︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠵᠤ ᠥᠭᠡᠷᠡᠴᠢᠯᠡᠯᠲᠡ ᠨᠡᠭᠡᠭᠡᠯᠳᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2024/5/16
   5 ᠰᠠᠷ᠎ᠠ ᠶᠢᠨ 16 ᠤ ᠡᠳᠦᠷ ᠬᠡᠪᠯᠡᠭᠳᠡᠬᠰᠡᠨ 10 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠥᠭᠡᠷᠡᠴᠢᠯᠡᠯᠲᠡ ᠨᠡᠭᠡᠭᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2012 ᠣᠨ ᠤ 12 ᠰᠠᠷ᠎ᠠ ᠠᠴᠠ 2024 ᠣᠨ ᠤ 3 ᠰᠠᠷ᠎ᠠ ᠪᠣᠯᠲᠠᠯᠠᠬᠢ ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠲᠤᠪᠴᠢᠯᠠᠯ ᠪᠣᠯᠤᠨ᠎ᠠ᠃   ᠵᠣᠬᠢᠶᠠᠯ ᠳᠤ᠂ ᠥᠭᠡᠷᠡᠴᠢᠯᠡᠯᠲᠡ ᠨᠡᠬᠡᠬᠡᠯᠳᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠲᠤᠮᠤ ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠬᠦ ᠴᠢᠬᠤᠯᠠ ᠡᠷᠳᠡᠨᠢ ᠪᠣᠯᠤᠨ᠎ᠠ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠢᠯᠠᠵᠤ ᠢᠯᠠᠭᠳᠠᠬᠤ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠪᠣᠯᠤᠨ᠎ᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠨᠠᠭᠠᠰᠢ ᠥᠭᠡᠷᠡᠴᠢᠯᠡᠯᠲᠡ ᠢᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠲᠡᠦᠬᠡᠲᠦ ᠴᠢᠨᠠᠷᠲᠠᠢ ᠠᠭᠤᠤ ᠶᠡᠭᠡ ᠠᠮᠵᠢᠯᠲᠠ ᠣᠯᠵᠠᠢ᠃ ᠡᠳᠡᠭᠡᠷ ᠵᠢᠯ ᠤᠨ ᠥᠭᠡᠷᠡᠴᠢᠯᠡᠯᠲᠡ ᠶᠢᠨ ᠠᠵᠢᠯ ᠢ ᠡᠷᠭᠢᠴᠡᠭᠦᠯᠪᠡᠯ ᠪᠢᠳᠡᠨ ᠤ ᠳᠤᠷᠠᠳᠤᠭᠰᠠᠨ ᠠᠯᠢ ᠤᠯᠠᠨ ᠰᠢᠨ᠎ᠡ ᠡᠭᠦᠳᠦᠭᠰᠡᠨ ᠤᠨᠤᠯ᠂ ᠠᠯᠢ ᠤᠯᠠᠨ ᠴᠢᠬᠤᠯᠠ ᠶᠡᠭᠡ ᠠᠷᠭ᠎ᠠ ᠬᠡᠮᠵᠢᠶ᠎ᠡ᠂ ᠠᠯᠢ ᠤᠯᠠᠨ ᠴᠢᠬᠤᠯᠠ ᠶᠡᠭᠡ ᠰᠢᠪᠲᠤᠯᠤᠯᠲᠠ ᠨᠢ ᠴᠥᠮ ᠬᠤᠪᠢᠰᠬᠠᠯ ᠤᠨ ᠴᠢᠨᠠᠷᠲᠠᠢ ᠪᠠᠶᠢᠵᠤ᠂ ᠥᠭᠡᠷᠡᠴᠢᠯᠡᠯᠲᠡ ᠨᠡᠬᠡᠬᠡᠯᠳᠡ ᠪᠠᠷ ᠨᠠᠮ ᠪᠣᠯᠤᠨ ᠤᠯᠤᠰ ᠤᠨ ᠡᠯ᠎ᠡ ᠵᠦᠢᠯ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠤᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠤᠭᠰᠠᠨ ᠰᠢᠨ᠎ᠡ ᠪᠠᠶᠢᠳᠠᠯ ᠢ ᠡᠭᠦᠳᠴᠡᠢ ᠭᠡᠵᠦ ᠴᠢᠬᠤᠯᠠᠴᠢᠯᠠᠪᠠ᠃   ᠵᠣᠬᠢᠶᠠᠯ ᠳᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠳᠤ ᠡᠷᠬᠡᠪᠰᠢ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠳᠤ ᠲᠠᠰᠤᠷᠠᠯᠲᠠ ᠦᠭᠡᠢ ᠵᠣᠬᠢᠴᠠᠵᠤ ᠦᠢᠯᠡᠳᠪᠦᠷᠢᠯᠡᠯ ᠤᠨ ᠬᠠᠷᠢᠴᠠᠭ᠎ᠠ ᠶᠢ ᠲᠤᠬᠢᠷᠠᠭᠤᠯᠤᠨ᠂ ᠠᠵᠤ ᠠᠬᠤᠢ ᠶᠢᠨ ᠰᠠᠭᠤᠷᠢ ᠳᠤ ᠲᠠᠰᠤᠷᠠᠯᠲᠠ ᠦᠭᠡᠢ ᠵᠣᠬᠢᠴᠠᠵᠤ ᠳᠡᠭᠡᠳᠦ ᠳᠠᠪᠬᠤᠷᠭ᠎ᠠ ᠶᠢ ᠬᠥᠭᠵᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠪᠢᠳᠡ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠳᠤᠷᠠᠳᠤᠨ ᠭᠠᠷᠭᠠᠭᠰᠠᠨ ᠨᠢ ᠳᠠᠷᠤᠢ ᠮᠠᠨ ᠤ ᠤᠯᠤᠰ ᠤᠨ ᠨᠡᠶᠢᠭᠡᠮ ᠤᠨ ᠦᠨᠳᠦᠰᠦᠨ ᠵᠥᠷᠢᠴᠡᠯ ᠤᠨ ᠬᠥᠳᠡᠯᠭᠡᠭᠡᠨ ᠤ ᠬᠤᠪᠢᠷᠠᠯᠲᠠ ᠳᠤ ᠵᠣᠬᠢᠴᠠᠭᠤᠯᠤᠨ ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠠᠪᠤᠳᠠᠯ ᠪᠣᠯᠤᠨ᠎ᠠ᠃ ᠥᠭᠡᠷᠡᠴᠢᠯᠡᠯᠲᠡ ᠨᠡᠬᠡᠬᠡᠯᠳᠡ ᠳᠤ ᠶᠠᠪᠤᠭᠳᠠᠬᠤ ᠴᠠᠭ ᠪᠠᠶᠢᠬᠤ ᠠᠴᠠ ᠪᠢᠰᠢ ᠲᠡᠬᠦᠰᠬᠦ ᠴᠠᠭ ᠭᠡᠵᠦ ᠪᠠᠶᠢᠬᠤ ᠦᠬᠡᠢ ᠶᠤᠮ᠃ ᠥᠭᠡᠷᠡᠴᠢᠯᠡᠯᠲᠡ ᠨᠡᠬᠡᠬᠡᠯᠳᠡ ᠳᠤ ᠪᠠᠰᠠ ᠴᠢᠭᠯᠡᠯ ᠲᠠᠢ᠂ ᠵᠣᠭᠰᠣᠯᠲᠠ ᠲᠠᠢ᠂ ᠵᠠᠷᠴᠢᠮ ᠲᠠᠢ ᠪᠠᠶᠢᠳᠠᠭ᠃ ᠮᠠᠨ ᠤ ᠴᠢᠭᠯᠡᠯ ᠪᠣᠯ ᠳᠠᠷᠤᠢ ᠨᠡᠶᠢᠭᠡᠮ ᠵᠢᠷᠤᠮᠲᠤ ᠪᠠᠶᠢᠭᠤᠯᠤᠯ ᠤᠨ ᠥᠪᠡᠷ ᠢ ᠪᠠᠨ ᠲᠡᠭᠦᠯᠳᠡᠷᠵᠢᠭᠦᠯᠬᠦ ᠪᠠ ᠬᠥᠭᠵᠢᠭᠦᠯᠬᠦ ᠶᠢ ᠲᠠᠰᠤᠷᠠᠯᠳᠠ ᠦᠭᠡᠢ ᠠᠬᠢᠭᠤᠯᠬᠤ ᠶᠠᠪᠤᠳᠠᠯ ᠪᠣᠯᠤᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠶᠡᠭᠡ ᠲᠠᠯ᠎ᠠ ᠶᠢ ᠲᠣᠭᠲᠠᠪᠤᠷᠢᠵᠢᠭᠤᠯᠬᠤ᠂ ᠬᠤᠪᠢᠷᠠᠯᠲᠠ ᠶᠢ ᠠᠷᠭᠠᠴᠠᠭᠠᠬᠤ᠂ ᠰᠢᠨ᠎ᠡ ᠪᠠᠶᠢᠳᠠᠯ ᠢ ᠡᠬᠦᠳᠬᠦ ᠴᠢᠬᠤᠯᠠ ᠭᠠᠷᠳᠡᠴᠡ ᠪᠣᠯᠭᠠᠵᠤ᠂ ᠴᠢᠭᠯᠡᠯ ᠢᠶᠠᠨ ᠣᠨᠣᠪᠴᠢᠲᠠᠢ ᠡᠵᠡᠮᠳᠡᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠨ᠎ᠡ ᠠᠶᠠᠨ ᠳᠠᠭᠠᠨ ᠥᠭᠡᠷᠡᠴᠢᠯᠡᠯᠲᠡ ᠨᠡᠬᠡᠬᠡᠯᠳᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃   ᠵᠣᠬᠢᠶᠠᠯ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠥᠭᠡᠷᠡᠴᠢᠯᠡᠯᠲᠡ ᠨᠡᠭᠡᠭᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ ᠴᠢᠯᠥᠭᠡᠯᠡᠨ ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠴᠢᠯᠥᠭᠡᠯᠡᠨ ᠴᠢᠩᠭᠠᠷᠠᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠠᠯᠢ ᠤᠯᠠᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠴᠠᠢ᠂ ᠡᠨᠡ ᠪᠣᠯ ᠨᠠᠮ ᠤᠨ ᠲᠥᠪ ᠬᠤᠷᠢᠶ᠎ᠠ ᠠᠴᠠ ᠰᠢᠨ᠎ᠡ ᠴᠠᠭ ᠦᠶ᠎ᠡ ᠰᠢᠨ᠎ᠡ ᠠᠶᠠᠨ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠲᠤᠬᠳᠠᠭᠠᠬᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠠᠯᠲᠠ ᠲᠠᠢ ᠨᠢᠭᠲᠠ ᠤᠶᠠᠯᠳᠤᠭᠤᠯᠤᠨ ᠨᠢᠭᠡ ᠪᠦᠯᠦᠭ ᠪᠠᠶᠢᠯᠳᠤᠬᠤ ᠪᠤᠳᠤᠯᠭ᠎ᠠ ᠶᠢᠨ ᠴᠢᠨᠠᠷᠲᠠᠢ᠂ ᠪᠦᠲᠦᠭᠡᠯᠴᠢ ᠴᠢᠨᠠᠷᠲᠠᠢ᠂ ᠬᠦᠳᠦᠯᠦᠨ ᠳᠠᠭᠠᠭᠤᠯᠬᠤ ᠴᠢᠨᠠᠷᠲᠠᠢ ᠥᠭᠡᠷᠡᠴᠢᠯᠡᠯᠲᠡ ᠶᠢ ᠬᠢᠵᠦ᠂ ᠥᠭᠡᠷᠡᠴᠢᠯᠡᠯᠲᠡ ᠶᠢᠨ ᠰᠢᠰᠲ᠋ᠧᠮ ᠤᠨ ᠬᠤᠷᠠᠮᠳᠤᠯ᠂ ᠬᠠᠮᠵᠢᠯᠴᠠᠭ᠎ᠠ ᠥᠨᠳᠥᠷ ᠪᠦᠲᠦᠮᠵᠢᠲᠡᠢ ᠪᠠᠶᠢᠬᠤ ᠶᠢ ᠴᠢᠩᠭᠠᠳᠬᠠᠵᠤ᠂ ᠴᠢᠬᠤᠯᠠ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠳᠤ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠬᠦᠯᠢᠶᠡᠰᠦᠯᠡᠵᠤ ᠪᠠᠶᠢᠭ᠎ᠠ ᠰᠠᠭᠠᠳ ᠲᠦᠭᠵᠢᠷᠡᠯ ᠤᠨ ᠠᠰᠠᠭᠤᠳᠠᠯ᠂ ᠬᠥᠭᠵᠢᠯᠲᠡ ᠶᠢᠨ ᠣᠷᠴᠢᠨ ᠨᠦᠬᠦᠴᠡᠯ ᠪᠠ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠦᠴᠢᠷ ᠲᠦᠪᠡᠭᠲᠡᠢ ᠠᠰᠠᠭᠤᠳᠠᠯ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠠᠴᠠ ᠲᠡᠷᠰᠯᠡᠭᠰᠡᠨ ᠲᠦᠪᠯᠡᠷᠡᠩᠭᠦᠢ ᠬᠠᠯᠠᠮᠰᠢᠯ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠠᠰᠤᠷᠠᠯᠲᠠ ᠥᠬᠡᠶ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号