ᠰᠢ ᠶᠢᠨ ᠫᠢᠩ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠰᠢᠨ᠎ᠡ ᠴᠠᠭ ᠦᠶ᠎ᠡ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠴᠦ ᠨᠠᠮ ᠢ ᠰᠠᠨᠠᠭ᠎ᠠ ᠠᠮᠤᠷ ᠪᠠᠶᠢᠯᠭᠠᠬᠤ ᠤᠯᠤᠰ ᠢᠶᠠᠨ ᠬᠠᠶᠢᠷᠠᠯᠠᠵᠤ ᠬᠤᠪᠢ ᠨᠡᠮᠡᠷᠢ ᠦᠵᠡᠭᠦᠯᠬᠦ ᠦᠨᠳᠦᠰᠦᠲᠡᠨ ᠢᠶᠠᠨ ᠰᠡᠷᠬᠦᠬᠡᠨ ᠮᠠᠨᠳᠤᠭᠤᠯᠬᠤ ᠬᠦᠨᠳᠦ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠨᠠᠩ ᠣᠯᠠᠨ ᠴᠢᠷᠮᠠᠶᠢᠨ ᠬᠥᠮᠦᠵᠢᠭᠦᠯᠬᠦ ᠬᠡᠷᠡᠭᠲᠡᠶ
ᠨᠡᠶᠢᠲᠡᠯᠡᠭᠰᠡᠨ ᠴᠠᠭ᠄
2024/5/13
   ᠳ᠋ᠢᠩ ᠰᠢᠤᠸᠠᠢ ᠰᠢᠶᠠᠩ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢ ᠠᠬᠢᠭᠤᠯᠬᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ   ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠢᠢᠷ᠎ᠠ ᠳᠤ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠳᠤ ᠴᠢᠬᠤᠯᠠ ᠵᠢᠭᠠᠪᠤᠷᠢ ᠥᠭᠴᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠰᠤᠷᠭᠠᠨ ᠬᠥᠮᠦᠵᠢᠯ ᠤᠨ ᠠᠵᠢᠯ ᠤᠨ ᠴᠢᠬᠤᠯᠠ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠳᠠᠬᠢ ᠤᠳᠤᠷᠢᠳᠤᠯᠭ᠎ᠠ ᠪᠦᠬᠦ ᠲᠠᠯ᠎ᠠ ᠪᠠᠷ ᠴᠢᠩᠭᠠᠷᠠᠵᠤ᠂ ᠡᠯ᠎ᠡ ᠱᠠᠲᠤ ᠡᠯ᠎ᠡ ᠲᠥᠷᠥᠯ ᠤᠨ ᠰᠤᠷᠭᠠᠭᠤᠯᠢ ᠶᠢᠨ ᠨᠡᠶᠢᠭᠡᠮ ᠵᠢᠷᠤᠮ ᠤᠨ ᠰᠤᠷᠭᠠᠭᠤᠯᠢ ᠡᠷᠭᠢᠯᠡᠬᠦ ᠴᠢᠭᠯᠡᠯ ᠨᠠᠩ ᠢᠯᠡ ᠲᠣᠳᠣ ᠪᠣᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠵᠢᠭᠠᠨ ᠰᠤᠷᠭᠠᠬᠤ ᠳᠤ ᠪᠠᠭ᠋ᠠᠲᠠᠢ ᠂ ᠵᠢᠭᠠᠨ ᠰᠤᠷᠭᠠᠬᠤ ᠳᠤ ᠴᠢᠳᠠᠮᠠᠭᠠᠢ᠂ ᠨᠢᠭᠡᠨ ᠰᠡᠳᠭᠢᠯ ᠢᠶᠠᠷ ᠬᠥᠮᠦᠨ ᠬᠥᠮᠦᠵᠢᠭᠦᠯᠬᠦ ᠢᠲᠡᠭᠡᠯ ᠵᠣᠷᠢᠭ ᠨᠠᠩ ᠲᠡᠭᠦᠯᠳᠡᠷ ᠪᠤᠯᠵᠤ᠂ ᠥᠷᠭᠡᠨ ᠣᠯᠠᠨ ᠵᠠᠯᠠᠭᠤ ᠪᠠᠭ᠎ᠠ ᠰᠤᠷᠤᠭᠴᠢᠳ ᠤᠨ ︽ᠳᠥᠷᠪᠡᠨ ᠢᠲᠡᠭᠡᠯ︾ ᠢᠯᠡᠳᠲᠡ ᠴᠢᠩᠭᠠᠷᠠᠵᠤ᠂ ᠣᠶᠤᠨ ᠰᠠᠨᠠᠭᠠᠨ ᠤ ᠳᠦᠷᠰᠦ ᠪᠠᠶᠢᠳᠠᠯ ᠴᠤᠭ ᠪᠠᠳᠠᠷᠠᠩᠭᠤᠶ ᠪᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠬᠥᠭᠵᠢᠯᠲᠡ ᠶᠢᠨ ᠣᠷᠴᠢᠨ ᠲᠣᠭᠤᠷᠢᠨ ᠪᠠ ᠪᠦᠬᠦᠯᠢ ᠴᠣᠭᠴᠠ ᠶᠢᠨ ᠠᠮᠢ ᠠᠬᠤᠶ ᠪᠦᠬᠦ ᠲᠠᠯ᠎ᠠ ᠶᠢᠨ ᠴᠢᠨᠠᠷᠲᠠᠶ᠂ ᠦᠨᠳᠦᠰᠦᠨ ᠴᠢᠨᠠᠷᠲᠠᠶ ᠬᠤᠪᠢᠷᠠᠯᠲᠠ ᠭᠠᠷᠴᠠᠢ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠳᠤ ᠰᠢᠨ᠎ᠡ ᠪᠠᠶᠢᠳᠠᠯ ᠰᠢᠨ᠎ᠡ ᠡᠭᠦᠷᠭᠡ ᠲᠤᠯᠭᠠᠷᠠᠵᠤ ᠪᠠᠶᠢᠨ᠎ᠠ᠂ ᠡᠷᠬᠡᠪᠰᠢ ᠰᠢᠨ᠎ᠡ ᠳᠦᠷᠰᠦ ᠪᠠᠶᠢᠳᠠᠯ ᠲᠠᠢ ᠪᠠᠶᠢᠵᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠪᠣᠯᠤᠨ ᠨᠠᠮ ᠤᠨ ᠰᠢᠨ᠎ᠡ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠵᠡᠷᠭᠡ ᠪᠠᠷ ᠠᠬᠢᠭᠤᠯᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠭᠤᠣᠯ ᠠᠭᠤᠯᠭ᠎ᠠ ᠪᠣᠯᠭᠠᠭᠰᠠᠨ ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠰᠢᠰᠲ᠋ᠧᠮ ᠢ ᠪᠠᠶᠢᠭᠤᠯᠵᠤ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠤᠷᠭᠠᠨ ᠬᠥᠮᠦᠵᠢᠯ ᠢ ᠨᠢᠭᠡ ᠴᠤᠬᠴᠠᠵᠢᠭᠤᠯᠬᠤ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠬᠡᠷᠡᠭᠲᠡᠢ᠃ ᠮᠠᠷᠺᠰ ᠤᠨ ᠦᠵᠡᠯ ᠤᠨ ᠵᠢᠯᠣᠭᠤᠳᠬᠤ ᠪᠠᠶᠢᠷᠢ ᠰᠠᠭᠤᠷᠢ ᠶᠢ ᠢᠮᠠᠭᠲᠠ ᠪᠠᠷᠢᠮᠲᠠᠯᠠᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠯᠤᠭᠰᠠᠨ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠪᠠᠷ ᠠᠭᠤᠯᠭ᠎ᠠ ᠶᠢᠨ ᠲᠦᠰᠢᠭ ᠲᠤᠯᠭᠠᠭᠤᠷᠢ ᠪᠣᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ ᠪᠠ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢᠶᠠᠷ ᠬᠦᠴᠦᠨ ᠴᠢᠳᠠᠯ ᠤᠨ ᠰᠠᠭᠤᠷᠢ ᠪᠣᠯᠭᠠᠵᠤ᠂ ᠶᠣᠰᠣ ᠤᠴᠢᠷ ᠢ ᠭᠦᠨᠵᠡᠭᠡᠢ ᠪᠥᠭᠡᠳ ᠨᠡᠪᠲᠡᠷᠬᠡᠢ ᠶᠠᠷᠢᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢᠨ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢ ᠠᠬᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠬᠠᠨᠳᠤᠯᠭᠠᠲᠤ ᠴᠢᠨᠠᠷ ᠪᠠ ᠲᠠᠲᠠᠬᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠬᠠᠶᠢᠷ᠎ᠠ ᠰᠡᠳᠭᠢᠯᠭᠡ ᠭᠦᠨ ᠵᠤᠵᠠᠭᠠᠨ᠂ ᠰᠡᠳᠭᠢᠬᠦᠢ ᠰᠢᠨ᠎ᠡ᠂ ᠬᠠᠷᠠᠭᠠᠰᠤ ᠥᠷᠭᠡᠨ᠂ ᠪᠡᠶ᠎ᠡ ᠪᠠᠨ ᠴᠢᠩᠭ᠎ᠠ ᠱᠠᠭᠠᠷᠳᠠᠬᠤ᠂ ᠬᠥᠮᠦᠨ ᠴᠢᠨᠠᠷ ᠲᠥᠪ ᠴᠢᠬᠡᠴᠢ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃   ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠤᠬᠠᠮᠰᠠᠷ ᠠᠴᠠ ᠪᠠᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠰᠢᠨ᠎ᠡ ᠴᠠᠭ ᠦᠶ᠎ᠡ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠴᠦ᠂ ᠨᠠᠮ ᠢ ᠰᠠᠨᠠᠭ᠎ᠠ ᠠᠮᠤᠷ ᠪᠠᠶᠢᠯᠭᠠᠬᠤ᠂ ᠤᠯᠤᠰ ᠢᠶᠠᠨ ᠬᠠᠶᠢᠷᠠᠯᠠᠵᠤ ᠬᠤᠪᠢ ᠨᠡᠮᠡᠷᠢ ᠦᠵᠡᠭᠦᠯᠬᠦ᠂ ᠦᠨᠳᠦᠰᠦᠲᠡᠨ ᠢᠶᠠᠨ ᠰᠡᠷᠬᠦᠬᠡᠨ ᠮᠠᠨᠳᠤᠭᠤᠯᠬᠤ ᠬᠦᠨᠳᠦ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠨᠠᠩ ᠣᠯᠠᠨ ᠴᠢᠷᠮᠠᠶᠢᠨ ᠬᠥᠮᠦᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃   ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠠᠬᠢᠭᠤᠯᠬᠤ ᠬᠤᠷᠠᠯ 5 ᠰᠠᠷ᠎ᠠ ᠶᠢᠨ 11 ᠤ ᠡᠳᠦᠷ ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃   ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ ᠤᠯᠤᠰ ᠲᠦᠷᠦ ᠶᠢᠨ ᠰᠢᠨᠵᠢ ᠴᠢᠨᠠᠷ᠂ ᠪᠠᠶᠢᠯᠳᠤᠬᠤ ᠪᠤᠳᠤᠯᠭ᠎ᠠ ᠶᠢᠨ ᠰᠢᠨᠵᠢ ᠴᠢᠨᠠᠷ᠂ ᠠᠷᠠᠳ ᠤᠨ ᠠᠮᠢᠳᠤᠷᠠᠯ ᠤᠨ ᠰᠢᠨᠵᠢ ᠴᠢᠨᠠᠷ ᠢ ᠪᠠᠲᠤ ᠡᠵᠡᠮᠳᠡᠵᠦ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢ ᠨᠠᠮ ᠠᠴᠠ ᠰᠤᠷᠭᠠᠨ ᠬᠥᠮᠦᠵᠢᠯ ᠤᠨ ᠠᠵᠢᠯ ᠢ ᠤᠳᠤᠷᠢᠳᠬᠤ ᠶᠢᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠡᠭᠦᠳᠦᠭᠰᠡᠨ ᠤᠨᠤᠯ ᠢᠶᠠᠷ ᠵᠢᠯᠤᠭᠤᠳᠤᠯᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠠᠭᠤᠤ ᠶᠡᠭᠡ ᠦᠢᠯᠡᠳᠦᠯᠭᠡ ᠳᠤ ᠰᠠᠭᠤᠷᠢᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠠᠰᠤᠷᠠᠯᠳᠠ ᠦᠭᠡᠢ ᠠᠬᠢᠭᠤᠯᠵᠤ᠂ ᠨᠠᠮ ᠤᠨ ᠦᠢᠯᠡᠰ ᠪᠣᠯᠤᠨ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤ ᠵᠠᠯᠭᠠᠮᠵᠢᠯᠠᠭᠴᠢ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃   ᠳ᠋ᠢᠩ ᠰᠢᠤᠸᠠᠢ ᠰᠢᠶᠠᠩ᠂ ᠰᠢᠨ᠎ᠡ ᠴᠠᠭ ᠦᠶ᠎ᠡ ᠰᠢᠨ᠎ᠡ ᠠᠶᠠᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠲᠠᠢ ᠨᠢᠭᠳᠠ ᠤᠶᠠᠯᠳᠤᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠪᠣᠯᠤᠨ ᠨᠠᠮ ᠤᠨ ᠰᠢᠨ᠎ᠡ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠵᠡᠷᠭᠡ ᠪᠠᠷ ᠠᠬᠢᠭᠤᠯᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠭᠤᠤᠯ ᠠᠭᠤᠯᠭ᠎ᠠ ᠪᠣᠯᠭᠠᠭᠰᠠᠨ ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠨᠠᠮ ᠤᠨ ᠰᠢᠨ᠎ᠡ ᠡᠭᠦᠳᠦᠭᠰᠡᠨ ᠣᠨᠣᠯ ᠤᠨ ᠬᠠᠮᠤᠭ ᠤᠨ ᠰᠢᠨ᠎ᠡ ᠦᠷ᠎ᠡ ᠪᠦᠲᠦᠭᠡᠯ ᠢ ᠲᠠᠷᠢᠬᠢᠨ ᠳᠤ ᠬᠠᠳᠠᠩᠰᠢᠭᠤᠯᠤᠨ ᠰᠡᠳᠭᠢᠯ ᠳᠤ ᠰᠠᠭᠤᠭᠳᠠᠭᠤᠯᠬᠤ ᠶᠢ ᠠᠬᠢᠭᠤᠯᠬᠤ ᠬᠡᠷᠡᠭᠳᠠᠢ᠃ ᠰᠢᠨ᠎ᠡ ᠴᠠᠭ ᠦᠶ᠎ᠡ ᠶᠢᠨ ᠠᠭᠤᠤ ᠶᠡᠭᠡ ᠠᠮᠵᠢᠯᠲᠠ ᠪᠦᠲᠦᠮᠵᠢ ᠶᠢᠨ ᠬᠥᠮᠦᠵᠢᠭᠦᠯᠦᠨ ᠤᠷᠮᠠᠰᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠠᠭᠤᠯᠭ᠎ᠠ ᠶᠢ ᠪᠠᠶᠠᠯᠢᠭᠵᠢᠭᠤᠯᠤᠨ᠂ ᠰᠢᠨ᠎ᠡ ᠴᠠᠭ ᠦᠶ᠎ᠡ ᠶᠢᠨ ᠥᠯᠢᠭᠡᠷ ᠢ ᠰᠠᠶᠢᠲᠤᠷ ᠶᠠᠷᠢᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠨᠠᠮ ᠤᠨ ᠰᠢᠨ᠎ᠡ ᠡᠭᠦᠳᠦᠭᠰᠡᠨ ᠣᠨᠣᠯ ᠤᠨ ᠦᠢᠯᠡᠳᠦᠯᠭᠡ ᠶᠢᠨ ᠠᠤᠭ᠎ᠠ ᠬᠦᠴᠦᠨ ᠢ ᠮᠡᠳᠡᠷᠡᠭᠦᠯᠬᠦ ᠬᠡᠷᠡᠭᠲᠡᠶ᠃ ︽ᠦᠵᠡᠯ ᠰᠠᠨᠠᠭ᠎ᠠ ᠤᠯᠤᠰ ᠲᠥᠷᠥ ᠶᠢᠨ ᠬᠠᠮ ᠬᠢᠴᠢᠶᠡᠯ︾ ᠢᠶᠠᠷ ᠪᠥᠬᠦ ᠲᠠᠯ᠎ᠠ ᠪᠠᠷ ᠬᠥᠮᠦᠨ ᠬᠥᠮᠦᠵᠢᠭᠦᠯᠬᠦ ᠰᠢᠨ᠎ᠡ ᠪᠠᠶᠢᠷᠢᠰᠢᠯ ᠢ ᠥᠷᠭᠡᠳᠭᠡᠵᠦ᠂ ᠦᠵᠡᠯ ᠰᠠᠨᠠᠭ᠎ᠠ ᠤᠯᠤᠰ ᠲᠥᠷᠥ ᠶᠢᠨ ᠵᠢᠵᠢᠭ ᠬᠢᠴᠢᠶᠡᠯ ᠤᠨ ᠲᠠᠩᠬᠢᠮ ᠪᠠ ᠨᠡᠶᠢᠭᠡᠮ ᠤᠨ ᠶᠡᠭᠡ ᠬᠢᠴᠢᠶᠡᠯ ᠤᠨ ᠲᠠᠩᠬᠢᠮ ᠢ ᠤᠶᠠᠯᠳᠤᠭᠤᠯᠵᠤ᠂ ᠰᠤᠷᠤᠭᠴᠢᠳ ᠲᠤ ᠤᠯᠤᠰ ᠤᠨ ᠪᠠᠶᠢᠳᠠᠯ ᠠᠷᠠᠳ ᠤᠨ ᠪᠠᠶᠢᠳᠠᠯ ᠢ ᠨᠠᠩ ᠰᠠᠶᠢᠲᠤᠷ ᠣᠶᠢᠯᠠᠭᠠᠭᠤᠯᠬᠤ ᠶᠢ ᠠᠬᠢᠭᠤᠯᠵᠤ᠂ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠬᠤ ᠬᠡᠷᠡᠭᠳᠠᠢ᠃ ᠰᠤᠷᠭᠠᠨ ᠬᠥᠮᠦᠵᠢᠯ ᠤᠨ ᠵᠢᠮ᠎ᠡ ᠶᠣᠰᠣ ᠶᠢ ᠵᠢᠷᠤᠮᠯᠠᠵᠤ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠬᠢᠴᠢᠶᠡᠯ ᠤᠨ ᠬᠠᠷᠠᠯᠲᠠ ᠶᠢ ᠠᠯᠬᠤᠮ ᠳᠠᠷᠠᠭ᠎ᠠ ᠲᠠᠢ ᠪᠠᠷ᠂ ᠱᠠᠳᠤ ᠱᠠᠳᠤ ᠪᠠᠷ ᠳᠡᠭᠡᠭᠰᠢᠯᠡᠭᠦᠯᠦᠨ ᠲᠦᠯᠦᠪᠯᠡᠵᠤ᠂ ᠰᠤᠷᠤᠭᠴᠢᠳ ᠤᠨ ᠦᠵᠡᠯ ᠰᠠᠨᠠᠭ᠎ᠠ᠂ ᠰᠤᠷᠤᠯᠴᠠᠯᠭ᠎ᠠ ᠪᠠ ᠠᠮᠢᠳᠤᠷᠠᠯ ᠤᠨ ᠪᠣᠳᠠᠲᠤ ᠪᠠᠶᠢᠳᠠᠯ ᠳᠤ ᠣᠶᠢᠷᠠᠲᠤᠭᠤᠯᠵᠤ᠂ ᠰᠤᠷᠤᠭᠴᠢᠳ ᠢ ᠰᠣᠨᠣᠰᠬᠤ ᠳᠤᠷᠠᠲᠠᠶ ᠰᠤᠷᠤᠯᠴᠠᠬᠤ ᠳᠤᠷᠠᠲᠠᠶ ᠪᠤᠯᠭᠠᠵᠤ᠂ ᠣᠶᠢᠯᠠᠭᠠᠭᠤᠯᠤᠨ ᠡᠵᠡᠮᠰᠢᠭᠦᠯᠬᠦ ᠬᠡᠷᠡᠭᠳᠠᠢ᠃ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠢᠭᠠᠨ ᠰᠤᠷᠭᠠᠯᠲᠠ ᠶᠢ ᠲᠡᠷᠢᠭᠦᠨ ᠳᠤ ᠲᠠᠯᠪᠢᠬᠤ ᠶᠢ ᠳᠣᠪᠤᠶᠢᠯᠭᠠᠭᠰᠠᠨ ᠦᠨᠡᠯᠡᠯᠳᠡ ᠶᠢᠨ ᠰᠢᠰᠲᠤᠮ ᠢ ᠪᠦᠷᠢᠨᠰᠢᠭᠦᠯᠵᠦ᠂ ᠪᠠᠭᠰᠢ ᠶᠢᠨ ᠪᠠᠶᠢᠷᠢ ᠰᠠᠭᠤᠷᠢ ᠪᠠ ᠬᠦᠯᠦᠰᠦ ᠣᠯᠭᠤᠮᠵᠢ ᠶᠢ ᠪᠠᠲᠤᠯᠠᠬᠤ ᠲᠣᠭᠲᠡᠴᠡ ᠶᠢ ᠲᠡᠭᠦᠯᠳᠡᠷᠵᠢᠭᠦᠯᠬᠦ ᠬᠡᠷᠡᠭᠳᠠᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢᠨ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃   ᠲᠥᠪ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠳᠠ ᠶᠢᠨ ᠬᠤᠷᠢᠶ᠎ᠠ ᠶᠢᠨ ᠠᠯᠪᠠᠨ ᠬᠡᠷ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠪᠡᠭᠡᠵᠢᠩ ᠬᠤᠲᠠ᠂ ᠹᠦᠵᠢᠶᠠᠨ ᠮᠤᠵᠢ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ᠂ ᠹᠦᠳᠠᠨ ᠶᠡᠭᠡ ᠰᠤᠷᠭᠠᠭᠤᠯᠢ᠂ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠴᠠᠩᠱᠠ ᠬᠤᠲᠠ ᠶᠢᠨ ᠢᠦᠶ ᠵᠢᠩ ᠪᠠᠭ᠎ᠠ ᠰᠤᠷᠭᠠᠭᠤᠯᠢ ᠶᠢᠨ ᠬᠤᠯᠪᠣᠭᠳᠠᠯ ᠪᠥᠬᠦᠶ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃   ᠯᠢ ᠭᠠᠨ ᠵᠢᠶᠧ᠂ ᠯᠢ ᠱᠣ᠋ ᠯᠸᠢ ᠬᠤᠷᠠᠯ ᠳᠤ ᠣᠷᠣᠯᠴᠠᠪᠠ᠃   ᠲᠥᠪ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠰᠢᠯᠢᠳᠡᠭ ᠪᠠᠭᠰᠢ ᠨᠠᠷ ᠤᠨ ᠲᠥᠯᠥᠭᠡᠯᠡᠭᠴᠢᠳ ᠬᠤᠷᠠᠯ ᠳᠤ ᠣᠷᠣᠯᠴᠠᠵᠠᠢ᠃   ᠬᠤᠷᠠᠯ ᠠᠴᠠ ᠡᠮᠦᠨ᠎ᠡ᠂ ᠳ᠋ᠢᠩ ᠰᠢᠤᠸᠠᠢ ᠰᠢᠶᠠᠩ ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠪᠣᠯᠤᠨ ᠪᠡᠭᠡᠵᠢᠩ ᠬᠤᠳᠠ ᠶᠢᠨ 159 ᠳ᠋ᠤᠭᠡᠷ ᠳᠤᠮᠳᠠᠳᠤ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠵᠦ ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠰᠦᠯᠵᠢᠶᠡᠨ ᠳᠡᠭᠡᠷ᠎ᠠ ᠪᠠ ᠬᠢᠴᠢᠶᠡᠯ ᠤᠨ ᠲᠠᠩᠬᠢᠮ ᠳᠤ ᠬᠠᠮᠲᠤ ᠪᠠᠷ ᠬᠢᠴᠢᠶᠡᠯ ᠪᠡᠯᠡᠳᠭᠡᠵᠦ ᠪᠠᠶᠢᠭ᠎ᠠ ᠪᠠᠶᠢᠳᠠᠯ ᠢ ᠣᠶᠢᠯᠠᠭᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ ᠶᠢ ᠰᠣᠨᠣᠰᠴᠤ᠂ ᠪᠠᠭᠰᠢ ᠪᠣᠯᠤᠨ ᠰᠤᠷᠤᠭᠴᠢᠳ ᠲᠠᠢ ᠰᠠᠨᠠᠯ ᠢᠶᠠᠨ ᠰᠣᠯᠢᠯᠴᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 11 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号