ᠰᠢ ᠶᠢᠨ ᠫᠢᠩ ᠪᠡᠭᠡᠵᠢᠩ ᠬᠤᠳᠠ ᠶᠢᠨ ᠪᠠ ᠳ᠋ᠠ ᠯᠢᠩ ᠳᠠᠪᠠᠭ᠎ᠠ ᠶᠢᠨ ᠤᠷᠳᠤ ᠴᠠᠭᠠᠨ ᠬᠡᠷᠡᠮ ᠤᠨ ᠬᠤᠷᠮᠣᠢ ᠳᠠᠬᠢ ᠨᠤᠲᠤᠭ ᠤᠨ ᠠᠬ᠎ᠠ ᠳᠡᠭᠦᠦ ᠨᠡᠷ ᠲᠤ ᠬᠠᠷᠢᠭᠤ ᠵᠠᠬᠢᠳᠠᠯ ᠢᠯᠡᠭᠡᠵᠦ ᠵᠤᠷᠢᠬᠵᠢᠭᠤᠯᠤᠬᠰᠠᠨ ᠨᠢ ᠨᠡᠩ ᠤᠯᠠᠨ ᠬᠥᠮᠦᠰ ᠢ ᠳᠠᠶᠢᠴᠢᠯᠠᠨ ᠤᠷᠳᠤ ᠴᠠᠭᠠᠨ ᠬᠡᠷᠡᠮ ᠢ ᠤᠶᠢᠯᠠᠭᠠᠭᠤᠯᠤᠨ ᠤᠷᠳᠤ ᠴᠠᠭᠠᠨ ᠬᠡᠷᠡᠮ ᠢ ᠬᠠᠮᠠᠭᠠᠯᠠᠵᠤ ᠡᠪᠦᠭᠡ ᠳᠡᠭᠡᠳᠦᠰ ᠤᠨ ᠦᠯᠡᠳᠡᠭᠡᠭᠰᠡᠨ ᠡᠨᠡ ᠬᠦ ᠬᠤᠪᠣᠷ ᠨᠠᠨᠳᠢᠨ ᠥᠪ ᠬᠦᠷᠦᠩᠭᠡ ᠶᠢ ᠦᠶ᠎ᠡ ᠶᠢᠨ ᠦᠶ᠎ᠡ ᠳᠤ ᠤᠯᠠᠮᠵᠢᠯᠠᠬᠤ ᠬᠡᠷᠡᠭᠳᠡᠢ
ᠨᠡᠶᠢᠲᠡᠯᠡᠭᠰᠡᠨ ᠴᠠᠭ᠄
2024/5/16
   ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 14 ᠤ ᠡᠳᠦᠷ ᠪᠡᠭᠡᠵᠢᠩ ᠬᠤᠲᠠ ᠶᠢᠨ ᠶᠠᠨᠴᠢᠩ ᠲᠣᠭᠤᠷᠢᠭ ᠤᠨ ᠪᠠ ᠳ᠋ᠠ ᠯᠢᠩ ᠪᠠᠯᠭᠠᠰᠤᠨ ᠤ ᠱᠢ ᠰᠢᠶᠠ ᠲᠣᠰᠬᠤᠨ ᠤ ᠨᠤᠲᠤᠭ ᠤᠨ ᠠᠬ᠎ᠠ ᠳᠡᠭᠦᠦ ᠨᠡᠷ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠳᠤ ᠬᠠᠯᠠᠭᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠴᠢᠩ ᠰᠡᠳᠭᠢᠯ ᠤᠨ ᠬᠦᠰᠡᠯ ᠨᠠᠶᠢᠳᠠᠯᠭ᠎ᠠ ᠳᠤᠷᠠᠳᠪᠠ᠃   ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠡᠳᠡᠭᠡᠷ ᠵᠢᠯ ᠤᠳ ᠲᠤ ᠲᠠ ᠨᠠᠷ ᠰᠠᠶᠢᠨ ᠳᠤᠷ᠎ᠠ ᠠᠴᠠ ᠪᠠᠨ ᠤᠷᠳᠤ ᠴᠠᠭᠠᠨ ᠬᠡᠷᠡᠮ ᠢ ᠰᠠᠬᠢᠨ ᠬᠠᠮᠠᠭᠠᠯᠠᠵᠤ᠂ ᠤᠷᠳᠤ ᠴᠠᠭᠠᠨ ᠬᠡᠷᠡᠮ ᠤᠨ ᠰᠣᠶᠣᠯ ᠢ ᠤᠯᠠᠮᠵᠢᠯᠠᠨ ᠵᠠᠯᠭᠠᠮᠵᠢᠯᠠᠭᠰᠠᠨ ᠪᠥᠭᠡᠳ ᠤᠷᠳᠤ ᠴᠠᠭᠠᠨ ᠬᠡᠷᠡᠮ ᠤᠨ ᠡᠬᠢ ᠪᠠᠶᠠᠯᠢᠭ ᠲᠤ ᠲᠦᠰᠢᠭᠯᠡᠨ ᠪᠠᠶᠠᠵᠢᠯ ᠤᠨ ᠵᠠᠮ ᠢᠶᠠᠷ ᠵᠠᠮᠨᠠᠭᠰᠠᠨ ᠳᠤ ᠪᠢ ᠮᠠᠰᠢ ᠪᠠᠶᠠᠷᠯᠠᠵᠤ ᠪᠠᠶᠢᠨ᠎ᠠ ᠭᠡᠵᠠᠢ᠃   ᠰᠢ ᠶᠢᠨ ᠫᠢᠩ᠂ ᠤᠷᠳᠤ ᠴᠠᠭᠠᠨ ᠬᠡᠷᠡᠮ ᠪᠣᠯ ᠳᠤᠮᠳᠠᠳᠤ ᠶᠢᠨ ᠦᠨᠳᠦᠰᠦᠲᠡᠨ ᠤ ᠲᠥᠯᠥᠭᠡᠯᠡᠬᠦ ᠴᠢᠨᠠᠷᠲᠠᠢ ᠲᠡᠮᠳᠡᠭ ᠪᠠ ᠳᠤᠮᠳᠠᠳᠤ ᠶᠢᠨ ᠪᠣᠯᠪᠠᠰᠤᠨ ᠤ ᠴᠢᠬᠤᠯᠠ ᠪᠡᠯᠭᠡ ᠲᠡᠮᠳᠡᠭ ᠮᠥᠨ᠃ ᠲᠡᠬᠦᠨ ᠳᠤ ᠳᠤᠮᠳᠠᠳᠤ ᠶᠢᠨ ᠦᠨᠳᠦᠰᠦᠲᠡᠨ ᠤ ᠬᠦᠴᠦᠷᠬᠡᠭᠵᠢᠬᠦ ᠪᠠᠷ ᠴᠢᠷᠮᠠᠶᠢᠬᠤ ᠲᠡᠮᠡᠴᠡᠯ ᠤᠨ ᠵᠣᠷᠢᠭ ᠰᠠᠨᠠᠭ᠎ᠠ ᠪᠠ ᠤᠯᠠᠨ ᠢᠶᠠᠷ ᠢᠶᠠᠨ ᠵᠤᠷᠢᠭ ᠨᠢᠭᠡᠳᠴᠦ᠂ ᠨᠤᠭᠤᠷᠠᠰᠢ ᠦᠭᠡᠢ ᠪᠠᠳᠤ ᠴᠢᠩᠭ᠎ᠠ ᠤᠯᠤᠰ ᠢᠶᠠᠨ ᠬᠠᠶᠢᠷᠠᠯᠠᠬᠤ ᠰᠡᠳᠭᠢᠯᠭᠡ ᠰᠢᠩᠬᠡᠵᠤ ᠪᠤᠢ᠃ ᠡᠨᠡ ᠬᠦ ᠲᠡᠦᠬᠡ ᠰᠣᠶᠣᠯ ᠤᠨ ᠥᠪ ᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠬᠤ ᠪᠣᠯ ᠪᠢᠳᠡᠨ ᠤ ᠬᠠᠮᠲᠤ ᠶᠢᠨ ᠬᠠᠷᠢᠭᠤᠴᠠᠯᠭ᠎ᠠ ᠮᠥᠨ᠃ ᠤᠯᠠᠨ ᠢᠶᠠᠷ ᠢᠶᠠᠨ ᠦᠷᠭᠦᠯᠵᠢᠯᠡᠨ ᠴᠢᠷᠮᠠᠶᠢᠵᠤ᠂ ᠤᠳᠠᠭᠠᠨ ᠲᠠᠭᠠᠭᠠᠮᠠᠭᠠᠢ ᠪᠠᠷ ᠵᠢᠳᠭᠦᠵᠤ᠂ ᠭᠡᠷ ᠣᠷᠣᠨ ᠢᠶᠠᠨ ᠰᠠᠬᠢᠨ ᠬᠠᠮᠠᠭᠠᠯᠠᠬᠤ ᠲᠠᠢ ᠠᠳᠠᠯᠢ ᠪᠠᠷ ᠤᠷᠳᠤ ᠴᠠᠭᠠᠨ ᠬᠡᠷᠡᠮ ᠢᠶᠠᠨ ᠰᠠᠶᠢᠲᠤᠷ ᠰᠠᠬᠢᠨ ᠬᠠᠮᠠᠭᠠᠯᠠᠵᠤ᠂ ᠤᠷᠳᠤ ᠴᠠᠭᠠᠨ ᠬᠡᠷᠡᠮ ᠤᠨ ᠰᠣᠶᠣᠯ ᠢ ᠪᠠᠳᠠᠷᠠᠭᠤᠯᠵᠤ᠂ ᠤᠷᠳᠤ ᠴᠠᠭᠠᠨ ᠬᠡᠷᠡᠮ ᠤᠨ ᠦᠯᠢᠬᠡᠷ ᠢ ᠰᠠᠶᠢᠲᠤᠷ ᠶᠠᠷᠢᠵᠤ᠂ ᠨᠡᠩ ᠤᠯᠠᠨ ᠬᠥᠮᠦᠨ ᠢ ᠲᠠᠶᠢᠴᠢᠯᠠᠨ ᠤᠷᠳᠤ ᠴᠠᠭᠠᠨ ᠬᠡᠷᠡᠮ ᠢ ᠤᠢᠢᠯᠠᠭᠠᠭᠤᠯᠵᠤ᠂ ᠤᠷᠳᠤ ᠴᠠᠭᠠᠨ ᠬᠡᠷᠡᠮ ᠢ ᠬᠠᠮᠠᠭᠠᠯᠠᠵᠤ᠂ ᠡᠪᠦᠭᠡ ᠳᠡᠭᠡᠳᠦᠰ ᠤᠨ ᠦᠯᠡᠳᠡᠭᠡᠭᠰᠡᠨ ᠡᠨᠡ ᠬᠦ ᠬᠤᠪᠣᠷ ᠨᠠᠨᠳᠢᠨ ᠥᠪ ᠬᠦᠷᠦᠩᠬᠡ ᠶᠢ ᠦᠶ᠎ᠡ ᠶᠢᠨ ᠦᠶ᠎ᠡ ᠳᠤ ᠤᠯᠠᠮᠵᠢᠯᠠᠵᠤ᠂ ᠨᠡᠶᠢᠭᠡᠮ ᠵᠢᠷᠤᠮᠳᠤ ᠰᠣᠶᠣᠯ ᠤᠨ ᠬᠦᠴᠦᠷᠬᠡᠭ ᠤᠯᠤᠰ ᠢ ᠪᠦᠳᠦᠬᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃   ᠤᠷᠳᠤ ᠴᠠᠭᠠᠨ ᠬᠡᠷᠡᠮ ᠪᠣᠯ ᠮᠠᠨ ᠤ ᠤᠯᠤᠰ ᠤᠨ ᠤᠳᠤ ᠪᠠᠶᠢᠭ᠎ᠠ ᠬᠡᠪᠴᠢᠶ᠎ᠡ ᠪᠠᠷ ᠬᠠᠮᠤᠭ ᠤᠨ ᠶᠡᠭᠡ ᠰᠣᠶᠣᠯ ᠤᠨ ᠥᠪ ᠮᠦᠨ᠃ 1984 ᠣᠨ ᠳᠤ᠂ ᠳ᠋ᠧᠩ ᠰᠢᠶᠤᠤ ᠫᠢᠩ᠂ ᠰᠢ ᠵᠦᠩ ᠰᠢᠶᠦ᠋ᠨ ᠵᠡᠷᠭᠡ ᠤᠳᠤᠷᠢᠳᠬᠤ ᠨᠥᠬᠦᠳ ᠨᠡᠶᠢᠰᠯᠡᠯ ᠤᠨ ᠵᠠᠷᠢᠮ ᠨᠢᠭᠡᠴᠢ ᠶᠢᠨ ᠰᠠᠨᠠᠭᠠᠴᠢᠯᠠᠭᠰᠠᠨ ︽ᠳᠤᠮᠳᠠᠳᠤ ᠤᠯᠤᠰ ᠢᠶᠠᠨ ᠬᠠᠶᠢᠷᠠᠯᠠᠵᠤ ᠤᠷᠳᠤ ᠴᠠᠭᠠᠨ ᠬᠡᠷᠡᠮ ᠢᠶᠠᠨ ᠰᠡᠷᠬᠦᠬᠡᠨ ᠵᠠᠰᠠᠰᠤᠭᠠᠢ︾ ᠭᠡᠬᠦ ᠠᠵᠢᠯᠯᠠᠭ᠎ᠠ ᠳᠤ ᠪᠢᠴᠢᠭᠡᠰᠦ ᠪᠢᠴᠢᠵᠦ ᠦᠭᠬᠦᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠤᠷᠳᠤ ᠴᠠᠭᠠᠨ ᠬᠡᠷᠡᠮ ᠢ ᠬᠠᠮᠠᠭᠠᠯᠠᠬᠤ ᠬᠠᠯᠠᠭᠤᠨ ᠰᠡᠳᠭᠢᠯᠭᠡ ᠶᠢ ᠬᠥᠭᠵᠢᠭᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠶ ᠱᠦᠵᠢ ᠰᠢ ᠶᠢᠨ ᠫᠢᠩ ᠣᠷᠳᠣ ᠴᠠᠭᠠᠨ ᠬᠡᠷᠡᠮ ᠤᠨ ᠰᠣᠶᠣᠯ ᠤᠨ ᠦᠨ᠎ᠡ ᠥᠷᠲᠡᠭ ᠢ ᠠᠭᠤᠳᠠᠯᠬᠤ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠥᠪ ᠢ ᠤᠯᠠᠮᠵᠢᠯᠠᠨ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠤᠳᠠᠭ᠎ᠠ ᠴᠢᠬᠤᠯᠠ ᠵᠢᠭᠠᠪᠤᠷᠢ ᠥᠭᠴᠦ᠂ ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠵᠢᠯᠣᠭᠤᠳᠤᠨ ᠠᠬᠢᠭᠤᠯᠪᠠ᠃ ᠤᠢᠢᠷ᠎ᠠ ᠶᠢᠨ ᠡᠳᠦᠷ᠂ ᠪᠡᠭᠡᠵᠢᠩ ᠬᠤᠳᠠ ᠶᠢᠨ ᠪᠠ ᠳ᠋ᠠ ᠯᠢᠩ ᠳᠠᠪᠠᠭ᠎ᠠ ᠶᠢᠨ ᠤᠷᠳᠤ ᠴᠠᠭᠠᠨ ᠬᠡᠷᠡᠮ ᠤᠨ ᠬᠤᠷᠮᠣᠢ ᠳᠠᠬᠢ ᠱᠢ ᠰᠢᠶᠠ ᠲᠣᠰᠬᠤᠨ ᠤ ᠠᠷᠠᠳ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠤᠷᠳᠤ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠳᠤ ᠰᠠᠶᠢᠨ ᠳᠤᠷ᠎ᠠ ᠠᠴᠠ ᠪᠠᠨ ᠤᠷᠤᠯᠴᠠᠭᠰᠠᠨ ᠪᠠ ᠲᠣᠰᠬᠤᠨ ᠤ ᠬᠥᠭᠵᠢᠯᠲᠡ ᠬᠤᠪᠢᠷᠠᠯᠲᠠ ᠵᠡᠷᠭᠡ ᠪᠠᠶᠢᠳᠠᠯ ᠢᠶᠠᠨ ᠬᠠᠷᠢᠭᠤ ᠮᠡᠳᠡᠭᠦᠯᠵᠦ᠂ ᠦᠷᠭᠦᠯᠵᠢᠯᠡᠨ ᠤᠷᠳᠤ ᠴᠠᠭᠠᠨ ᠬᠡᠷᠡᠮ ᠢ ᠰᠠᠬᠢᠨ ᠬᠠᠮᠠᠭᠠᠯᠠᠬᠤ᠂ ᠤᠷᠳᠤ ᠴᠠᠭᠠᠨ ᠬᠡᠷᠡᠮ ᠤᠨ ᠰᠣᠶᠣᠯ ᠢ ᠤᠯᠠᠮᠵᠢᠯᠠᠬᠤ ᠵᠣᠷᠢᠭ ᠢᠶᠠᠨ ᠢᠯᠡᠳᠭᠡᠵᠡᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号