ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 30 ᠤ ᠴᠠᠬᠢᠯᠭᠠᠨ ᠮᠡᠳᠡᠭᠡ ︽5 · 1︾ ᠤ ᠳᠡᠯᠡᠬᠡᠢ ᠶᠢᠨ | ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠨᠠᠮ ᠤᠨ | ᠲᠥᠪ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠳᠤ ᠪᠠᠶᠠᠷ ᠤᠨ | ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠲᠣᠬᠤᠨᠢᠭᠤᠯᠤᠯ ᠳᠡᠪᠰᠢᠭᠦᠯᠪᠡ᠃ | ᠰᠢ ᠶᠢᠨ ᠫᠢᠩ᠂ ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠢ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ | ᠪᠣᠯᠤᠨ᠎ᠠ᠃ ᠥᠷᠭᠡᠨ ᠣᠯᠠᠨ ᠬᠥᠳᠡᠯᠮᠦᠷᠢᠴᠢᠨ ᠲᠦᠮᠡᠨ ᠪᠣᠯᠤᠨ ᠨᠠᠮ ᠰᠡᠳᠬᠢᠯ ᠨᠢᠭᠡᠳᠦᠨ᠂ ᠨᠠᠮ ᠢᠶᠠᠨ ᠳᠠᠭᠠᠵᠤ᠂ | ᠰᠢᠷᠭᠠᠭᠤ ᠬᠠᠲᠠᠭᠤᠵᠢᠯᠲᠠᠢ ᠬᠥᠳᠡᠯᠮᠦᠷᠢᠯᠡᠨ᠂ ᠭᠤᠶᠠᠴᠢ ᠦᠭᠡᠢ ᠵᠢᠳᠬᠦᠵᠦ᠂ ᠣᠶᠤᠨ ᠤᠬᠠᠭᠠᠨ ᠪᠠ ᠬᠦᠴᠦ | ᠬᠥᠯᠥᠰᠥ ᠪᠠᠷ ᠢᠶᠠᠨ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠰᠢ ᠶᠢᠨ ᠫᠢᠩ᠂ ᠬᠥᠳᠡᠯᠮᠦᠷᠢ ᠨᠢ ᠴᠠᠭ ᠦᠶ᠎ᠡ ᠶᠢᠨ ᠢᠷᠠᠭᠤ ᠬᠠᠭᠤᠳᠠᠰᠤ ᠶᠢ ᠪᠢᠴᠢᠭᠯᠡᠵᠦ᠂ ᠴᠢᠷᠮᠠᠶᠢᠨ ᠲᠡᠮᠡᠴᠡᠵᠦ | ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠶ᠎ᠠ᠃ ᠥᠷᠭᠡᠨ ᠣᠯᠠᠨ ᠬᠥᠳᠡᠯᠮᠦᠷᠢᠴᠢᠨ ᠲᠦᠮᠡᠨ ᠬᠥᠳᠡᠯᠮᠦᠷᠢ ᠶᠢᠨ | ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠵᠤ᠂ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠵᠦ᠂ ᠰᠢᠨ᠎ᠡ ᠶᠢ ᠡᠭᠦᠳᠦᠨ ᠪᠦᠲᠦᠭᠡᠵᠦ᠂ | ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠠᠯ ᠬᠠᠯᠠᠭᠤᠨ | ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ | ᠲᠡᠮᠡᠴᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠡᠯ᠎ᠡ ᠱᠠᠲᠤᠨ ᠤ ᠨᠠᠮ ᠤᠨ ᠬᠤᠷᠢ᠊ ᠡᠶ᠎ᠡ ᠪᠣᠯᠤᠨ ᠵᠠᠰᠠᠭ ᠤᠨ | ᠣᠷᠳᠣᠨ ᠥᠷᠭᠡᠨ ᠣᠯᠠᠨ ᠬᠥᠳᠡᠯᠮᠦᠷᠢᠴᠢᠨ ᠲᠦᠮᠡᠨ ᠢ ᠬᠠᠯᠠᠮᠵᠢᠯᠠᠨ ᠬᠠᠶᠢᠷᠠᠯᠠᠵᠤ᠂ ᠬᠥᠳᠡᠯᠮᠦᠷᠢᠴᠢᠳ ᠤᠨ ᠬᠠᠤᠯᠢ | ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠵᠦ᠂ | ᠥᠷᠭᠡᠨ ᠣᠯᠠᠨ ᠬᠥᠳᠡᠯᠮᠦᠷᠢᠴᠢᠨ ᠲᠦᠮᠡᠨ ᠤ ᠰᠢᠷᠭᠠᠭᠤ ᠬᠥᠳᠡᠯᠮᠦᠷᠢ᠂ ᠦᠨᠡᠨᠴᠢ ᠬᠥᠳᠡᠯᠮᠦᠷᠢ᠂ ᠪᠦᠲᠦᠭᠡᠯᠴᠢ ᠴᠢᠨᠠᠷᠲᠠᠢ | ᠬᠥᠳᠡᠯᠮᠦᠷᠢ ᠶᠢᠨ ᠳᠤᠮᠳᠠ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ ᠵᠣᠷᠢᠭᠵᠢᠭᠤᠯᠬᠤ ᠬᠡᠷᠡᠭᠲᠡᠢ᠃ | |