ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢ ᠬᠢᠨᠠᠨ ᠬᠡᠮᠵᠢᠬᠦ ᠪᠠ ᠮᠠᠭᠠᠳᠯᠠᠨ | ᠲᠣᠭᠲᠠᠭᠠᠬᠤ ᠲᠥᠪ ᠠᠴᠠ ᠣᠶᠢᠯᠠᠭᠠᠭᠰᠠᠨ ᠢᠶᠠᠷ᠂ 4 ᠰᠠᠷ᠎ᠠ ᠳᠤ᠂ ᠮᠠᠨ ᠤ ᠣᠷᠣᠨ ᠤ ᠢᠳᠡᠰᠢᠨ ᠨᠣᠭᠤᠭ᠎ᠠ ᠶᠢᠨ | ᠦᠨ᠎ᠡ ᠤᠯᠠᠷᠢᠯ ᠤᠨ ᠴᠢᠨᠠᠷᠲᠠᠢ ᠪᠠᠷ ᠪᠠᠭᠤᠷᠠᠵᠠᠢ᠃ 4 ᠰᠠᠷ᠎ᠠ ᠳᠤ᠂ ᠪᠦᠭᠦ ᠣᠷᠣᠨ ᠤ ᠢᠳᠡᠰᠢᠨ ᠨᠣᠭᠤᠭ᠎ᠠ ᠶᠢᠨ | ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠬᠠᠩᠰᠢ ᠨᠢ 3.55 ᠲᠥᠭᠦᠷᠢᠭ / 500 ᠭᠷᠡᠮ ᠪᠠᠶᠢᠵᠤ᠂ | ᠬᠠᠷᠢᠴᠠᠭᠤᠯᠤᠭᠰᠠᠨ ᠬᠡᠮᠵᠢᠶ᠎ᠡ ᠪᠠᠷ ᠢᠶᠠᠨ 11.03% ᠪᠠᠭᠤᠷᠠᠪᠠ᠃ ᠪᠦᠭᠦ ᠣᠷᠣᠨ ᠤ ᠬᠢᠨᠠᠨ ᠬᠡᠮᠵᠢᠭᠰᠡᠨ 15 | ᠵᠦᠢᠯ ᠤᠨ ᠢᠳᠡᠰᠢᠨ ᠨᠣᠭᠤᠭ᠎ᠠ ᠶᠢᠨ ᠦᠨ᠎ᠡ ᠳᠣᠲᠣᠷ᠎ᠠ 3 ᠨᠢ ᠥᠰᠴᠦ 11 ᠨᠢ ᠪᠠᠭᠤᠷᠠᠵᠤ 1 ᠨᠢ ᠬᠤᠪᠢᠷᠠᠯᠲᠠ | ᠦᠭᠡᠢ ᠪᠠᠶᠢᠵᠤ᠂ ᠪᠠᠭᠤᠷᠠᠯᠲᠠ ᠶᠢᠨ ᠬᠡᠮᠵᠢᠶ᠎ᠡ ᠨᠢ ᠡᠮᠦᠨ᠎ᠡ ᠲᠠᠪᠤ ᠳᠤ ᠵᠢᠭᠰᠠᠭᠠᠭᠳᠠᠭᠰᠠᠨ ᠭᠤᠭᠤᠳ᠂ ᠴᠢᠨᠵᠦᠦ᠂ | ᠥᠷᠭᠡᠰᠦᠲᠦ ᠬᠡᠮᠬᠡ᠂ ᠬᠠᠰᠢ᠂ ᠰᠠᠷᠢᠮᠰᠠᠭ ᠤᠨ ᠬᠢᠨ᠎ᠡ ᠲᠣᠰ ᠲᠣᠰ 25.05%᠂ 21.59%᠂ 19.91%᠂ | 13.65%᠂ 12.72% ᠢᠶᠠᠷ ᠪᠠᠭᠤᠷᠠᠪᠠ᠃ ᠨᠢᠳᠤᠨᠤᠨ ᠤ ᠠᠳᠠᠯᠢ ᠬᠤᠭᠤᠴᠠᠭ᠎ᠠ ᠲᠠᠢ ᠬᠠᠷᠢᠴᠠᠭᠤᠯᠪᠠᠯ᠂ 15 | ᠢᠳᠡᠰᠢᠨ ᠨᠣᠭᠤᠭ᠎ᠠ ᠶᠢᠨ ᠲᠥᠷᠥᠯ ᠵᠦᠢᠯ ᠤᠨ ᠶᠡᠷᠦᠩᠬᠡᠶᠢᠯᠡᠭᠰᠡᠨ ᠳᠤᠮᠳᠠᠴᠢ ᠦᠨ᠎ᠡ 1.72% ᠢᠶᠠᠷ ᠥᠰᠴᠡᠢ᠃ | ᠲᠤᠰᠬᠠᠢ ᠮᠡᠷᠭᠡᠵᠢᠯᠲᠡᠨ ᠤ ᠵᠠᠳᠠᠯᠤᠭᠰᠠᠨ ᠢᠶᠠᠷ᠂ 3 ᠰᠠᠷ᠎ᠠ ᠠᠴᠠ ᠨᠠᠭᠠᠰᠢ᠂ ᠠᠭᠤᠷ ᠠᠮᠢᠰᠬᠤᠯ ᠠᠭᠠᠵᠢᠮ ᠢᠶᠠᠷ | ᠳᠤᠯᠠᠭᠠᠷᠠᠬᠤ ᠶᠢ ᠳᠠᠭᠠᠯᠳᠤᠨ ᠮᠠᠨ ᠤ ᠣᠷᠣᠨ ᠤ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ | ᠬᠡᠮᠵᠢᠶ᠎ᠡ ᠵᠢᠴᠢ ᠲᠥᠷᠥᠯ ᠵᠦᠢᠯ ᠢᠯᠡᠳᠲᠡ ᠨᠡᠮᠡᠭᠳᠡᠵᠦ᠂ ᠬᠦᠢᠲᠡᠨ ᠬᠦᠯᠡᠮᠵᠢ ᠶᠢᠨ ᠨᠣᠭᠤᠭ᠎ᠠ ᠪᠠ ᠲᠤᠬᠠᠢ ᠶᠢᠨ | ᠭᠠᠵᠠᠷ ᠤᠨ ᠨᠣᠭᠤᠭ᠎ᠠ ᠣᠯᠠᠰᠢᠷᠠᠭᠰᠠᠨ ᠪᠥᠭᠡᠳ ᠢᠳᠡᠰᠢᠨ ᠨᠣᠭᠤᠭ᠎ᠠ ᠶᠢᠨ ᠲᠡᠭᠡᠭᠡᠪᠦᠷᠢ ᠵᠢᠴᠢ ᠰᠣᠷᠭᠤᠭ ᠪᠠᠶᠢᠯᠭᠠᠬᠤ | ᠵᠠᠷᠤᠳᠠᠯ ᠲᠠᠰᠤᠷᠠᠯᠲᠠ ᠦᠭᠡᠢ ᠪᠠᠭᠤᠷᠠᠵᠤ᠂ ᠮᠠᠨ ᠤ ᠣᠷᠣᠨ ᠤ ᠬᠢᠨᠠᠨ ᠬᠡᠮᠵᠢᠭᠰᠡᠨ 15 ᠵᠦᠢᠯ ᠤᠨ ᠢᠳᠡᠰᠢᠨ | ᠨᠣᠭᠤᠭ᠎ᠠ ᠶᠢᠨ ᠦᠨ᠎ᠡ ᠨᠡᠶᠢᠳᠡᠮ ᠳᠡᠭᠡᠨ ᠪᠠᠭᠤᠷᠠᠵᠤ᠂ ᠵᠢᠱᠢᠯᠲᠡ ᠪᠠᠷ ᠮᠠᠨ ᠤ ᠣᠷᠣᠨ ᠤ ᠢᠳᠡᠰᠢᠨ ᠨᠣᠭᠤᠭ᠎ᠠ ᠶᠢᠨ | ᠦᠨ᠎ᠡ ᠮᠥᠨ ᠯᠡ ᠤᠯᠠᠷᠢᠯ ᠤᠨ ᠴᠢᠨᠠᠷᠲᠠᠢ ᠪᠠᠭᠤᠷᠠᠬᠤ ᠬᠠᠨᠳᠤᠰᠢ ᠲᠠᠢ ᠪᠠᠶᠢᠨ᠎ᠠ᠃ | |