ᠳᠡᠭᠡᠨ᠂ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠴᠢᠩᠭ᠎ᠠ ᠰᠠᠬᠢᠬᠤ ᠪᠠ ᠲᠠᠷᠢᠶᠠᠨ ᠭᠠᠵᠠᠷ ᠢ ᠠᠲᠠᠷᠰᠢᠭᠤᠯᠬᠤ ᠶᠢ ᠬᠤᠷᠢᠭᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠠᠮᠤ ᠪᠤᠳᠠᠭᠠᠨ ᠤ ᠦᠢᠯᠡᠳᠪᠦᠷᠢᠯᠡᠯ ᠳᠤ ᠬᠡᠷᠡᠭᠯᠡᠬᠦ ᠶᠢ ᠪᠠᠲᠤᠯᠠᠵᠤ᠂ ︽ᠬᠤᠶᠠᠷ ᠤᠯᠠᠷᠢᠯ ᠤᠨ ᠲᠤᠲᠤᠷᠭ᠎ᠠ︾ ᠶᠢ ᠤᠷᠢᠳᠠᠪᠠᠷ ᠳᠠᠷᠢᠬᠤ ᠬᠡᠷᠡᠭᠲᠡᠢ᠃ ᠤᠯᠠᠷᠢᠯ ᠤᠨ ᠴᠢᠨᠠᠷᠲᠠᠢ ᠪᠠᠷ ᠠᠲᠠᠷᠰᠢᠭᠤᠯᠤᠭᠰᠠᠨ ᠪᠠ ᠵᠢᠯ ᠲᠤᠷᠰᠢ ᠠᠲᠠᠷᠰᠢᠭᠤᠯᠤᠭᠰᠠᠨ ᠲᠠᠷᠢᠶᠠᠨ ᠭᠠᠵᠠᠷ ᠢ ᠪᠣᠯ᠂ ᠤᠤᠯ ᠤᠨ ᠳᠠᠭᠠᠭᠠᠴᠢᠯᠠᠭᠰᠠᠨ ᠡᠷᠦᠬᠡ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠡᠷᠬᠡ ᠶᠢ ᠪᠠᠲᠤᠯᠠᠭᠰᠠᠨ ᠤᠷᠢᠲᠠᠯ ᠳᠣᠣᠷ᠎ᠠ᠂ ᠭᠠᠴᠠᠭᠠᠨ ᠤ ᠬᠠᠮᠲᠤ ᠨᠡᠶᠢᠲᠡ ᠠᠴᠠ ᠵᠣᠬᠢᠴᠠᠭᠤᠯᠵᠤ᠂ ᠣᠷᠣᠯᠠᠨ ᠳᠠᠷᠢᠵᠤ ᠣᠷᠣᠯᠠᠨ ᠳᠠᠷᠢᠬᠤ᠂ ᠲᠥᠪᠯᠡᠷᠡᠭᠦᠯᠦᠨ ᠡᠷᠭᠢᠯᠲᠡ ᠳᠤ ᠣᠷᠣᠭᠤᠯᠬᠤ ᠵᠡᠷᠭᠡ ᠬᠡᠯᠪᠡᠷᠢ ᠪᠠᠷ ᠦᠢᠯᠡᠳᠪᠦᠷᠢᠯᠡᠯ ᠢᠶᠠᠨ ᠥᠷᠨᠢᠭᠦᠯᠵᠦ ᠪᠣᠯᠣᠨ᠎ᠠ︔ ᠤᠰᠤᠨ ᠤ ᠰᠤᠷᠪᠤᠯᠵᠢ ᠶᠢᠨ ᠨᠥᠬᠦᠴᠡᠯ ᠢᠶᠠᠷ ᠪᠠᠷᠤᠭᠲᠠᠢ᠂ ᠪᠤᠶᠢᠳᠠ ᠪᠥᠭᠯᠡᠭᠦᠦ ᠠᠭᠤᠯᠠᠷᠬᠠᠭ ᠣᠷᠣᠨ᠂ ᠭᠠᠵᠠᠷ ᠤᠨ ᠬᠦᠴᠦᠨ ᠤ ᠨᠥᠬᠦᠴᠡᠯ ᠢᠶᠠᠷ ᠪᠠᠷᠤᠭᠲᠠᠢ᠂ ᠮᠠᠰᠢᠨ ᠢᠶᠠᠷ ᠠᠵᠢᠯᠯᠠᠬᠤ ᠳᠤ ᠨᠡᠯᠢᠶᠡᠳ ᠬᠦᠴᠢᠷᠲᠡᠢ ᠲᠠᠷᠢᠶᠠᠨ ᠭᠠᠵᠠᠷ ᠲᠤ ᠲᠠᠷᠢᠶᠠᠴᠢᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠡᠷᠳᠡᠨᠢ ᠰᠢᠰᠢ᠂ ᠲᠥᠮᠥᠰᠥ ᠶᠢᠨ ᠲᠦᠷᠦᠯ᠂ ᠰᠢᠷ᠎ᠠ ᠪᠤᠷᠴᠠᠭ ᠵᠡᠷᠭᠡ ᠥᠨᠳᠥᠷ ᠪᠦᠲᠦᠮᠵᠢᠲᠡᠶ ᠪᠥᠭᠡᠳ ᠲᠣᠭᠲᠠᠭᠤᠨ ᠬᠤᠷᠢᠶᠠᠯᠲᠠ ᠲᠠᠢ ᠠᠮᠤ ᠪᠤᠳᠠᠭᠠᠨ ᠤ ᠲᠠᠷᠢᠮᠠᠯ ᠳᠠᠷᠢᠭᠤᠯᠵᠤ᠂ ᠠᠮᠤ ᠪᠤᠳᠠᠭᠠᠨ ᠤ ᠲᠠᠯᠠᠪᠠᠢ ᠪᠠ ᠤᠨᠠᠯᠲᠠ ᠶᠢᠨ ᠪᠦᠲᠦᠮᠵᠢᠲᠡᠶ ᠨᠥᠬᠦᠪᠦᠷᠢ ᠪᠣᠯᠭᠠᠨ᠎ᠠ᠃    ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠵᠠᠩᠭᠢᠯᠠᠭ᠎ᠠ ᠨᠢ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠨ᠎ᠡ᠃ ᠮᠠᠨ ᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠬᠤᠪᠢ ᠨᠡᠮᠡᠷᠢ ᠶᠢᠨ ᠨᠤᠷᠮ᠎ᠠ 63% ᠶᠢ ᠳᠠᠪᠠᠵᠤ᠂ ᠲᠠᠷᠢᠶᠠᠯᠠᠩ ᠤᠨ ᠲᠠᠷᠢᠶᠠᠯᠠᠵᠤ ᠬᠤᠷᠢᠶᠠᠬᠤ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠤᠷᠮ᠎ᠠ 73% ᠳᠤ ᠬᠦᠷᠴᠦ᠂ ᠲᠠᠷᠢᠮᠠᠯ ᠤᠨ ᠰᠠᠶᠢᠨ ᠦᠷ᠎ᠡ ᠶᠢᠨ ᠪᠦᠷᠬᠦᠴᠡ ᠶᠢᠨ ᠨᠤᠷᠮ᠎ᠠ 96% ᠶᠢ ᠳᠠᠪᠠᠵᠤ᠂ ᠰᠠᠶᠢᠨ ᠦᠷ᠎ᠡ ᠶᠢᠨ ᠲᠠᠷᠢᠶᠠᠯᠠᠩ ᠤᠨ ᠤᠨᠠᠯᠲᠠ ᠶᠢ ᠨᠡᠮᠡᠭᠳᠡᠭᠦᠯᠬᠦ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ 45% ᠳᠤ ᠬᠦᠷᠴᠡᠢ᠂ ᠭᠡᠪᠡᠴᠦ ᠪᠠᠰᠠ ᠮᠠᠰᠢ ᠶᠡᠭᠡ ᠳᠡᠭᠡᠭᠰᠢᠯᠡᠬᠦ ᠣᠷᠣᠨ ᠵᠠᠢ ᠲᠠᠢ ᠪᠠᠶᠢᠨ᠎ᠠ᠃ ᠯᠢ ᠵᠢᠶᠦ᠋ᠨ ᠤ ᠦᠵᠡᠬᠦ ᠪᠠᠷ᠂ ᠬᠥᠳᠡᠭᠡ ᠠᠵᠤ ᠠᠬᠤᠢ ᠶᠢᠨ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠦᠷᠭᠡᠳᠬᠡᠨ ᠠᠬᠢᠭᠤᠯᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠨᠢᠭᠡ ᠪᠦᠯᠦᠭ ᠥᠨᠳᠥᠷ ᠤᠨᠠᠯᠲᠠ ᠲᠠᠢ ᠲᠣᠰᠣ ᠶᠡᠬᠡᠲᠡᠢ ᠰᠢᠷ᠎ᠠ ᠪᠤᠷᠴᠠᠭ᠂ ᠦᠷᠡᠵᠢᠯ ᠤᠨ ᠣᠬᠤᠷ ᠬᠤᠭᠤᠴᠠᠭᠠᠨ ᠤ ᠰᠢᠯᠢᠮᠳᠡᠭ᠂ ᠳᠠᠬᠢᠯᠲᠠ ᠲᠤᠲᠤᠷᠭ᠎ᠠ᠂ ᠬᠤᠵᠢᠷ ᠲᠤ ᠲᠡᠰᠪᠦᠷᠢᠲᠡᠢ ᠲᠠᠷᠢᠮᠠᠯ ᠵᠡᠷᠭᠡ ᠰᠢᠨ᠎ᠡ ᠡᠭᠦᠯᠳᠡᠷ ᠢ ᠰᠤᠳᠤᠯᠤᠨ ᠨᠡᠭᠡᠭᠡᠵᠦ ᠪᠣᠶᠢᠵᠢᠭᠤᠯᠪᠠᠯ ᠵᠣᠬᠢᠨ᠎ᠠ᠃ ᠲᠠᠷᠢᠶᠠᠯᠠᠩ ᠤᠨ ᠮᠠᠰᠢᠨ ᠲᠣᠨᠣᠭᠯᠠᠯ ᠤᠨ ᠳᠤᠲᠠᠭᠤᠳᠠᠯ ᠢ ᠨᠥᠬᠦᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ᠳᠣᠪᠣᠷᠬᠠᠭ ᠠᠭᠤᠯᠠᠷᠬᠠᠭ ᠭᠠᠵᠠᠷ ᠤᠨ ᠲᠷᠠᠺᠲ᠋ᠣᠷ ᠂ 300 ᠮᠣᠷᠢᠨ ᠬᠦᠴᠦᠨ ᠤ ᠲᠠᠰ ᠤᠨ ᠲᠠᠰ ᠦᠭᠡᠢ ᠬᠤᠷᠳᠤᠴᠠ ᠥᠭᠡᠷᠡᠴᠢᠯᠡᠬᠦ ᠲᠷᠠᠺᠲ᠋ᠣᠷ᠂ ᠳᠠᠬᠢᠯᠲᠠ ᠲᠤᠲᠤᠷᠭ᠎ᠠ ᠬᠤᠷᠢᠶᠠᠬᠤ ᠮᠠᠰᠢᠨ ᠵᠡᠷᠭᠡ ᠮᠠᠰᠢᠨ ᠮᠧᠬᠠᠨᠢᠭ ᠢ ᠰᠤᠳᠤᠯᠤᠨ ᠦᠢᠯᠡᠳᠴᠦ ᠳᠡᠯᠭᠡᠷᠡᠭᠦᠯᠬᠦ ᠲᠠᠯ᠎ᠠ ᠪᠠᠷ ᠰᠢᠪᠲᠤᠯᠤᠯᠲᠠ ᠲᠠᠢ ᠪᠣᠯᠭᠠᠬᠤ ᠶᠢ ᠲᠦᠯᠬᠢᠨ ᠠᠬᠢᠭᠤᠯᠤᠨ᠎ᠠ᠃    ᠪᠣᠬᠢᠷᠲᠤᠯ ᠦᠭᠡᠢ ᠪᠣᠯ ᠬᠥᠳᠡᠭᠡ ᠠᠵᠤ ᠠᠬᠤᠢ ᠶᠢᠨ ᠰᠠᠭᠤᠷᠢ ᠥᠩᠭᠡ᠂ ᠠᠮᠢ ᠠᠬᠤᠢ ᠪᠣᠯ ᠬᠥᠳᠡᠭᠡ ᠠᠵᠤ ᠠᠬᠤᠢ ᠶᠢᠨ ᠰᠠᠭᠤᠷᠢ ᠪᠣᠯᠣᠨ᠎ᠠ᠃ ᠥᠩᠭᠡᠷᠡᠭᠰᠡᠨ ᠳᠤ ᠮᠠᠨ ᠤ ᠤᠯᠤᠰ ᠤᠨ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠳᠤ ᠡᠬᠢ ᠪᠠᠶᠠᠯᠢᠭ ᠣᠷᠴᠢᠨ ᠠᠬᠤᠢ ᠶᠢ ᠦᠷᠡᠭᠳᠡᠭᠦᠯᠬᠦ ᠪᠠᠷ ᠦᠨ᠎ᠡ ᠲᠥᠯᠥᠪᠦᠷᠢ ᠪᠣᠯᠭᠠᠵᠤ᠂ ᠤᠰᠤᠨ ᠤ ᠡᠬᠢ ᠪᠠᠶᠠᠯᠢᠭ ᠬᠦᠨᠳᠦ ᠨᠣᠴᠢᠲᠠᠢ ᠳᠤᠲᠠᠭᠳᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠮᠠᠭᠤᠳᠠᠵᠤ᠂ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠬᠡᠴᠡᠭᠦᠳᠡᠵᠦ ᠪᠠᠶᠢᠪᠠ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠶᠠᠯᠠᠩ ᠤᠨ ᠮᠡᠳᠡᠭᠡ ᠵᠠᠩᠭᠢ ᠰᠤᠳᠤᠯᠬᠤ ᠭᠠᠵᠠᠷ ᠤᠨ ᠰᠤᠳᠤᠯᠤᠭᠴᠢ᠂ ᠣᠯᠠᠨ ᠤᠯᠤᠰ ᠤᠨ ᠨᠢᠭᠤᠴᠠ ᠮᠡᠳᠡᠭᠡ ᠰᠤᠳᠤᠯᠬᠤ ᠲᠠᠰᠤᠭ ᠤᠨ ᠡᠷᠬᠢᠯᠡᠭᠴᠢ ᠵᠠᠩ ᠰᠢᠤᠸᠠᠢ ᠪᠢᠶᠣᠣ ᠢᠯᠡᠷᠬᠡᠶᠢᠯᠡᠬᠦ ᠳᠡᠭᠡᠨ᠂ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠳᠤᠮᠳᠠ᠂ ᠡᠷᠬᠡᠪᠰᠢ ᠦᠢᠯᠡᠳᠪᠦᠷᠢᠯᠡᠯ ᠪᠠ ᠠᠮᠢ ᠠᠬᠤᠢ ᠶᠢ ᠵᠡᠷᠭᠡᠪᠡᠷ ᠠᠳᠬᠤᠬᠤ ᠬᠡᠷᠡᠭᠲᠡᠢ᠂ ᠡᠬᠢ ᠪᠠᠶᠠᠯᠢᠭ ᠢ ᠬᠡᠲᠦᠷᠬᠡᠢ ᠬᠤᠷᠣᠭᠳᠠᠭᠤᠯᠬᠤ᠂ ᠣᠷᠴᠢᠨ ᠠᠬᠤᠢ ᠶᠢ ᠡᠪᠳᠡᠬᠦ ᠬᠠᠭᠤᠴᠢᠨ ᠵᠠᠮ ᠢᠶᠠᠷ ᠵᠠᠮᠨᠠᠵᠤ ᠪᠣᠯᠬᠤ ᠦᠭᠡᠢ᠂ ᠬᠠᠷᠢᠨ ᠡᠬᠢ ᠪᠠᠶᠠᠯᠢᠭ ᠢ ᠠᠷᠪᠢᠯᠠᠬᠤ᠂ ᠣᠷᠴᠢᠨ ᠠᠬᠤᠢ ᠨᠥᠬᠦᠷᠰᠡᠭ ᠪᠠᠶᠢᠬᠤ ᠰᠢᠨ᠎ᠡ ᠵᠠᠮ ᠢᠶᠠᠷ ᠵᠠᠮᠨᠠᠵᠤ᠂ ᠪᠣᠬᠢᠷᠲᠤᠯ ᠦᠭᠡᠢ ᠠᠮᠢ ᠠᠬᠤᠢ ᠶᠢᠨ ᠲᠠᠷᠢᠶᠠᠯᠠᠩ ᠢ ᠬᠥᠭᠵᠢᠭᠦᠯᠵᠦ᠂ ᠣᠷᠣᠭᠤᠯᠤᠯᠲᠠ ᠶᠢᠨ ᠡᠳ᠋ ᠤᠨ ᠬᠡᠮᠵᠢᠶ᠎ᠡ ᠶᠢ ᠪᠠᠭᠠᠰᠬᠠᠬᠤ᠂ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠴᠡᠪᠡᠷᠵᠢᠭᠦᠯᠬᠦ᠂ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ ᠶᠢ ᠲᠦᠯᠬᠢᠨ ᠠᠬᠢᠭᠤᠯᠵᠤ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠪᠠ ᠪᠣᠬᠢᠷᠲᠤᠯ ᠦᠭᠡᠢ ᠲᠠᠷᠢᠶᠠᠯᠠᠩ ᠤᠨ ᠬᠥᠭᠵᠢᠯᠲᠡ ᠶᠢᠨ ᠬᠤᠣᠰ ᠠᠮᠵᠢᠯᠲᠠ ᠶᠢ ᠪᠡᠶᠡᠯᠡᠭᠦᠯᠬᠦ ᠬᠡᠷᠡᠭᠲᠡᠢ᠃    ᠠᠮᠤ ᠪᠤᠳᠠᠭ᠎ᠠ ᠳᠠᠷᠢᠵᠤ ᠠᠮᠤ ᠪᠤᠳᠠᠭ᠎ᠠ ᠶᠢ ᠠᠳᠬᠤᠬᠤ ᠢᠳᠡᠪᠬᠢᠵᠢᠯ ᠢ ᠳᠠᠶᠢᠴᠢᠯᠠᠨ᠎ᠠ   ᠲᠠᠷᠢᠶᠠᠴᠢᠨ ᠪᠣᠯ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠭᠤᠣᠯ ᠬᠦᠴᠦᠨ ᠮᠥᠨ᠂ ᠭᠤᠣᠯ ᠭᠠᠷᠤᠯᠲᠠ ᠶᠢᠨ ᠣᠷᠣᠨ ᠪᠣᠯ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠰᠠᠭᠤᠷᠢ ᠴᠢᠯᠠᠭᠤ ᠮᠥᠨ᠃ ᠵᠠᠩ ᠰᠢᠤᠸᠠᠢ ᠪᠢᠶᠣᠣ ᠶᠢᠨ ᠦᠵᠡᠬᠦ ᠪᠠᠷ᠂ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠳᠤ᠂ ᠲᠦᠷᠦ ᠶᠢᠨ ᠪᠣᠳᠣᠯᠭ᠎ᠠ ᠶᠢᠨ ᠬᠠᠩᠭᠠᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠠᠷᠢᠶᠠᠴᠢᠳ ᠤᠨ ᠠᠮᠤ ᠪᠤᠳᠠᠭ᠎ᠠ ᠳᠠᠷᠢᠭᠰᠠᠨ ᠤ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠪᠣᠯᠣᠨ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢ ᠨᠥᠬᠦᠪᠦᠷᠢᠯᠡᠬᠦ ᠲᠣᠭᠲᠠᠴᠠ ᠶᠢ ᠪᠦᠷᠢᠨᠰᠢᠭᠦᠯᠵᠦ᠂ ᠲᠠᠷᠢᠶᠠᠴᠢᠳ ᠤᠨ ᠠᠮᠤ ᠪᠤᠳᠠᠭ᠎ᠠ ᠲᠠᠷᠢᠪᠠᠯ ᠵᠣᠭᠤᠰ ᠣᠯᠵᠤ᠂ ᠭᠤᠣᠯ ᠭᠠᠷᠤᠯᠲᠠ ᠶᠢᠨ ᠣᠷᠣᠨ ᠤ ᠠᠮᠤ ᠪᠤᠳᠠᠭ᠎ᠠ ᠶᠢ ᠠᠳᠬᠤᠪᠠᠯ ᠬᠤᠬᠢᠷᠠᠯ ᠠᠮᠰᠠᠬᠤ ᠦᠭᠡᠢ ᠪᠠᠶᠢᠵᠤ᠂ ᠠᠮᠤ ᠪᠤᠳᠠᠭ᠎ᠠ ᠲᠠᠷᠢᠪᠠᠯ ᠠᠮᠤ ᠪᠤᠳᠠᠭ᠎ᠠ ᠠᠳᠬᠤᠬᠤ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ᠃    ᠣᠶᠢᠷ᠎ᠠ ᠶᠢᠨ ᠵᠢᠯ ᠤᠨ ᠲᠤᠷᠰᠢ᠂ ᠤᠯᠤᠰ ᠠᠴᠠ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠲᠥᠷᠥ ᠶᠢᠨ ᠪᠣᠳᠣᠯᠭ᠎ᠠ ᠶᠢᠨ ᠲᠠᠷᠢᠶᠠᠯᠠᠩ ᠤᠨ ᠳᠡᠮᠵᠢᠯᠭᠡ ᠬᠠᠮᠠᠭᠠᠯᠠᠯᠲᠠ ᠶᠢᠨ ᠨᠥᠬᠦᠪᠦᠷᠢ᠂ ᠡᠷᠳᠡᠨᠢ ᠰᠢᠰᠢ ᠪᠣᠯᠣᠨ ᠰᠢᠷ᠎ᠠ ᠪᠤᠷᠴᠠᠭ ᠦᠢᠯᠡᠳᠪᠦᠷᠢᠯᠡᠭᠴᠢᠳ ᠤᠨ ᠨᠥᠬᠦᠪᠦᠷᠢ᠂ ᠪᠣᠳᠠᠲᠠᠢ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠳ ᠤᠨ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ᠂ ᠠᠮᠤ ᠪᠤᠳᠠᠭᠠᠨ ᠤ ᠦᠨ᠎ᠡ ᠬᠠᠩᠰᠢ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ᠂ ᠲᠠᠷᠢᠶᠠᠯᠠᠩ ᠤᠨ ᠳᠠᠭᠠᠳᠬᠠᠯ ᠤᠨ ᠨᠥᠬᠦᠪᠦᠷᠢ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ  ᠶᠢ ᠨᠡᠶᠢᠲᠡᠯᠡᠨ ᠬᠡᠷᠡᠭᠵᠢᠭᠦᠯᠵᠦ᠂ ᠲᠠᠷᠢᠶᠠᠴᠢᠳ ᠤᠨ ᠠᠮᠤ ᠪᠤᠳᠠᠭ᠎ᠠ ᠲᠠᠷᠢᠪᠠᠯ ᠠᠰᠢᠭ ᠣᠯᠵᠠᠪᠤᠷᠢ ᠲᠠᠢ ᠪᠠᠶᠢᠬᠤ ᠶᠢ ᠦᠨᠡᠨ ᠬᠦ ᠪᠠᠲᠤᠯᠠᠨ᠎ᠠ᠂ ᠭᠡᠪᠡᠴᠦ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠤᠰᠬᠠᠢ ᠠᠵᠢᠯ ᠤᠨ ᠬᠤᠷᠰᠢᠶ᠎ᠠ᠂ ᠠᠮᠤ ᠪᠤᠳᠠᠭ᠎ᠠ ᠲᠠᠷᠢᠬᠤ ᠲᠣᠮᠣ ᠡᠷᠦᠭᠡ᠂ ᠲᠠᠷᠢᠶᠠᠯᠠᠩ ᠤᠨ ᠠᠵᠤ ᠠᠬᠤᠶᠢᠯᠠᠯ ᠵᠡᠷᠭᠡ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠤᠯᠠᠮ ᠨᠢᠭᠡ ᠠᠯᠬᠤᠮ ᠬᠥᠭᠵᠢᠨ ᠪᠤᠵᠠᠭᠠᠶᠢᠷᠠᠬᠤ ᠳᠤ ᠪᠠᠰᠠ ᠵᠠᠷᠢᠮ ᠬᠦᠴᠢᠷᠳᠡᠯ ᠲᠤᠯᠭᠠᠷᠠᠵᠤ ᠪᠠᠶᠢᠨ᠎ᠠ    ︽ᠬᠤᠷᠰᠢᠶᠠᠵᠢᠯ ᠤᠨ ᠬᠥᠭᠵᠢᠯᠲᠡ ᠪᠤᠵᠠᠭᠠᠶᠢᠷᠠᠯ ᠳᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠤᠨ ᠬᠡᠮᠵᠢᠶ᠎ᠡ ᠳᠣᠣᠷ᠎ᠠ᠂ ᠪᠡᠯᠡ ᠮᠥᠩᠭᠦ ᠶᠢᠨ ᠣᠷᠣᠭᠤᠯᠤᠯᠲᠠ ᠬᠦᠷᠦᠯᠴᠡᠬᠦ ᠦᠭᠡᠢ᠂ ᠭᠠᠵᠠᠷ ᠰᠢᠷᠣᠢ ᠶᠢᠨ ᠬᠡᠰᠡᠭ ᠪᠤᠰᠠᠭ ᠪᠠᠶᠢᠳᠠᠯ ᠬᠦᠨᠳᠦ ᠨᠣᠴᠢᠲᠠᠢ ᠪᠠᠶᠢᠬᠤ ᠵᠡᠷᠭᠡ ᠠᠰᠠᠭᠤᠳᠠᠯ ᠲᠤᠯᠭᠠᠷᠠᠵᠤ ᠪᠠᠶᠢᠨ᠎ᠠ︾ ᠭᠡᠵᠦ ᠬᠢᠷᠢᠨ ᠮᠤᠵᠢ ᠶᠢᠨ ᠯᠢ ᠱᠤ᠋ ᠰᠢᠶᠠᠨ ᠤ ᠱᠢ ᠵᠢᠶᠠ ᠪᠦᠦ ᠪᠠᠯᠭᠠᠰᠤᠨ ᠤ ᠰᠢ ᠾᠧ ᠽᠦᠢ ᠽᠢ ᠲᠣᠰᠬᠤᠨ ᠤ ᠱᠤᠸᠠᠩ ᠶᠢᠩ ᠲᠠᠷᠢᠶᠠᠯᠠᠩ ᠤᠨ ᠮᠠᠰᠢᠨ ᠲᠠᠷᠢᠬᠤ ᠲᠤᠰᠬᠠᠢ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠲᠤᠤ ᠶᠦᠩ ᠬᠡᠯᠡᠪᠡ᠃    ᠯᠢ ᠱᠤ᠋ ᠰᠢᠶᠠᠨ ᠤ ᠳᠡᠳ᠋ ᠳᠠᠷᠤᠭ᠎ᠠ ᠵᠧᠦ ᠬᠤ᠋ ᠶᠢᠨ ᠲᠠᠨᠢᠯᠴᠠᠭᠤᠯᠤᠭᠰᠠᠨ ᠢᠶᠠᠷ᠂ ᠲᠤᠰ ᠰᠢᠶᠠᠨ ᠤ ᠡᠯ᠎ᠡ ᠲᠦᠷᠦᠯ ᠤᠨ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠣᠯᠠᠩᠬᠢ ᠨᠢ ᠠᠩᠬᠠᠨ ᠤ ᠱᠠᠲᠤᠨ ᠤ ᠬᠥᠭᠵᠢᠯᠲᠡ ᠶᠢᠨ ᠱᠠᠲᠤᠨ ᠳᠤ ᠣᠷᠣᠰᠢᠵᠤ᠂ ᠠᠵᠤ ᠦᠢᠯᠡᠰᠵᠢᠯᠲᠡ ᠶᠢᠨ ᠬᠡᠮᠵᠢᠶ᠎ᠡ ᠥᠨᠳᠥᠷ ᠪᠢᠰᠢ᠂ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠨᠢ ᠢᠯᠡᠷᠬᠡᠢ ᠪᠢᠰᠢ ᠪᠠᠶᠢᠨ᠎ᠠ᠃ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠳᠤ ᠲᠤᠯᠭᠠᠷᠠᠵᠤ ᠪᠠᠶᠢᠭ᠎ᠠ ᠪᠡᠯᠡ ᠲᠣᠬᠢᠷᠠᠭᠤᠯᠬᠤ ᠳᠤ ᠬᠦᠴᠢᠷ᠂ ᠭᠠᠵᠠᠷ ᠬᠡᠷᠡᠭᠯᠡᠬᠦ ᠳᠤ ᠬᠦᠴᠢᠷ ᠵᠡᠷᠭᠡ ᠠᠰᠠᠭᠤᠳᠠᠯ ᠢ ᠰᠢᠢᠳᠪᠦᠷᠢᠯᠡᠵᠦ᠂ ᠵᠦᠢᠯᠡᠰ ᠢ ᠠᠯᠢ ᠴᠢᠳᠠᠬᠤ ᠪᠠᠷ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠲᠡᠶᠢᠰᠢ ᠬᠡᠯᠪᠡᠶᠢᠯᠭᠡᠵᠦ᠂ ᠲᠠᠷᠢᠶᠠᠯᠠᠩ ᠳᠤ ᠬᠡᠷᠡᠭᠯᠡᠬᠦ ᠮᠧᠬᠠᠨᠢᠭ᠂ ᠠᠮᠤ ᠪᠤᠳᠠᠭ᠎ᠠ ᠶᠢ ᠬᠠᠭᠰᠠᠭᠠᠬᠤ᠂ ᠬᠥᠮᠥᠷᠭᠡᠯᠡᠨ ᠬᠠᠳᠠᠭᠠᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠭᠤᠣᠯᠳᠠᠯᠭ᠎ᠠ ᠲᠠᠢ ᠪᠠᠷ ᠲᠡᠮᠵᠢᠵᠤ᠂ ᠰᠢᠨ᠎ᠡ ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠲᠠᠰᠤᠷᠠᠯᠳᠠ ᠦᠭᠡᠢ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠬᠡᠷᠡᠭᠲᠡᠢ᠃ ᠡᠵᠡᠩᠨᠡᠯᠲᠡ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠠᠷᠢᠶᠠᠴᠢᠨ ᠡᠷᠦᠬᠡ ᠶᠢᠨ ᠡᠵᠡᠩᠨᠡᠯᠲᠡ ᠶᠢᠨ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ︔ ᠦᠢᠯᠡᠳᠪᠦᠷᠢᠯᠡᠯ ᠪᠣᠷᠤᠯᠠᠭᠤᠯᠭ᠎ᠠ ᠶᠢᠨ ᠵᠣᠯᠭᠠᠯᠳᠤᠯ ᠢ ᠰᠠᠶᠢᠲᠤᠷ ᠬᠢᠵᠦ᠂ ᠠᠮᠤ ᠪᠤᠳᠠᠭᠠᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠠᠮᠤ ᠪᠤᠳᠠᠭᠠᠨ ᠤ ᠵᠠᠬᠢᠶᠠᠯᠠᠭ᠎ᠠ ᠶᠢᠨ ᠦᠢᠯᠡᠳᠪᠦᠷᠢᠯᠡᠯ ᠢ ᠬᠥᠭᠵᠢᠭᠦᠯᠬᠦ ᠶᠢ ᠵᠣᠷᠢᠭᠵᠢᠭᠤᠯᠵᠤ᠂ ᠴᠢᠨᠠᠷ ᠰᠠᠶᠢᠲᠠᠢ ᠪᠥᠭᠡᠳ ᠰᠠᠶᠢᠨ ᠦᠨ᠎ᠡ ᠲᠠᠢ ᠪᠠᠶᠢᠬᠤ ᠶᠢ ᠪᠡᠶᠡᠯᠡᠭᠦᠯᠵᠦ᠂ ᠠᠮᠤ ᠪᠤᠳᠠᠭᠠᠨ ᠤ ᠠᠵᠤ ᠦᠢᠯᠡᠰ ᠤᠨ ᠦᠷᠳᠡᠭ ᠢ ᠨᠡᠮᠡᠭᠳᠡᠭᠦᠯᠦᠨ ᠦᠷ᠎ᠡ ᠠᠰᠢᠭ ᠢ ᠨᠡᠮᠡᠭᠳᠡᠬᠦᠯᠦᠨ᠎ᠡ᠃    ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ ᠳᠤ ᠠᠮᠤ ᠪᠤᠳᠠᠭᠠᠨ ᠤ ᠤᠨᠠᠯᠲᠠ ᠬᠡᠳᠦᠢ ᠠᠷᠪᠢᠨ ᠪᠣᠯᠬᠤ ᠲᠤᠳᠤᠮ᠂ ᠡᠳ᠋ ᠤᠨ ᠵᠠᠰᠠᠭ ᠲᠡᠳᠦᠢ ᠬᠦᠴᠢᠷᠳᠡᠯ ᠲᠠᠢ ᠪᠣᠯᠬᠤ ᠠᠰᠠᠭᠤᠳᠠᠯ ᠨᠡᠶᠢᠳᠡᠮ ᠲᠤᠯᠭᠠᠷᠠᠵᠤ ᠪᠠᠶᠢᠨ᠎ᠠ᠃ ᠵᠧᠦ ᠬᠤ᠋ ᠬᠡᠯᠡᠬᠦ ᠳᠡᠭᠡᠨ᠂ ᠤᠯᠤᠰ  ᠠᠴᠠ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠱᠠᠩᠨᠠᠵᠤ ᠨᠥᠬᠦᠪᠦᠷᠢᠯᠡᠬᠦ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠮᠤ ᠪᠤᠳᠠᠭᠠᠨ ᠤ ᠭᠠᠷᠤᠯᠲᠠ ᠶᠢᠨ ᠲᠣᠮᠣ ᠰᠢᠶᠠᠨ ᠤ ᠱᠠᠩᠨᠠᠯ ᠤᠨ ᠬᠡᠪᠴᠢᠶ᠎ᠡ ᠶᠢ ᠥᠷᠭᠡᠳᠬᠡᠨ᠂ ᠲᠠᠸᠠᠷ ᠤᠨ ᠠᠮᠤ ᠲᠠᠢ ᠬᠤᠯᠪᠣᠭᠳᠠᠭᠤᠯᠤᠭᠰᠠᠨ ᠱᠠᠩᠨᠠᠯ ᠤᠨ ᠲᠣᠭᠲᠠᠴᠠ ᠶᠢ ᠪᠠᠶᠢᠭᠤᠯᠬᠤ ᠶᠢ ᠬᠦᠰᠡᠵᠦ ᠪᠠᠶᠢᠨ᠎ᠠ ᠭᠡᠵᠡᠢ᠃ ᠠᠮᠤ ᠪᠤᠳᠠᠭ᠎ᠠ ᠶᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠶᠢ ᠬᠥᠭᠵᠢᠭᠦᠯᠵᠦ᠂ ᠠᠮᠤ ᠪᠤᠳᠠᠭᠠᠨ ᠤ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠵᠤ᠂ ᠠᠮᠤ ᠪᠤᠳᠠᠭ᠎ᠠ ᠶᠢ ᠲᠤᠬᠠᠢ ᠶᠢᠨ ᠭᠠᠵᠠᠷ ᠲᠤᠨᠢ ᠬᠤᠪᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠮᠤ ᠪᠤᠳᠠᠭᠠᠨ ᠤ ᠦᠢᠯᠡᠳᠪᠦᠷᠢᠯᠡᠯ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃    ᠯᠢ ᠵᠢᠶᠦ᠋ᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠠᠭᠤᠰᠤᠯᠴᠠᠭᠤᠯᠬᠤ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠤ ᠲᠠᠯ᠎ᠠ ᠪᠠᠷ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠶᠢ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠬᠦᠴᠦᠲᠡᠢ ᠭᠠᠷᠳᠠᠴᠠ ᠪᠣᠯᠭᠠᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠰᠢᠨ᠎ᠡ ᠳᠡᠭᠲᠡᠷ ᠲᠤ ᠭᠠᠷᠭᠠᠬᠤ ᠶᠢ ᠴᠢᠷᠮᠠᠶᠢᠨ ᠠᠬᠢᠭᠤᠯᠵᠤ᠂ ᠠᠮᠤ ᠪᠤᠳᠠᠭᠠᠨ ᠤ ᠤᠨᠠᠯᠲᠠ ᠶᠢ ᠥᠨᠳᠥᠷ ᠰᠠᠭᠤᠷᠢ ᠴᠡᠭ ᠳᠡᠭᠡᠷ᠎ᠡ ᠰᠢᠨ᠎ᠡ ᠰᠢᠪᠲᠤᠯᠤᠯᠲᠠ ᠲᠠᠢ ᠪᠣᠯᠭᠠᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号