︽5.1︾ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ ᠰᠢ ᠶᠢᠨ ᠫᠢᠩ ᠪᠦᠬᠦ ᠤᠯᠤᠰ ᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠲᠣᠬᠤᠨᠢᠭᠤᠯᠤᠯ ᠬᠦᠷᠭᠡᠪᠡ
ᠨᠡᠶᠢᠲᠡᠯᠡᠭᠰᠡᠨ ᠴᠠᠭ᠄
2024/5/1
    ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 30᠎ ᠤ ᠴᠠᠬᠢᠯᠭᠠᠨ ᠮᠡᠳᠡᠭᠡ ︽5 · 1︾᠎ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠨᠠᠮ ᠤᠨ ᠲᠥᠪ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠲᠣᠬᠤᠨᠢᠭᠤᠯᠤᠯ ᠳᠡᠪᠰᠢᠭᠦᠯᠪᠡ᠃    ᠰᠢ ᠶᠢᠨ ᠫᠢᠩ᠂ ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠢ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠥᠷᠭᠡᠨ ᠣᠯᠠᠨ ᠬᠥᠳᠡᠯᠮᠦᠷᠢᠴᠢᠨ ᠲᠦᠮᠡᠨ ᠪᠣᠯᠤᠨ ᠨᠠᠮ ᠰᠡᠳᠬᠢᠯ ᠨᠢᠭᠡᠳᠦᠨ᠂ ᠨᠠᠮ ᠢᠶᠠᠨ ᠳᠠᠭᠠᠵᠤ᠂ ᠰᠢᠷᠭᠠᠭᠤ ᠬᠠᠲᠠᠭᠤᠵᠢᠯᠲᠠᠢ ᠬᠥᠳᠡᠯᠮᠦᠷᠢᠯᠡᠨ᠂ ᠭᠤᠶᠠᠴᠢ ᠦᠭᠡᠢ ᠵᠢᠳᠬᠦᠵᠦ᠂ ᠣᠶᠤᠨ ᠤᠬᠠᠭᠠᠨ ᠪᠠ ᠬᠦᠴᠦ ᠬᠥᠯᠥᠰᠥ ᠪᠠᠷ ᠢᠶᠠᠨ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃    ᠰᠢ ᠶᠢᠨ ᠫᠢᠩ᠂ ᠬᠥᠳᠡᠯᠮᠦᠷᠢ ᠨᠢ ᠴᠠᠭ ᠦᠶ᠎ᠡ ᠶᠢᠨ ᠢᠷᠠᠭᠤ ᠬᠠᠭᠤᠳᠠᠰᠤ ᠶᠢ ᠪᠢᠴᠢᠭᠯᠡᠵᠦ᠂ ᠴᠢᠷᠮᠠᠶᠢᠨ ᠲᠡᠮᠡᠴᠡᠵᠦ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠶ᠎ᠠ᠃ ᠥᠷᠭᠡᠨ ᠣᠯᠠᠨ ᠬᠥᠳᠡᠯᠮᠦᠷᠢᠴᠢᠨ ᠲᠦᠮᠡᠨ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠵᠦ᠂ ᠰᠢᠨ᠎ᠡ ᠶᠢ ᠡᠭᠦᠳᠦᠨ ᠪᠦᠲᠦᠭᠡᠵᠦ᠂ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠠᠯ ᠬᠠᠯᠠᠭᠤᠨ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠡᠯ᠎ᠡ ᠱᠠᠲᠤᠨ ᠤ ᠨᠠᠮ ᠤᠨ ᠬᠤᠷᠢ᠊ ᠡᠶ᠎ᠡ ᠪᠣᠯᠤᠨ ᠵᠠᠰᠠᠭ ᠤᠨ ᠣᠷᠳᠣᠨ ᠥᠷᠭᠡᠨ ᠣᠯᠠᠨ ᠬᠥᠳᠡᠯᠮᠦᠷᠢᠴᠢᠨ ᠲᠦᠮᠡᠨ ᠢ ᠬᠠᠯᠠᠮᠵᠢᠯᠠᠨ ᠬᠠᠶᠢᠷᠠᠯᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠵᠦ᠂ ᠥᠷᠭᠡᠨ ᠣᠯᠠᠨ ᠬᠥᠳᠡᠯᠮᠦᠷᠢᠴᠢᠨ ᠲᠦᠮᠡᠨ ᠤ ᠰᠢᠷᠭᠠᠭᠤ ᠬᠥᠳᠡᠯᠮᠦᠷᠢ᠂ ᠦᠨᠡᠨᠴᠢ ᠬᠥᠳᠡᠯᠮᠦᠷᠢ᠂ ᠪᠦᠲᠦᠭᠡᠯᠴᠢ ᠴᠢᠨᠠᠷᠲᠠᠢ ᠬᠥᠳᠡᠯᠮᠦᠷᠢ ᠶᠢᠨ ᠳᠤᠮᠳᠠ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ ᠵᠣᠷᠢᠭᠵᠢᠭᠤᠯᠬᠤ ᠬᠡᠷᠡᠭᠲᠡᠢ᠃   
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号