ᠰᠢ ᠶᠢᠨ ᠫᠢᠩ ᠹᠷᠠᠨᠼᠢ ᠶᠢᠨ ᠮᠸᠢᠢᠷᠢ ᠊ ᠠᠢ ᠰᠠᠭᠤᠷᠢ ᠮᠥᠩᠭᠦᠨ ᠤ ᠨᠡᠶᠢᠭᠡᠮᠯᠢᠭ ᠤᠨ ᠲᠡᠷᠢᠭᠦᠯᠡᠭᠴᠢ ᠮᠸᠢᠢᠷᠢ ᠊ ᠠᠢ ᠬᠢᠭᠡᠳ ᠲᠡᠬᠦᠨ ᠤ ᠬᠠᠳᠤᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/9
   4 ᠰᠠᠷ᠎ᠠ ᠶᠢᠨ 8 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠹᠷᠠᠨᠼᠢ ᠶᠢᠨ ᠮᠦᠢᠷᠢ ᠊ ᠠᠢ ᠰᠠᠭᠤᠷᠢ ᠮᠥᠩᠭᠦᠨ ᠤ ᠨᠡᠶᠢᠭᠡᠮᠯᠢᠭ ᠤᠨ ᠲᠡᠷᠢᠭᠦᠯᠡᠭᠴᠢ ᠮᠸᠢᠢᠷᠢ ᠊ ᠠᠢ ᠬᠢᠭᠡᠳ ᠲᠡᠬᠦᠨ ᠤ ᠬᠠᠳᠤᠨ ᠲᠠᠢ ᠠᠭᠤᠯᠵᠠᠪᠠ᠃   ᠰᠢ ᠶᠢᠨ ᠫᠢᠩ ᠮᠦᠢᠷᠢ ᠊ ᠠᠢ ᠬᠢᠭᠡᠳ ᠲᠡᠬᠦᠨ ᠤ ᠬᠠᠳᠤᠨ ᠵᠢᠴᠢ ᠮᠸᠢᠢᠷᠢ ᠊ ᠠᠢ ᠰᠠᠭᠤᠷᠢ ᠮᠥᠩᠭᠦᠨ ᠤ ᠨᠡᠶᠢᠭᠡᠮᠯᠢᠭ ᠤᠨ ᠣᠷᠳᠣ ᠬᠤᠭᠤᠴᠠᠭᠠᠨ ᠤ ᠲᠤᠷᠰᠢ ᠳᠤᠮᠳᠠᠳᠤ ᠹᠷᠠᠨᠼᠢ ᠶᠢᠨ ᠬᠠᠷᠢᠯᠴᠠᠭᠠᠨ ᠤ ᠬᠥᠭᠵᠢᠯᠲᠡ ᠵᠢᠴᠢ ᠳᠤᠮᠳᠠᠳᠤ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠭᠡᠪᠡ᠃   ᠰᠢ ᠶᠢᠨ ᠫᠢᠩ᠂ ᠣᠳᠣᠬᠠᠨ ᠤ ᠳᠡᠯᠡᠬᠡᠶ ᠵᠢᠷᠲᠢᠨᠴᠦ ᠵᠠᠭᠤᠨ ᠵᠢᠯ ᠳᠤ ᠲᠤᠬᠢᠶᠠᠯᠳᠤᠭ᠎ᠠ ᠥᠬᠡᠶ ᠶᠡᠭᠡ ᠬᠤᠪᠢᠰᠤᠯᠲᠠ ᠳᠤ ᠲᠤᠯᠭᠠᠷᠠᠵᠤ᠂ ᠬᠤᠪᠢᠰᠤᠯᠳᠠ ᠰᠠᠮᠠᠭᠤᠷᠠᠯ ᠰᠤᠯᠪᠢᠴᠠᠬᠰᠡᠨ ᠣᠷᠤᠭ᠎ᠠ ᠪᠤᠰᠬᠠᠭ᠎ᠠ ᠴᠠᠭ ᠦᠶ᠎ᠡ ᠳᠤ ᠣᠷᠣᠭᠠᠳ ᠪᠤᠢ᠃ ᠬᠥᠮᠦᠨ ᠲᠥᠷᠥᠯᠬᠢᠲᠡᠨ ᠤ ᠨᠡᠶᠢᠭᠡᠮ ᠰᠢᠨ᠎ᠡ ᠲᠢᠳᠢᠮᠯᠢᠭ ᠬᠢᠵᠢᠭ ᠤᠨ ᠪᠠᠶᠢᠳᠠᠯ ᠵᠡᠷᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠥᠷᠢᠰᠥᠯᠳᠦᠭᠡᠨ ᠢ ᠠᠷᠭᠠᠴᠠᠭᠠᠬᠤ ᠪᠦ᠋ᠭᠡᠳ ᠪᠠᠰᠠ ᠫᠠᠯᠤᠰᠲ᠋ᠠᠶᠢᠨ ᠢᠰᠷᠧᠯ ᠤᠨ ᠮᠥᠷᠭᠦᠯᠳᠦᠭᠡᠨ᠂ ᠦᠺᠷᠠᠶᠢᠨ ᠤ ᠬᠢᠮᠤᠷᠠᠯ ᠵᠡᠷᠭᠡ ᠭᠠᠵᠠᠷ ᠣᠷᠣᠨ ᠤ ᠮᠥᠷᠭᠦᠯᠳᠦᠭᠡᠨ ᠳᠤ ᠬᠠᠨᠳᠤᠬᠤ ᠬᠡᠷᠡᠭᠲᠡᠶ᠃ ᠳᠤᠮᠳᠠᠳᠤ ᠣᠯᠣᠰ ᠢᠮᠠᠭᠲᠠ ᠡᠩᠬᠡ ᠲᠠᠶᠢᠪᠤᠩ ᠢ ᠡᠷᠬᠢᠮᠯᠡᠵᠦ᠂ ᠳᠠᠶᠢᠨ ᠪᠠᠶᠢᠯᠳᠤᠭᠠᠨ ᠦᠯᠦ ᠬᠢᠬᠦ ᠢᠢ ᠰᠠᠨᠠᠭᠠᠴᠢᠯᠠᠵᠤ᠂ ᠳᠠᠶᠢᠨ ᠢ ᠵᠣᠭᠰᠣᠭᠠᠵᠤ ᠡᠩᠬᠡ ᠲᠠᠶᠢᠪᠤᠩ ᠢ ᠠᠬᠢᠭᠤᠯᠬᠤ ᠶᠢ ᠤᠷᠢᠶᠠᠯᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠡᠨᠡ ᠵᠢᠯ ᠪᠣᠯ ᠳᠤᠮᠳᠠᠳᠤ ᠹᠷᠠᠨᠼᠢ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠪᠣᠯᠤᠨ᠎ᠠ᠃ 60 ᠵᠢᠯ ᠤᠨ ᠲᠤᠷᠰᠢ᠂ ᠦᠶ᠎ᠡ ᠦᠶ᠎ᠡ ᠶᠢᠨ ᠬᠥᠮᠦᠰ ᠳᠤᠮᠳᠠᠳᠤ ᠹᠷᠠᠨᠼᠢ ᠶᠢᠨ ᠬᠠᠷᠢᠯᠴᠠᠭ᠎ᠠ ᠶᠢ ᠤᠯᠠᠮᠵᠢᠯᠠᠨ ᠬᠥᠭᠵᠢᠭᠦᠯᠵᠦ᠂ ᠬᠤᠶᠠᠷ ᠤᠯᠤᠰ ᠤᠨ ᠨᠥᠬᠦᠷᠯᠡᠯ ᠤᠨ ᠤᠳᠠᠬᠤ ᠲᠤᠳᠤᠮ ᠪᠠᠬᠢᠵᠢᠪᠠ᠃ ᠳᠤᠮᠳᠠᠳᠤ ‍ᠤᠮᠤᠰ ᠳᠤᠮᠳᠠᠳᠤ ᠹᠷᠠᠨᠼᠢ ᠶᠢᠨ ᠨᠥᠬᠦᠷᠯᠡᠯ ᠢ ᠨᠠᠨᠳᠢᠩᠨᠠᠵᠤ᠂ ᠳᠤᠷᠠᠲᠠᠶ᠎ᠠ ᠹᠷᠠᠨᠼᠢ ᠶᠢᠨ ᠬᠢᠨ ᠲᠠᠢ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠶᠢᠨ ᠨᠡᠩ ᠥᠨᠳᠥᠷ ᠲᠦᠪᠰᠢᠨ ᠳᠤ ᠬᠦᠷᠬᠦ ᠶᠢ ᠠᠬᠢᠭᠤᠯᠤᠨ᠎ᠠ᠃ ᠤᠷᠲᠤ ᠬᠤᠭᠤᠴᠠᠭᠠᠨ ᠤ ᠲᠤᠷᠰᠢ᠂ ᠳᠤᠮᠳᠠᠳᠤ ᠹᠷᠠᠨᠼᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠤ ᠠᠯᠢ ᠤᠯᠠᠨ ᠬᠠᠮᠲᠤᠷᠠᠯᠴᠠᠭ᠎ᠠ ᠥᠷᠨᠢᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠠᠢ᠃ ᠮᠦᠢᠷᠢ ᠊ ᠠᠢ ᠰᠠᠭᠤᠷᠢ ᠮᠥᠩᠭᠦᠨ ᠤ ᠨᠡᠶᠢᠭᠡᠮᠯᠢᠭ ᠳᠤᠮᠳᠠᠳᠤ ᠤᠯᠤᠰ ᠯᠤᠭ᠎ᠠ ᠦᠷᠭᠦᠯᠵᠢᠯᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠤ ᠴᠢᠬᠤᠯᠠᠴᠢᠯᠠᠪᠠ᠃   ᠮᠸᠢᠢᠷᠢ ᠊ ᠠᠢ᠂ ᠲᠡᠷᠢᠭᠦᠯᠡᠭᠴᠢ ᠰᠢ ᠶᠢᠨ ᠫᠢᠩ ᠲᠦᠢᠯ ᠤᠨ ᠶᠠᠭᠠᠷᠠᠤ ᠦᠶ᠎ᠠ ᠳᠡᠭᠡᠨ ᠴᠠᠭ ᠭᠠᠷᠭᠠᠨ ᠠᠭᠤᠯᠵᠠᠭᠰᠠᠨ ᠳᠤ ᠲᠠᠯᠠᠷᠬᠠᠵᠤ ᠪᠠᠶᠢᠨ᠎ᠠ᠂ ᠡᠨᠡ ᠨᠢ ᠹᠷᠠᠨᠼᠢ ᠶᠢᠨ ᠠᠷᠠᠳ ᠲᠦᠮᠡᠨ ᠯᠦᠭᠡ ᠶᠢᠨ ᠨᠥᠬᠦᠷᠰᠡᠭ ᠬᠠᠶᠢᠷ᠎ᠠ ᠰᠡᠳᠭᠢᠯᠭᠡ ᠶᠢ ᠭᠦᠢᠴᠡᠳ ᠢᠯᠡᠷᠡᠭᠦᠯᠵᠦ᠂ ᠬᠥᠮᠦᠰ ᠤᠨ ᠰᠡᠳᠭᠢᠯ ᠢ ᠳᠣᠭᠳᠣᠯᠤᠭᠤᠯᠤᠨ᠎ᠠ᠃ ᠮᠢᠨᠦ ᠳᠤᠮᠳᠠᠳᠤ ᠤᠯᠤᠰ ᠯᠤᠭ᠎ᠠ ᠶᠢᠨ ᠶᠠᠪᠤᠯᠴᠠᠭ᠎ᠠ ᠪᠠ ᠨᠥᠬᠦᠷᠯᠡᠯ 46 ᠵᠢᠯ ᠤᠨ ᠡᠮᠦᠨ᠎ᠡ ᠠᠴᠠ ᠡᠬᠢᠯᠡᠭᠰᠡᠨ ᠶᠤᠮ᠃ ᠤᠯᠠᠨ ᠵᠢᠯ ᠤᠨ ᠲᠤᠷᠰᠢ᠂ ᠪᠢ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢ ᠢᠮᠠᠭᠲᠠ ᠠᠩᠬᠠᠷᠤᠨ ᠪᠢᠰᠢᠷᠡᠭᠰᠡᠭᠡᠷ ᠢᠷᠡᠪᠡ᠃ ᠮᠸᠢᠢᠷᠢ ᠊ ᠠᠢ ᠰᠠᠭᠤᠷᠢ ᠮᠥᠩᠭᠦᠨ ᠤ ᠨᠡᠶᠢᠭᠡᠮᠯᠢᠭ ᠤᠨ ᠬᠢᠨ ᠹᠷᠠᠨᠼᠢ ᠳᠤᠮᠳᠠᠳᠤ ᠶᠢᠨ ᠨᠥᠬᠦᠷᠯᠡᠯ ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠢᠳᠡᠪᠬᠢᠲᠡᠢ ᠠᠬᠢᠭᠤᠯᠤᠨ᠎ᠠ ᠭᠡᠵᠦ ᠢᠯᠡᠳᠭᠡᠪᠡ᠃ᠸᠠᠩ ᠢ ᠠᠭᠤᠯᠵᠠᠯᠲᠠ ᠳᠤ ᠣᠷᠣᠯᠴᠠᠵᠠᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 8 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号