ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ | ᠣᠷᠴᠢᠭᠤᠯᠤᠭᠰᠠᠨ ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠶ | ᠥᠭᠦᠯᠡᠯᠲᠡ ᠶᠢᠨ ᠲᠡᠭᠦᠪᠦᠷᠢ︾ ᠭᠡᠬᠦ ᠨᠣᠮ ᠤᠨ ᠣᠷᠣᠰ ᠬᠡᠯᠡᠨ ᠤ ᠬᠡᠪᠯᠡᠯ ᠢ ᠣᠶᠢᠷ᠎ᠠ ᠳᠤ ᠲᠥᠪ ᠤᠨ ᠨᠠᠶᠢᠷᠠᠭᠤᠯᠤᠨ | ᠣᠷᠴᠢᠭᠤᠯᠬᠤ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠳᠤ ᠲᠠᠷᠬᠠᠭᠠᠪᠠ᠃ | ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ | ︾ ᠶᠢ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ | ᠨᠠᠶᠢᠷᠠᠭᠤᠯᠵᠤ᠂ ᠰᠢ ᠶᠢᠨ ᠫᠢᠩ ᠨᠥᠬᠦᠷ ᠤᠨ 2012 ᠣᠨ ᠤ 11 ᠰᠠᠷ᠎ᠠ ᠠᠴᠠ 2023 ᠣᠨ ᠤ 10 ᠰᠠᠷ᠎ᠠ ᠪᠣᠯᠲᠠᠯᠠᠬᠢ | ᠬᠤᠭᠤᠴᠠᠭᠠᠨ ᠳᠠᠬᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠨᠡᠶᠢᠲᠡᠯᠡᠭᠰᠡᠨ ᠠᠯᠢ ᠤᠯᠠᠨ | ᠴᠢᠬᠤᠯᠠ ᠥᠭᠦᠯᠡᠯᠲᠡ ᠶᠢ ᠣᠷᠣᠭᠤᠯᠪᠠ᠃ ᠲᠤᠰ ᠨᠣᠮ ᠤᠨ ᠤᠷᠤᠰ ᠬᠡᠯᠡᠨ ᠤ ᠬᠡᠪᠯᠡᠯ ᠪᠣᠯᠤᠨ ᠡᠭᠦᠨ ᠠᠴᠠ ᠡᠮᠦᠨ᠎ᠡ | ᠬᠡᠪᠯᠡᠭᠳᠡᠭᠰᠡᠨ ᠠᠩᠭ᠍ᠯᠢ ᠬᠡᠯᠡ᠂ ᠹᠷᠠᠨᠼᠢ ᠬᠡᠯᠡᠨ ᠤ ᠬᠡᠪᠯᠡᠯ ᠨᠢ ᠭᠠᠳᠠᠭᠠᠳᠤ ᠶᠢᠨ ᠤᠩᠰᠢᠭᠴᠢᠳ ᠤᠨ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠤᠨᠤᠯ ᠤᠨ ᠰᠢᠰᠲᠤᠮ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ | ᠣᠶᠢᠯᠠᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠠᠮᠵᠢᠯᠲᠠ ᠲᠠᠢ ᠪᠠᠷ ᠨᠡᠬᠡᠬᠡᠭᠰᠡᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠵᠠᠮ᠂ | ᠡᠭᠦᠳᠦᠨ ᠪᠦᠲᠦᠭᠡᠭᠰᠡᠨ ᠬᠥᠮᠦᠨ ᠲᠥᠷᠥᠯᠬᠢᠲᠡᠨ ᠤ ᠪᠣᠯᠪᠠᠰᠤᠨ ᠤ ᠰᠢᠨ᠎ᠡ ᠬᠡᠯᠪᠡᠷᠢ᠂ ᠢᠯᠡᠷᠡᠭᠦᠯᠦᠭᠰᠡᠨ | ᠣᠳᠣᠬᠢᠴᠢᠯᠠᠯᠲᠠ ᠶᠢᠨ ᠰᠢᠨ᠎ᠡ ᠵᠢᠷᠤᠭ ᠲᠥᠰᠦᠪ ᠢ ᠭᠦᠨᠵᠡᠭᠡᠢ ᠣᠶᠢᠯᠠᠭᠠᠵᠤ᠂ ᠳᠡᠯᠡᠬᠡᠢ ᠨᠡᠶᠢᠭᠡᠮ ᠤᠨ ᠣᠳᠣᠬᠢᠴᠢᠯᠠᠯᠲᠠ ᠶᠢᠨ | ᠵᠠᠮ ᠢᠶᠠᠷ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠡᠩᠬᠡ ᠲᠠᠶᠢᠪᠤᠩ ᠬᠥᠭᠵᠢᠯᠲᠡ᠂ ᠬᠠᠷᠢᠯᠴᠠᠨ ᠠᠰᠢᠭᠲᠠᠢ | ᠬᠠᠮᠲᠤᠷᠠᠯᠴᠠᠭ᠎ᠠ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠬᠠᠮᠲᠤ ᠶᠢᠨ | ᠲᠠᠨᠢᠯᠲᠠ ᠶᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠬᠢᠯᠭᠠᠨ ᠮᠡᠳᠡᠭᠡ︶ |