ᠲᠦᠷᠦᠭᠦᠦ ᠤᠯᠠᠷᠢᠯ ᠳᠤ ᠪᠦᠬᠦ ᠣᠷᠣᠨ ᠢᠶᠠᠷ ᠢᠶᠠᠨ 3077 ᠲᠦᠮᠡᠨ ᠪᠤᠳᠠ ᠪᠤᠭ ᠮᠠᠯ ᠤᠨ ᠲᠦᠯ ᠳᠤᠰᠪᠠ
ᠨᠡᠶᠢᠲᠡᠯᠡᠭᠰᠡᠨ ᠴᠠᠭ᠄
2024/5/15
   ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠦ ᠤᠯᠠᠷᠢᠯ ᠳᠤ ᠪᠦᠬᠦ ᠣᠷᠣᠨ ᠢᠶᠠᠷ ᠢᠶᠠᠨ 3077 ᠲᠦᠮᠡᠨ ᠪᠤᠳᠠ ᠪᠤᠭ ᠮᠠᠯ ᠤᠨ ᠲᠦᠯ ᠳᠤᠰᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.65% ᠪᠠᠷ ᠨᠡᠮᠡᠭᠳᠡᠨ᠂ ᠲᠥᠯ ᠮᠠᠯ ᠤᠨ ᠪᠤᠶᠢᠵᠢᠯᠳᠠ ᠶᠢᠨ ᠨᠣᠷᠮ᠎ᠠ 98% ᠶᠢ ᠳᠠᠪᠠᠪᠠ᠃ ᠲᠦᠷᠦᠭᠦᠦ ᠤᠯᠠᠷᠢᠯ ᠳᠤ ᠪᠦᠬᠦ ᠣᠷᠣᠨ ᠤ ᠮᠢᠬᠠᠨ ᠤ ᠦᠬᠡᠷ ᠪᠤᠯᠤᠨ ᠪᠤᠭ ᠮᠠᠯ ᠤᠨ ᠲᠤᠭ᠎ᠠ ᠲᠤᠰ ᠲᠤᠰ 950.1 ᠲᠦᠮᠡ ᠪᠠ 6947.7 ᠲᠦᠮᠡ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠤᠰ ᠲᠤᠰ 7.9% ᠪᠠ 0.9% ᠪᠠᠷ ᠨᠡᠮᠡᠭᠳᠡᠪᠡ︔ ᠦᠬᠡᠷ ᠤᠨ ᠮᠢᠬ᠎ᠠ ᠪᠤᠯᠤᠨ ᠬᠤᠨᠢᠨ ᠮᠢᠬ᠎ᠠ ᠶᠢᠨ ᠭᠠᠷᠤᠯᠳᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠤᠰ ᠲᠤᠰ 9.8% ᠪᠠ 4.9% ᠪᠠᠷ ᠨᠡᠮᠡᠭᠳᠡᠭᠰᠡᠨ ᠪᠠᠶᠢᠨ᠎ᠠ᠃   ᠲᠥᠯ ᠲᠣᠰᠴᠤ ᠪᠤᠶᠢᠵᠢᠭᠤᠯᠬᠤ ᠪᠣᠯ ᠮᠠᠯ ᠳᠡᠵᠢᠭᠡᠪᠦᠷᠢ ᠶᠢᠨ ᠦᠢᠯᠡᠰ ᠤᠨ ᠵᠠᠩᠭᠢᠯᠠᠭ᠎ᠠ ᠶᠢᠨ ᠭᠤᠭᠴᠤᠭ᠎ᠠ ᠪᠣᠯᠬᠤ ᠪᠥᠭᠡᠳ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠦᠷ᠎ᠡ ᠪᠦᠲᠦᠮᠵᠢ ᠲᠠᠢ ᠰᠢᠭᠤᠳ ᠬᠤᠯᠪᠣᠭᠳᠠᠵᠤ ᠪᠠᠶᠢᠳᠠᠭ᠃ ᠲᠥᠯ ᠲᠣᠰᠴᠤ ᠪᠤᠶᠢᠵᠢᠭᠤᠯᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠬᠤ ᠶᠢᠨ ᠲᠥᠯᠥᠭᠡ ᠪᠦᠬᠦ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠰᠠᠯᠠᠭ᠎ᠠ ᠮᠥᠴᠢᠷ ᠤᠳ ᠮᠠᠯ ᠠᠵᠤ ᠠᠬᠤᠢ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠥᠬᠡᠢ ᠴᠢᠩᠭᠠᠳᠬᠠᠨ᠂ ᠮᠠᠯ ᠤᠨᠤᠭᠠᠨ ᠤ ᠳᠤᠯᠠᠭᠠᠨ ᠰᠠᠷᠠᠪᠴᠢ᠂ ᠡᠪᠡᠰᠦ ᠬᠠᠳᠠᠭᠠᠯᠠᠬᠤ ᠰᠠᠷᠠᠪᠴᠢ ᠪᠠ ᠬᠦᠭᠡ ᠳᠠᠷᠤᠰᠢ ᠳᠠᠷᠤᠰᠢᠭᠤᠯᠬᠤ ᠲᠦᠭᠦᠭᠡᠷᠦᠮᠵᠢ ᠵᠡᠷᠭᠡ ᠶᠢ ᠳᠡᠰ ᠳᠡᠪᠰᠢᠭᠦᠯᠵᠦ᠂ ᠲᠦᠯ ᠳᠤᠰᠬᠤ ᠠᠵᠢᠯ ᠤᠨ ᠠᠮᠤᠷ ᠲᠦᠪᠰᠢᠨ ᠴᠢᠨᠠᠷ ᠪᠤᠯᠤᠨ ᠡᠬᠡ ᠮᠠᠯ ᠤᠨ ᠲᠠᠷᠭᠤ ᠬᠦᠴᠦ ᠶᠢ ᠪᠠᠳᠤᠯᠠᠬᠤ ᠠᠵᠢᠯ ᠢ ᠪᠦᠲᠦᠮᠵᠢᠲᠡᠢ ᠳᠡᠭᠡᠭᠰᠢᠯᠡᠭᠦᠯᠵᠠᠢ᠃ ᠡᠭᠦᠨ ᠤ ᠬᠠᠮᠲᠤ ᠳᠡᠵᠢᠭᠡᠯ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠡᠵᠢᠭᠡᠪᠦᠷᠢ ᠶᠢᠨ ᠡᠷᠦᠬᠡ ᠶᠢ ᠵᠢᠯᠣᠭᠤᠳᠤᠨ ᠳᠡᠵᠢᠭᠡᠯ ᠡᠪᠡᠰᠦ ᠪᠣᠷᠳᠤᠭ᠎ᠠ ᠬᠤᠳᠠᠯᠳᠤᠨ ᠠᠪᠬᠤ ᠠᠷᠭ᠎ᠠ ᠵᠠᠮ ᠢ ᠰᠢᠯᠤᠭᠤᠳᠬᠠᠨ᠂ ᠡᠬᠡ ᠮᠠᠯ ᠳᠤ ᠲᠡᠵᠢᠭᠡᠯ ᠨᠥᠬᠦᠪᠥᠷᠢᠯᠡᠬᠦ ᠠᠵᠢᠯ ᠢ ᠰᠠᠶᠢᠲᠤᠷ ᠬᠢᠵᠦ᠂ ᠲᠥᠯ ᠮᠠᠯ ᠤᠨ ᠲᠡᠵᠢᠭᠡᠯ ᠪᠣᠷᠳᠤᠭ᠎ᠠ ᠶᠢᠨ ᠰᠢᠮ᠎ᠡ ᠲᠡᠵᠢᠭᠡᠯ ᠵᠦᠢ ᠵᠣᠬᠢᠰᠲᠠᠢ᠂ ᠬᠠᠩᠭᠠᠯᠭ᠎ᠠ ᠭᠦᠢᠴᠡᠳ ᠪᠠᠶᠢᠬᠤ ᠶᠢ ᠦᠨᠡᠨ ᠬᠦ ᠪᠠᠲᠤᠯᠠᠪᠠ᠃ ᠪᠠᠰᠠ ᠲᠡᠵᠢᠭᠡᠪᠦᠷᠢ ᠶᠢᠨ ᠡᠷᠦᠬᠡ ᠶᠢ ᠵᠢᠯᠣᠭᠤᠳᠤᠨ ᠡᠬᠡ ᠮᠠᠯ ᠤᠨ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠰᠠᠶᠢᠲᠤᠷ ᠠᠳᠬᠤᠵᠤ᠂ ᠲᠥᠯ ᠮᠠᠯ ᠤᠨ ᠪᠤᠶᠢᠵᠢᠯᠳᠠ ᠶᠢᠨ ᠨᠣᠷᠮ᠎ᠠ ᠶᠢ ᠳᠡᠭᠡᠭᠰᠢᠯᠡᠭᠦᠯᠬᠦ ᠶᠢᠨ ᠬᠠᠮᠲᠤ᠂ ᠲᠤᠰᠬᠠᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠭᠡᠮ ᠬᠢᠵᠢᠭ ᠢ ᠰᠡᠷᠭᠡᠶᠢᠯᠡᠨ ᠵᠠᠰᠠᠬᠤ ᠪᠠ ᠬᠠᠰᠢᠶ᠎ᠠ ᠰᠠᠷᠠᠪᠴᠢ ᠶᠢ ᠠᠷᠢᠭᠤᠳᠬᠠᠬᠤ ᠠᠵᠢᠯ ᠢ ᠴᠢᠩᠭᠠᠳᠬᠠᠨ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠮᠡᠷᠭᠡᠵᠢᠯ ᠢ ᠢᠳᠡᠪᠬᠢᠲᠡᠢ ᠳᠡᠯᠭᠡᠷᠡᠭᠦᠯᠵᠦ᠂ ᠲᠡᠵᠢᠭᠡᠪᠦᠷᠢ ᠶᠢᠨ ᠡᠷᠦᠬᠡ ᠳᠤ ᠠᠯᠢ ᠤᠯᠠᠨ ᠮᠡᠷᠭᠡᠵᠢᠯ ᠤᠨ ᠪᠠᠲᠤᠯᠠᠭ᠎ᠠ ᠬᠠᠩᠭᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号