ᠬᠡᠦᠬᠡᠳ ᠨᠢᠳᠦ ᠪᠠᠷ ᠢᠶᠠᠨ ᠭᠡᠷ ᠪᠦᠯᠢ ᠶᠢᠨ ᠬᠦᠴᠦᠷᠬᠡᠭᠯᠡᠯ ᠢ ᠦᠵᠡᠬᠦ ᠨᠢ ᠪᠠᠰᠠ ᠭᠡᠷ ᠪᠦᠯᠢ ᠶᠢᠨ ᠬᠦᠴᠦᠷᠬᠡᠭᠯᠡᠯ ᠤᠨ ᠬᠤᠬᠢᠷᠠᠯ ᠢ ᠠᠮᠰᠠᠵᠤ ᠪᠠᠶᠢᠭ᠎ᠠ ᠶᠠᠪᠤᠳᠠᠯ ᠮᠥᠨ︕
ᠨᠡᠶᠢᠲᠡᠯᠡᠭᠰᠡᠨ ᠴᠠᠭ᠄
2024/5/16
    ᠬᠡᠦᠬᠡᠳ ᠨᠢᠳᠦ ᠪᠠᠷ ᠢᠶᠠᠨ ᠭᠡᠷ ᠪᠦᠯᠢ ᠶᠢᠨ ᠬᠦᠴᠦᠷᠬᠡᠭᠯᠡᠯ ᠢ ᠦᠵᠡᠬᠦ ᠨᠢ ᠪᠠᠰᠠ ᠭᠡᠷ ᠪᠦᠯᠢ ᠶᠢᠨ ᠬᠦᠴᠦᠷᠬᠡᠭᠯᠡᠯ ᠤᠨ ᠬᠤᠬᠢᠷᠠᠯ ᠢ ᠠᠮᠰᠠᠵᠤ ᠪᠠᠶᠢᠭ᠎ᠠ ᠶᠠᠪᠤᠳᠠᠯ ᠮᠥᠨ︕ ᠨᠠᠰᠤᠨ ᠳᠤ ᠤᠶᠢᠯᠦ ᠬᠦᠷᠦᠭᠰᠡᠦᠠ ᠢ ᠬᠠᠮᠠᠭᠠᠯᠠᠬᠤ ᠬᠠᠤᠯᠢ ᠶᠢᠨ ᠬᠤᠷᠢᠨ ᠳᠥᠷᠪᠡᠳᠦᠭᠡᠷ ᠵᠦᠢᠯ ᠳᠤ᠂ ᠨᠠᠰᠤᠨ ᠳᠤ ᠤᠶᠢᠯᠦ ᠬᠦᠷᠦᠭᠰᠡᠦᠠ ᠢ ᠪᠤᠯᠢᠶᠠᠯᠴᠠᠬᠤ ᠪᠤᠶᠤ ᠨᠢᠭᠤᠨ ᠳᠠᠯᠳᠠᠯᠠᠬᠤ ᠵᠡᠷᠭᠡ ᠠᠷᠭ᠎ᠠ ᠮᠠᠶ᠋ᠢᠭ ᠢᠶᠠᠷ ᠠᠰᠠᠷᠠᠨ ᠲᠡᠵᠢᠭᠡᠬᠦ ᠡᠷᠬᠡ ᠶᠢ ᠪᠤᠯᠢᠶᠠᠯᠳᠤᠵᠤ ᠪᠣᠯᠬᠤ ᠤᠶᠢᠭᠡᠢ ᠃ ᠨᠠᠰᠤᠨ ᠳᠤ ᠬᠦᠷᠦᠭᠡᠳᠦᠢ ᠦᠷ᠎ᠡ ᠬᠡᠦᠬᠡᠳ ᠢᠶᠠᠨ ᠪᠤᠯᠢᠶᠠᠯᠴᠠᠬᠤ᠂ ᠨᠢᠭᠤᠨ ᠳᠠᠯᠳᠠᠯᠠᠬᠤ ᠠᠵᠢᠯᠯᠠᠭ᠎ᠠ ᠨᠢ ᠡᠴᠢᠭᠡ ᠡᠬᠡ ᠶᠢᠨ ᠬᠢᠨᠢ ᠨᠦᠬᠦᠭᠡ ᠡᠲᠡᠭᠡᠳ ᠤᠨ ᠦᠷ᠎ᠡ ᠬᠡᠦᠬᠡᠳ ᠢᠶᠠᠨ ᠬᠠᠤᠯᠢ ᠶᠣᠰᠣᠭᠠᠷ ᠠᠰᠠᠷᠠᠨ ᠲᠡᠵᠢᠭᠡᠬᠦ᠂ ᠰᠤᠷᠭᠠᠨ ᠬᠥᠮᠥᠵᠢᠭᠦᠯᠬᠦ᠂ ᠬᠠᠮᠠᠭᠠᠯᠠᠬᠤ ᠡᠷᠬᠡ ᠶᠢ ᠬᠤᠬᠢᠷᠠᠭᠤᠯᠬᠤ ᠪᠠᠷ ᠪᠠᠷᠠᠬᠤ ᠤᠶᠢᠭᠡᠢ᠂ ᠪᠠᠰᠠ ᠨᠠᠰᠤᠨ ᠳᠤ ᠬᠦᠷᠦᠭᠡᠳᠦᠢ ᠦᠷ᠎ᠡ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠡᠡᠳᠦ ᠶᠢ ᠬᠦᠨᠳᠦ ᠬᠡᠴᠡᠭᠦᠦ ᠬᠤᠬᠢᠷᠠᠭᠤᠯᠬᠤ ᠪᠣᠯᠬᠤᠷ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ ᠨᠠᠰᠤᠨ ᠳᠤ ᠥᠯᠥ ᠭᠦᠷᠦᠭᠰᠡᠳ ᠭᠡᠷ ᠪᠦᠯᠢ ᠶᠢᠨ ᠬᠦᠴᠦᠷᠬᠡᠭᠯᠡᠯ ᠢᠯᠠᠩᠭᠤᠶ᠎ᠠ ᠪᠡᠶ᠎ᠡ ᠮᠠᠬᠠᠪᠤᠳ ᠤᠨ ᠬᠦᠴᠦᠷᠬᠡᠭᠯᠡᠯ ᠢ ᠨᠢᠳᠦ ᠪᠠᠷ ᠢᠶᠠᠨ ᠦᠵᠡᠪᠡᠯ᠂ ᠲᠡᠭᠦᠨ ᠤ ᠰᠡᠳᠬᠢᠴᠡ ᠳᠤ ᠯᠤᠲᠤ ᠶᠡᠭᠡ ᠳᠠᠭᠠᠷᠢᠯᠲᠠ ᠤᠴᠠᠷᠠᠭᠤᠯᠬᠤ ᠪᠠᠷ ᠪᠠᠷᠠᠬᠤ ᠦᠭᠡᠢ᠂ ᠪᠠᠰᠠ ᠪᠤᠰᠤᠳ ᠤᠨ ᠠᠭᠤᠷ ᠬᠢᠯᠢᠩ ᠢᠶᠠᠨ ᠭᠠᠷᠭᠠᠬᠤ᠂ ᠬᠠᠷᠢᠶᠠᠯᠴᠠᠵᠤ ᠵᠣᠳᠣᠯᠴᠠᠬᠤ ᠵᠡᠷᠭᠡ ᠰᠢᠯᠲᠠᠭᠠᠨ ᠠᠴᠠ ᠪᠣᠯᠵᠤ ᠪᠡᠶ᠎ᠡ ᠰᠡᠳᠬᠢᠯ ᠳᠤᠨᠢ ᠰᠢᠷᠬ᠎ᠠ ᠰᠣᠷᠪᠢ ᠰᠠᠭᠤᠯᠭᠠᠵᠤ ᠮᠡᠳᠡᠨ᠎ᠡ᠂ ᠦᠷᠬᠦᠯᠵᠢ ᠡᠶᠢᠮᠦ ᠣᠷᠴᠢᠨ ᠳᠤ ᠪᠠᠶᠢᠭᠠᠳ ᠪᠠᠶᠢᠪᠠᠯ ᠴᠢᠨᠠᠭᠰᠢᠯᠠᠨ ︽ᠬᠦᠴᠦᠷᠬᠡᠭᠯᠡᠯ ᠢᠶᠠᠷ ᠠᠯᠢᠪᠠ ᠶᠢ ᠰᠢᠢᠳᠪᠦᠷᠢᠯᠡᠬᠦ︾ ᠪᠤᠷᠤᠭᠤ ᠦᠵᠡᠯᠲᠡ ᠲᠠᠢ ᠪᠣᠯᠵᠤ᠂ ᠲᠡᠭᠦᠨ ᠤ ᠦᠰᠦᠨ ᠪᠤᠶᠢᠵᠢᠯᠲᠠ ᠳᠤ ᠣᠮᠲᠣᠭᠠᠶᠢᠯᠠᠵᠤ ᠪᠣᠯᠣᠰᠢ ᠦᠭᠡᠢ ᠨᠠᠵᠠᠭᠠᠢ ᠨᠥᠯᠥᠭᠡ ᠦᠵᠡᠭᠦᠯᠵᠦ ᠮᠡᠳᠡᠨ᠎ᠡ᠃ ᠡᠴᠢᠭᠡ ᠡᠬᠡ ᠪᠣᠯ ᠬᠡᠦᠬᠡᠳ ᠤᠨ ᠠᠩᠬᠠᠨ ᠤ ᠪᠠᠭᠰᠢ ᠮᠥᠨ᠂ ᠬᠡᠦᠬᠡᠳ ᠢ ᠬᠥᠲᠥᠯᠥᠨ ᠵᠢᠯᠤᠭᠤᠳᠴᠤ ᠪᠠᠶᠢᠠᠭᠳ ᠮᠡᠳᠡᠯᠭᠡ ᠡᠵᠡᠮᠰᠢᠭᠦᠯᠵᠦ ᠡᠷᠳᠡᠮ ᠴᠢᠳᠠᠪᠤᠷᠢ ᠶᠢ ᠨᠢ ᠳᠡᠭᠡᠭᠰᠢᠯᠡᠭᠦᠯᠬᠦ ᠪᠠᠷ ᠪᠠᠷᠠᠬᠤ ᠦᠭᠡᠢ᠂ ᠨᠠᠩ ᠴᠤ ᠬᠡᠦᠬᠡᠳ ᠢ ᠬᠠᠪᠰᠤᠷᠤᠨ ᠰᠠᠶᠢᠨ ᠰᠠᠶᠢᠬᠠᠨ ᠵᠠᠩ ᠮᠣᠷᠠᠯ ᠪᠠ ᠦᠢᠯᠡ ᠠᠵᠢᠯᠯᠠᠭᠠᠨ ᠤ ᠳᠠᠳᠬᠠᠯ ᠲᠠᠢ ᠪᠣᠯᠭᠠᠬᠤ ᠬᠡᠷᠡᠭᠲᠡᠢ᠃ ᠭᠡᠪᠡᠴᠦ ᠪᠣᠳᠠᠲᠤ ᠠᠮᠢᠳᠤᠷᠠᠯ ᠳᠤᠮᠳᠠ᠂ ᠵᠠᠷᠢᠮ ᠡᠴᠢᠭᠡ ᠡᠬᠡ ᠨᠢ ᠰᠤᠷᠤᠯᠭ᠎ᠠ ᠶᠢᠨ ᠬᠢᠷᠢ ᠪᠦᠲᠦᠮᠵᠢ ᠪᠠᠷ ᠴᠣᠷ ᠤᠨ ᠭᠠᠭᠴᠠ ᠵᠣᠷᠢᠯᠭ᠎ᠠ ᠪᠣᠯᠭᠠᠵᠤ᠂ ᠬᠡᠦᠬᠡᠳ ᠤᠨ ᠡᠷᠡᠭᠦᠯ ᠴᠢᠭᠢᠷᠠᠭ ᠪᠡᠶ᠎ᠡ ᠮᠠᠬᠠᠪᠤᠳ ᠤᠨ ᠰᠡᠳᠬᠢᠴᠡ ᠶᠢᠨ ᠪᠤᠶᠢᠵᠢᠯᠲᠠ ᠶᠢᠨ ᠵᠢᠮ᠎ᠡ ᠶᠣᠰᠣ ᠶᠢ ᠣᠮᠲᠣᠭᠠᠶᠢᠯᠠᠳᠠᠭ︔ ᠵᠠᠷᠢᠮ ᠡᠴᠢᠭᠡ ᠡᠬᠡ  ᠨᠢ ︽ᠬᠠᠶᠢᠷ᠎ᠠ ᠶᠢᠨ ᠭᠦᠨ ᠤᠳᠬ᠎ᠠ ᠠᠭᠤᠯᠭ᠎ᠠ᠂ ᠬᠠᠷᠢᠭᠤᠴᠠᠯᠭ᠎ᠠ ᠶᠢᠨ ᠲᠤᠯᠭᠠᠮ᠎ᠠ ᠱᠠᠭᠠᠷᠳᠠᠯᠭ᠎ᠠ︾ ᠶᠢ ᠥᠷᠥᠭᠡᠰᠦᠭᠡᠯ ᠢᠶᠠᠷ ᠣᠶᠢᠯᠠᠭᠠᠵᠤ᠂ ᠬᠠᠯᠲᠤᠰᠬᠢᠪᠡᠯ ᠵᠣᠳᠣᠵᠤ ᠬᠠᠷᠢᠶᠠᠬᠤ ᠬᠡᠯᠪᠡᠷᠢ ᠪᠠᠷ ᠬᠡᠦᠬᠡᠳ ᠢ ᠬᠠᠮᠢᠶᠠᠷᠴᠤ ᠰᠤᠷᠭᠠᠳᠠᠭ︔ ᠵᠠᠷᠢᠮ ᠡᠴᠢᠭᠡ ᠡᠬᠡ ᠨᠢ ᠬᠡᠦᠬᠡᠳ ᠤᠨ ᠢᠶᠠᠨ ᠦᠨᠡᠨ ᠪᠣᠳᠠᠲᠠᠢ ᠬᠦᠰᠡᠯ ᠰᠠᠨᠠᠭ᠎ᠠ ᠶᠢ ᠪᠣᠳᠣᠯᠬᠢᠯᠠᠬᠤ ᠦᠭᠡᠢ ᠪᠠᠷ ᠥᠪᠡᠷ ᠤᠨ ᠰᠤᠷᠭᠠᠨ ᠬᠥᠮᠥᠵᠢᠭᠦᠯᠬᠦ ᠣᠶᠢᠯᠠᠭᠠᠭᠳᠠᠬᠤᠨ ᠪᠠ ᠰᠤᠷᠭᠠᠨ ᠬᠥᠮᠥᠵᠢᠭᠦᠯᠬᠦ ᠠᠷᠭ᠎ᠠ ᠮᠠᠶ᠋ᠢᠭ ᠢᠶᠠᠨ ᠠᠯᠪᠠ ᠪᠠᠷ ᠬᠡᠷᠡᠭᠵᠢᠭᠦᠯᠵᠦ ᠪᠠᠶᠢᠳᠠᠭ︔ ᠪᠠᠰᠠ ᠵᠠᠷᠢᠮ ᠡᠴᠢᠭᠡ ᠡᠬᠡ ᠨᠢ ᠠᠵᠢᠯ ᠠᠮᠢᠳᠤᠷᠠᠯ ᠤᠨ ᠳᠤᠮᠳᠠ ᠬᠤᠷᠠᠮᠳᠤᠭᠰᠠᠨ ᠳᠠᠷᠤᠯᠲᠠ ᠪᠠ ᠨᠠᠵᠠᠭᠠᠢ ᠰᠡᠳᠬᠢᠯᠭᠡ ᠪᠠᠨ ᠥᠪᠡᠷ ᠤᠨ ᠡᠷᠬᠡ ᠦᠭᠡᠢ ᠬᠡᠦᠬᠡᠳ ᠤᠨ ᠢᠶᠠᠨ ᠪᠡᠶ᠎ᠡ ᠳᠡᠭᠡᠷ᠎ᠡ ᠭᠠᠷᠭᠠᠳᠠᠭ᠃ ᠡᠲᠡᠭᠡᠷ ᠪᠡᠶ᠎ᠡ ᠮᠠᠬᠠᠪᠤᠳ ᠣᠶᠤᠨ ᠰᠠᠨᠠᠭᠠᠨ ᠤ ᠬᠠᠯᠳᠠᠯᠭ᠎ᠠ ᠶᠢᠨ ᠠᠵᠢᠯᠯᠠᠭ᠎ᠠ ᠨᠢ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠦᠨᠳᠦ ᠬᠡᠴᠡᠭᠦᠦ ᠨᠥᠯᠥᠭᠡᠯᠡᠵᠦ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号