ᠠᠮᠲᠠᠲᠤ ᠲᠥᠮᠥᠰᠥ ᠶᠢ ᠢᠩᠭᠢᠵᠦ ᠢᠳᠡᠪᠡᠯ ᠪᠡᠶ᠎ᠡ ᠳᠤ ᠪᠦᠷ ᠰᠠᠶᠢᠨ
ᠨᠡᠶᠢᠲᠡᠯᠡᠭᠰᠡᠨ ᠴᠠᠭ᠄
2024/5/16
   ᠠᠮᠲᠠᠲᠤ ᠲᠥᠮᠥᠰᠥ ᠶᠢ ᠢᠩᠭᠢᠵᠦ ᠢᠳᠡᠪᠡᠯ ᠪᠡᠶ᠎ᠡ ᠳᠤ ᠪᠦᠷ ᠰᠠᠶᠢᠨ ᠠᠮᠲᠠᠲᠤ ᠲᠥᠮᠥᠰᠥ ᠢᠳᠡᠬᠦ ᠳᠤᠷᠠᠲᠠᠢ ᠬᠥᠮᠥᠰ ᠲᠤ ᠰᠠᠨᠠᠭᠤᠯᠬᠤ ᠨᠢ᠂ ᠠᠮᠲᠠᠲᠤ ᠲᠥᠮᠥᠰᠥ ᠨᠢ ᠬᠥᠮᠥᠨ ᠪᠣᠯᠭᠠᠨ ᠳᠤ ᠲᠣᠬᠢᠷᠠᠬᠤ ᠢᠳᠡᠭᠡᠨ ᠪᠢᠰᠢ ᠰᠢᠦ ᠳ᠋ᠠ ᠵᠠᠷᠢᠮ ᠬᠥᠮᠥᠨ ᠤ ᠬᠤᠳᠣᠭᠤᠳᠤ ᠭᠡᠳᠡᠰᠦ ᠪᠠ ᠤᠨᠲᠠᠯᠭ᠎ᠠ ᠶᠢ ᠴᠢᠨᠢ ᠨᠥᠯᠥᠭᠡᠯᠡᠵᠦ ᠮᠡᠳᠡᠨ᠎ᠡ᠃ ᠠᠮᠲᠠᠲᠤ ᠲᠥᠮᠥᠰᠥ ᠶᠢ ᠰᠢᠷᠠᠭᠰᠠᠨ ᠴᠤ ᠲᠡᠷᠡ᠂ ᠵᠢᠩᠨᠡᠵᠦ ᠴᠢᠨᠠᠭᠰᠠᠨ ᠴᠤ ᠲᠡᠷᠡ᠂ ᠢᠳᠡᠬᠦ ᠦᠶ᠎ᠡ ᠳᠤ ᠪᠠᠰᠠ ᠬᠡᠳᠦᠨ ᠵᠦᠢᠯ ᠢ ᠠᠩᠬᠠᠷᠬᠤ ᠬᠡᠷᠡᠭᠲᠡᠢ᠄ ① ᠳᠡᠯᠢᠭᠦᠦ ᠬᠤᠳᠣᠭᠤᠳᠤ ᠮᠠᠭᠤ ᠪᠣᠯ ᠪᠠᠭ᠎ᠠ ᠢᠳᠡᠬᠦ ᠪᠤᠶᠤ ᠢᠳᠡᠬᠦ ᠦᠭᠡᠢ ᠪᠠᠶᠢᠪᠠᠯ ᠵᠣᠬᠢᠨ᠎ᠠ᠂ ᠡᠶᠢᠮᠦ ᠪᠠᠶᠢᠳᠠᠯ ᠳᠤ ᠢᠳᠡᠪᠡᠯ ᠬᠤᠳᠣᠭᠤᠳᠤᠨ ᠤ ᠳᠠᠷᠤᠯᠲᠠ ᠶᠢ ᠠᠮᠠᠷᠬᠠᠨ ᠨᠡᠮᠡᠭᠳᠡᠭᠦᠯᠵᠦ᠂ ᠬᠤᠳᠣᠭᠤᠳᠤ ᠶᠢ ᠡᠪ ᠦᠭᠡᠢ ᠪᠣᠯᠭᠠᠨ᠎ᠠ᠃ ② ᠤᠨᠲᠠᠬᠤ ᠠᠴᠠ ᠪᠠᠨ ᠡᠮᠦᠨ᠎ᠡ ᠢᠳᠡᠬᠦ ᠦᠭᠡᠢ ᠪᠠᠶᠢᠪᠠᠯ ᠵᠣᠬᠢᠨ᠎ᠠ᠂ ᠬᠡᠷᠪᠡ ᠤᠨᠲᠠᠬᠤ ᠠᠴᠠ ᠪᠠᠨ ᠡᠮᠦᠨ᠎ᠡ ᠢᠳᠡᠪᠡᠯ ᠭᠡᠳᠡᠰᠦ ᠬᠥᠭᠡᠭᠡᠵᠦ᠂ ᠢᠰᠬᠦᠯᠡᠩ ᠠᠮᠲᠠᠭᠳᠠᠨ᠂ ᠬᠡᠪ ᠤᠨ ᠤᠨᠲᠠᠯᠭ᠎ᠠ ᠶᠢ ᠬᠠᠷᠰᠢᠯᠠᠨ᠎ᠠ᠃ ③ ᠰᠢᠬᠢᠷᠯᠢᠭ ᠢᠳᠡᠭᠡᠨ ᠲᠠᠢ ᠬᠠᠮᠲᠤ ᠢᠳᠡᠵᠦ ᠪᠣᠯᠬᠤ ᠦᠭᠡᠢ᠂ ᠢᠩᠭᠢᠪᠡᠯ ᠬᠤᠳᠣᠭᠤᠳᠤ ᠤᠯᠠᠭᠠᠨ ᠬᠤᠭᠤᠯᠠᠢ ᠳᠤ ᠰᠡᠳᠦᠯᠲᠡ ᠥᠭᠴᠦ ᠤᠯᠠᠮ ᠢᠶᠠᠷ ᠣᠭᠰᠢᠭᠤᠯᠬᠤ ᠪᠣᠯᠣᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号