ᠪᠦᠬᠦ ᠣᠷᠣᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠯᠣᠭᠤᠳᠬᠤ ᠭᠠᠵᠠᠷ ᠤᠨ 2024 ᠣᠨ ᠤ ᠠᠩᠬᠠᠳᠤᠭᠠᠷ ᠤᠳᠠᠭ᠎ᠠ ᠶᠢᠨ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/15
   ᠳᠠᠶᠢᠴᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ   5 ᠰᠠᠷ᠎ᠠ ᠶᠢᠨ 13 ᠤ ᠡᠳᠦᠷ᠂ ᠪᠦᠬᠦ ᠣᠷᠣᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠯᠣᠭᠤᠳᠬᠤ ᠭᠠᠵᠠᠷ ᠤᠨ 2024 ᠣᠨ ᠤ ᠠᠩᠬᠠᠲᠤᠭᠠᠷ ᠤᠳᠠᠭ᠎ᠠ ᠶᠢᠨ ᠬᠠᠮᠲᠤᠷᠠᠭᠰᠠᠨ ᠬᠤᠷᠠᠯ ᠬᠥᠬᠡᠬᠤᠲᠠ ᠳᠤ ᠬᠤᠷᠠᠯᠳᠤᠪᠠ᠃   ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃   ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠠᠭ ᠠᠭᠤᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠨᠠᠨ ᠬᠡᠮᠵᠢᠵᠦ ᠤᠷᠢᠳᠴᠢᠯᠠᠨ ᠮᠡᠳᠡᠭᠦᠯᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠪᠦᠬᠦ ᠬᠦᠴᠦᠨ ᠢᠶᠠᠷ ᠳᠡᠭᠡᠭᠰᠢᠯᠡᠭᠦᠯᠵᠦ᠂ ᠴᠠᠭ ᠠᠭᠤᠷ ᠤᠨ ᠭᠠᠮᠰᠢᠭ ᠤᠨ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠢᠳᠡᠪᠬᠢᠲᠡᠢ ᠥᠷᠨᠢᠭᠦᠯᠵᠦ᠂ ᠴᠠᠭ ᠠᠭᠤᠷ ᠤᠨ ᠲᠠᠷᠢᠶᠠᠯᠠᠩ ᠳᠤ ᠦᠢᠯᠡᠴᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠮᠠᠨ ᠤ ᠣᠷᠣᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠪᠠ ︽ᠵᠢᠷᠭᠤᠭᠠᠨ ᠢᠨᠵᠧᠨᠧᠷᠢᠩ︾ ᠢ ᠰᠠᠶᠢᠲᠤᠷ ᠪᠡᠶᠡᠯᠡᠭᠦᠯᠬᠦ ᠳᠤ ᠬᠦᠴᠦᠲᠡᠢ ᠴᠠᠭ ᠠᠭᠤᠷ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃   
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号