ᠯᠢ ᠴᠢᠶᠠᠩ ᠰᠢᠨᠵᠢᠶᠠᠩ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠥᠪᠡᠷᠮᠢᠴᠡ ᠳᠠᠪᠠᠭᠤᠯᠢᠭ ᠢ ᠪᠠᠳᠠᠷᠠᠭᠤᠯᠤᠨ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠵᠦ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/5/10
   ᠰᠢᠨᠬᠤᠸᠠ ᠬᠤᠷᠢᠶᠠᠨ ᠤ ᠣᠢᠷᠣᠮᠴᠢ ᠶᠢᠨ 5 ᠰᠠᠷ᠎ᠠ ᠶᠢᠨ 9᠎ ᠤ ᠡᠳᠦᠷ ᠤᠨ ᠴᠠᠬᠢᠯᠭᠠᠨ ᠮᠡᠳᠡᠭᠡ ᠳᠦᠪ ᠬᠤᠷᠢᠶᠠᠨ ᠤ ᠤᠯᠤᠰ ᠳᠦᠷᠤ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠳᠦᠷᠤ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 5 ᠰᠠᠷ᠎ᠠ ᠶᠢᠨ 7᠎ ᠤ ᠡᠳᠦᠷ ᠠᠴᠠ 9 ᠪᠣᠯᠲᠠᠯ᠎ᠠ ᠰᠢᠨᠵᠢᠶᠠᠩ ᠳᠤ ᠪᠠᠶᠢᠴᠠᠭᠠᠨ ᠰᠤᠳᠤᠯᠤᠯᠲᠠ ᠬᠢᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ ᠣᠨᠴᠠᠯᠢᠭᠲᠤ ᠳᠠᠪᠠᠭᠤᠯᠢᠭ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠳᠣᠲᠣᠭᠠᠳᠤ ᠭᠠᠳᠠᠭᠠᠳᠤ ᠨᠡᠭᠡᠭᠡᠯᠲᠡ ᠶᠢᠨ ᠲᠦᠪᠰᠢᠨ ᠢᠶᠠᠨ ᠳᠡᠭᠡᠭᠰᠢᠯᠡᠭᠦᠯᠦᠨ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
355.jpg
    ᠯᠢ ᠴᠢᠶᠠᠩ ᠤᠷᠢᠳ ᠬᠤᠵᠢᠳ ᠦᠷᠦᠮᠴᠢ ᠬᠤᠲᠠ᠂ ᠴᠠᠩ ᠵᠢᠢ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠵᠧᠦ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠵᠢᠷᠭᠤᠳᠤᠭᠠᠷ ᠳ᠋ᠢᠸᠢᠽᠢ ᠡᠦ ᠵᠢᠶᠠ ᠴᠢᠦᠢ ᠬᠤᠲᠠ ᠳᠤ ᠬᠦᠷᠴᠦ᠂ ᠬᠦᠷᠢᠶᠡᠯᠡᠩ ᠲᠣᠭᠤᠷᠢᠭ᠂ ᠠᠵᠤ ᠠᠬᠤᠶᠢᠯᠠᠯ᠂ ᠨᠡᠭᠦᠳᠡᠯ ᠮᠠᠯᠴᠢᠳ ᠤᠨ ᠰᠠᠭᠤᠷᠢᠰᠢᠯ ᠤᠨ ᠭᠠᠵᠠᠷ ᠵᠡᠷᠭᠡ ᠳᠤ ᠬᠦᠷᠴᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ ᠃ ᠦᠷᠦᠮᠴᠢ ᠶᠢᠨ ᠣᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠤᠨ ᠲᠣᠭᠤᠷᠢᠭ ᠲᠤ᠂ ᠯᠢ ᠴᠢᠶᠠᠩ ᠬᠠᠭᠤᠷᠠᠢ ᠶᠢᠨ ᠭᠠᠷᠠᠮ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ︵ᠦᠷᠦᠮᠴᠢ︶᠎ ᠶᠢᠨ ᠴᠤᠭᠯᠠᠷᠠᠯ ᠤᠨ ᠲᠥᠪ ᠪᠣᠯᠤᠨ ᠠᠷᠢᠭᠤᠴᠠ ᠠᠭᠤᠯᠠᠨ ᠠᠮᠠ᠂ ᠬᠤᠷᠭᠤ ᠪᠣᠭᠤᠮᠲᠠ ᠶᠢᠨ ᠲᠤᠬᠠᠢ ᠶᠢᠨ ᠴᠠᠭ ᠤᠨ ᠪᠠᠶᠢᠳᠠᠯ ᠢ ᠸᠢᠳᠢᠣ᠋ ᠪᠠᠷ ᠪᠠᠶᠢᠴᠠᠭᠠᠨ ᠦᠵᠡᠵᠦ᠂ ᠠᠵᠢᠯᠲᠠᠳ ᠲᠠᠢ ᠶᠠᠷᠢᠯᠴᠠᠵᠤ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠡᠷᠭᠡ ᠶᠢ ᠨᠤᠲᠠᠯᠠᠪᠠ᠃ ᠯᠢ ᠴᠢᠶᠠᠩ ᠵᠢᠭᠠᠵᠤ ᠭᠠᠷᠭᠠᠭᠰᠠᠨ ᠨᠢ᠂ ᠰᠢᠨᠵᠢᠶᠠᠩ ᠶᠠᠭ ᠲᠣᠷᠭᠠᠨ ᠵᠠᠮ ᠤᠨ ᠠᠵᠤ ᠠᠬᠤᠢ ᠶᠢᠨ ᠪᠦᠰᠡ ᠶᠢᠨ ᠭᠤᠣᠯ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠪᠠᠶᠢᠨ᠎ᠠ᠂ ᠳᠣᠲᠣᠭᠠᠳᠤ ᠬᠠᠭᠤᠷᠠᠢ ᠶᠢᠨ ᠮᠤᠵᠢ ᠣᠷᠣᠨ ᠪᠣᠯᠤᠨ ᠵᠠᠮ ᠳᠠᠭᠠᠤ ᠶᠢᠨ ᠤᠯᠤᠰ ᠤᠳ ᠲᠠᠢ ᠨᠡᠩ ᠰᠠᠶᠢᠲᠤᠷ ᠬᠤᠯᠪᠣᠯᠳᠤᠵᠤ᠂ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠠᠬᠢᠭᠤᠯᠵᠤ᠂ ᠪᠠᠷᠠᠭᠤᠨᠰᠢ ᠪᠠᠨ ᠨᠡᠭᠡᠭᠡᠯᠲᠡ ᠬᠢᠬᠦ ᠪᠠᠬᠢᠯᠡᠯᠲᠡ ᠶᠢ ᠪᠠᠶᠢᠭᠤᠯᠬᠤ ᠬᠡᠷᠡᠭᠲᠡᠢ᠃ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠨᠡᠪᠲᠡᠷᠡᠬᠦ ᠵᠠᠮ ᠤᠨ ᠴᠢᠳᠠᠮᠵᠢ ᠶᠢ ᠴᠢᠩᠭᠠᠳᠬᠠᠵᠤ ᠂ ᠵᠠᠮ ᠳᠠᠭᠠᠤ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠣᠨᠴᠠᠭᠠᠶᠢᠯᠠᠨ ᠭᠤᠣᠯᠳᠠᠯᠭ᠎ᠠ ᠲᠠᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠠᠶᠢᠨ ᠰᠠᠶᠢᠬᠠᠨ ᠠᠵᠤ ᠦᠢᠯᠡᠰ ᠤᠨ ᠠᠮᠢ ᠠᠬᠤᠢ ᠶᠢ ᠪᠣᠢ ᠪᠣᠯᠭᠠᠬᠤ ᠬᠡᠷᠡᠭᠲᠡᠢ᠃ ᠭᠡᠷ᠎ᠡ ᠦᠯᠦ ᠲᠣᠭᠲᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ ᠭᠠᠳᠠᠭᠠᠳᠤ ᠳᠤ ᠢᠷᠡᠵᠦ ᠪᠠᠶᠢᠭ᠎ᠠ ᠬᠥᠮᠦᠰ ᠶᠡᠭᠡ ᠪᠠᠷ ᠨᠡᠮᠡᠭᠳᠡᠭᠰᠡᠨ ᠢ ᠣᠯᠵᠤ ᠮᠡᠳᠡᠭᠡᠳ᠂ ᠯᠢ ᠴᠢᠶᠠᠩ᠂ ᠠᠷᠠᠯᠵᠢᠶ᠎ᠠ ᠬᠤᠳᠠᠯᠳᠤᠭ᠎ᠠ᠂ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ᠂ ᠵᠢᠭᠤᠯᠴᠢᠯᠠᠯ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠣᠯᠠᠨ ᠤᠯᠤᠰ ᠤᠨ ᠶᠠᠪᠤᠯᠴᠠᠭ᠎ᠠ ᠪᠠᠨ ᠴᠢᠩᠭᠠᠳᠬᠠᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠥᠷᠭᠡᠳᠬᠡᠨ᠎ᠡ᠃
356.jpg
    ᠯᠢ ᠴᠢᠶᠠᠩ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ᠂ ᠣᠨᠴᠠ ᠬᠦᠴᠦᠳᠡᠯ ᠥᠭᠡᠷᠡᠴᠢᠯᠡᠬᠦ ᠠᠵᠤ ᠦᠢᠯᠡᠳᠪᠦᠷᠢ᠂ ᠵᠢᠦ ᠱᠧᠩ ᠾᠧ ᠦᠷ᠎ᠡ ᠶᠢᠨ ᠦᠢᠯᠡᠰ᠂ ᠴᠠᠩ ᠵᠢᠢ ᠢ ᠳ᠋ᠡ ᠨᠡᠬᠡᠮᠡᠯ᠂ ᠬᠤᠨᠢ ᠶᠢᠨ ᠬᠥᠪᠥᠩ ᠤᠨ ᠮᠠᠰᠢᠨ᠂ ᠰᠢᠨ᠎ᠡ ᠦᠢᠯᠡᠰ ᠤᠨ ᠡᠨᠧᠷᠭᠢ ᠵᠡᠷᠭᠡ ᠠᠵᠤ ᠠᠬᠤᠶᠢᠯᠠᠯ ᠳᠤ ᠬᠦᠷᠴᠦ᠂ ᠦᠢᠯᠡᠳᠪᠦᠷᠢᠯᠡᠯ ᠤᠨ ᠱᠤᠭᠤᠮ ᠪᠣᠯᠤᠨ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠰᠤᠳᠤᠯᠤᠨ ᠨᠡᠭᠡᠭᠡᠬᠦ᠂ ᠵᠠᠬ᠎ᠠ ᠳᠡᠯᠭᠡᠭᠦᠷ ᠢ ᠨᠡᠭᠡᠭᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠦᠭᠰᠡᠨ ᠬᠥᠭᠵᠢᠯᠲᠡ ᠶᠢᠨ ᠦᠷ᠎ᠡ ᠪᠦᠲᠦᠭᠡᠯ ᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠪᠡ᠃ ᠯᠢ ᠴᠢᠶᠠᠩ ᠵᠢᠭᠠᠵᠤ ᠭᠠᠷᠭᠠᠭᠰᠠᠨ ᠨᠢ᠂ ᠡᠨᠧᠷᠭᠢ ᠶᠢᠨ ᠬᠤᠪᠢᠰᠤᠯᠲᠠ ᠪᠠ ᠮᠡᠳᠡᠭᠡ ᠵᠠᠩᠭᠢᠵᠢᠯᠲᠠ ᠶᠢᠨ ᠯᠠᠩ ᠳᠤ ᠵᠣᠬᠢᠴᠠᠵᠤ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠳᠠᠯᠳᠠ ᠬᠦᠴᠦᠨ ᠤ ᠣᠷᠣᠨ ᠵᠠᠢ ᠶᠢ ᠠᠭᠤᠳᠠᠯᠵᠤ᠂ ᠡᠨᠧᠷᠭᠢ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠲᠠᠷᠢᠶᠠᠯᠠᠩ ᠪᠠ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠣᠨᠴᠠᠯᠢᠭᠲᠤ ᠳᠠᠪᠠᠭᠤᠯᠢᠭ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠬᠥᠲᠥᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠣᠢ ᠪᠣᠯᠭᠠᠬᠤ ᠬᠡᠷᠡᠭᠲᠡᠢ᠃ ᠮᠠᠨ ᠤ ᠤᠯᠤᠰ ᠤᠨ ᠲᠣᠮᠣ ᠵᠠᠬ᠎ᠠ ᠳᠡᠯᠭᠡᠭᠦᠷ᠂ ᠲᠣᠮᠣ ᠢᠨᠵᠧᠨᠧᠷᠢᠩ᠂ ᠲᠤᠮᠤ ᠬᠡᠷᠡᠭᠯᠡᠯᠲᠡ ᠵᠡᠷᠭᠡ ᠥᠪᠡᠷᠮᠢᠴᠡ ᠳᠠᠪᠠᠭᠤᠯᠢᠭ ᠢ ᠰᠠᠶᠢᠲᠤᠷ ᠠᠰᠢᠭᠯᠠᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ᠂ ᠮᠡᠷᠭᠡᠵᠢᠯ ᠤᠨ ᠬᠤᠷᠠᠮᠳᠤᠭᠤᠯᠭ᠎ᠠ ᠪᠠ ᠤᠳᠠᠭ᠎ᠠ ᠳᠠᠷᠠᠭ᠎ᠠ ᠪᠠᠨ ᠲᠦᠷᠭᠡᠳᠬᠡᠬᠦ ᠶᠢ ᠳᠡᠮᠵᠢᠵᠦ᠂ ᠪᠠᠷᠢᠮᠵᠢᠶ᠎ᠠ ᠶᠢ ᠲᠣᠭᠲᠠᠭᠠᠬᠤ ᠳᠤ ᠢᠳᠡᠪᠬᠢᠲᠡᠢ ᠣᠷᠣᠯᠴᠠᠵᠤ᠂ ᠴᠢᠨᠠᠷ ᠰᠠᠶᠢᠲᠠᠢ ᠲᠦᠷᠦᠯ ᠲᠡᠮᠳᠡᠭ ᠢ ᠡᠭᠦᠳᠴᠦ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠳᠤᠮᠳᠠ ᠰᠢᠯᠭᠠᠨ ᠪᠠᠶᠢᠴᠠᠭᠠᠯᠲᠠ ᠶᠢ ᠬᠦᠯᠢᠶᠡᠵᠦ᠂ ᠰᠠᠨᠠᠭᠠᠴᠢᠯᠠᠭᠠᠲᠤ ᠡᠷᠬᠡ ᠶᠢ ᠣᠯᠬᠤ ᠬᠡᠷᠡᠭᠲᠡᠢ᠃ ᠵᠡᠭᠦᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠯᠤᠰ ᠤᠨ ᠠᠮᠤ ᠪᠤᠳᠠᠭ᠎ᠠ᠂ ᠡᠨᠧᠷᠭᠢ ᠶᠢᠨ ᠡᠬᠢ ᠪᠠᠶᠠᠯᠢᠭ᠂ ᠴᠢᠬᠤᠯᠠ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠢ ᠨᠡᠩ ᠰᠠᠶᠢᠲᠤᠷ ᠪᠠᠲᠤᠯᠠᠬᠤ ᠬᠡᠷᠡᠭᠲᠡᠢ᠃     ᠴᠠᠩ ᠵᠢᠢ ᠬᠤᠲᠠ ᠳᠤ ᠪᠠᠶᠢᠭ᠎ᠠ ᠲᠢᠶᠠᠨ ᠧ ᠵᠢᠵᠢᠭ ᠪᠠᠯᠭᠠᠰᠤ 500 ᠭᠠᠷᠤᠢ ᠡᠷᠦᠬᠡ ᠨᠡᠭᠦᠳᠡᠯ ᠤᠨ ᠮᠠᠯᠴᠢᠳ  ᠰᠠᠭᠤᠷᠢᠰᠢᠵᠤ ᠪᠠᠶᠢᠨ᠎ᠠ᠃ ᠯᠢ ᠴᠢᠶᠠᠩ ᠠᠳᠡ ᠢᠷᠡᠵᠦ᠂ ᠣᠯᠠᠨ ᠲᠦᠮᠡᠨ ᠤ ᠭᠡᠷ ᠲᠤ ᠣᠷᠣᠵᠤ᠂ ᠣᠷᠣᠨ ᠰᠠᠭᠤᠴᠠ ᠨᠢ ᠰᠠᠶᠢᠨ ᠪᠠᠶᠢᠬᠤ ᠡᠰᠡᠬᠦ᠂ ᠣᠷᠣᠯᠭ᠎ᠠ ᠨᠢ ᠬᠢᠷᠢ ᠵᠡᠷᠭᠡ ᠪᠠᠶᠢᠬᠤ᠂ ᠡᠪᠡᠳᠴᠢᠨ ᠦᠵᠡᠭᠦᠯᠬᠦ ᠪᠠ ᠬᠡᠦᠬᠡᠳ ᠤᠨ ᠰᠤᠷᠭᠠᠭᠤᠯᠢ ᠳᠤ ᠣᠷᠣᠬᠤ ᠳᠤ ᠳᠥᠭᠦᠮ ᠪᠠᠶᠢᠬᠤ ᠡᠰᠡᠬᠦ ᠵᠡᠷᠭᠡ ᠶᠢ ᠨᠠᠷᠢᠨ ᠯᠠᠪᠯᠠᠨ ᠠᠰᠠᠭᠤᠪᠠ᠃ ᠯᠢ ᠴᠢᠶᠠᠩ ᠬᠡᠯᠡᠬᠦ ᠳᠡᠭᠡᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠦᠨᠳᠦᠰᠦᠲᠡᠨ ᠤ ᠰᠣᠶᠣᠯ ᠢ ᠤᠯᠠᠮᠵᠢᠯᠠᠨ ᠬᠥᠭᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠳᠣᠲᠣᠨᠣᠴᠢᠯᠠᠬᠤ᠂ ᠪᠦᠯᠬᠦᠮᠳᠡᠨ ᠬᠠᠷᠢᠯᠴᠠᠨ ᠬᠠᠪᠰᠤᠷᠤᠯᠴᠠᠬᠤ᠂ ᠠᠮᠢᠳᠤᠷᠠᠯ ᠤᠯᠠᠮ ᠠᠴᠠ ᠤᠯᠠᠮ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠵᠡᠢ᠃ ᠯᠢ ᠴᠢᠶᠠᠩ ᠲᠤᠬᠠᠢ ᠶᠢᠨ ᠭᠠᠵᠠᠷ ᠤᠨ ᠺᠠᠳ᠋ᠷᠴᠤᠳ ᠢ ᠦᠨᠳᠦᠰᠦᠨ ᠱᠠᠲᠤᠨ ᠤ ᠵᠠᠰᠠᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠣᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠬᠡᠷᠡᠭᠲᠡᠢ ᠭᠡᠵᠦ ᠵᠣᠷᠢᠭᠵᠢᠭᠤᠯᠪᠠ᠃    ᠯᠢ ᠴᠢᠶᠠᠩ ᠰᠢᠨᠵᠢᠶᠠᠩ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠵᠤ᠂ ᠰᠢᠨᠵᠢᠶᠠᠩ ᠤᠨ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠶᠠᠩ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠯᠠᠪᠳᠠᠭᠤᠨ ᠪᠠᠲᠤᠲᠠᠢ ᠰᠢᠷᠭᠠᠭᠤ ᠬᠠᠲᠠᠭᠤᠵᠢᠯᠲᠠᠢ ᠠᠵᠢᠯᠯᠠᠵᠤ᠂ ᠤᠳᠠᠭᠠᠨ ᠳᠠᠭᠠᠭᠠᠮᠠᠭᠠᠢ ᠴᠢᠷᠮᠠᠶᠢᠵᠤ᠂ ᠡᠯ᠎ᠡ ᠵᠦᠢᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠪᠡ᠃    ᠮᠠ ᠰᠢᠩ ᠷᠦᠢ᠂ ᠦ᠋ ᠵᠧᠩ ᠯᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号