| | ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ ﹇2020﹈ 13 ᠳ᠋ᠤᠭᠠᠷ ᠲᠣᠭᠠᠲᠤ | | | | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ | ᠪᠦᠬᠦᠢ ᠰᠠᠯᠠᠭ᠎ᠠ ᠮᠥᠴᠢᠷ ᠲᠤ᠄ | ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ | ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠵᠢᠭᠦᠯᠬᠦ ᠲᠥᠰᠦᠯ ︵ᠵᠠᠰᠠᠪᠤᠷᠢ | ᠣᠷᠣᠭᠤᠯᠤᠭᠰᠠᠨ︶︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠢ᠃ | | 2024 ᠣᠨ ᠤ 3 ᠰᠠᠷ᠎ᠠ ᠶᠢᠨ 27 ᠤ ᠡᠳᠦᠷ | | | | | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ | ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︵ᠵᠠᠰᠠᠪᠤᠷᠢ | ᠣᠷᠣᠭᠤᠯᠤᠭᠰᠠᠨ︶ ᠢ ᠠᠬᠢᠭᠤᠯᠤᠨ᠎ᠠ | | ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ︵ᠳᠣᠷᠣᠭᠰᠢ | ᠡᠮᠴᠢᠯᠡᠭᠡᠨ ᠤ ᠬᠠᠮᠲᠤ ᠶᠢᠨ ᠴᠣᠭᠴᠠ ᠭᠡᠵᠦ ᠲᠣᠪᠴᠢᠯᠠᠨ᠎ᠠ︶ ᠶᠢᠨ ᠪᠠᠶᠢᠭᠤᠯᠤᠯᠲᠠ ᠪᠣᠯ ᠰᠢᠨ᠎ᠡ ᠨᠢᠭᠡ ᠡᠭᠡᠯᠵᠢ ᠶᠢᠨ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠴᠢᠬᠤᠯᠠ ᠠᠷᠭ᠎ᠠ ᠬᠡᠮᠵᠢᠶ᠎ᠡ ᠮᠥᠨ᠂ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠴᠢᠨᠠᠷ ᠰᠠᠶᠢᠲᠠᠢ | ᠥᠨᠳᠥᠷ ᠪᠦᠲᠦᠮᠵᠢᠲᠡᠢ ᠨᠡᠶᠢᠯᠡᠮᠡᠯ ᠬᠡᠯᠪᠡᠷᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠬᠤ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠳᠦᠷᠢᠮ ᠢ | ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠮᠠᠨ ᠤ ᠬᠤᠰᠢᠭᠤᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠤᠨ ᠰᠢᠨ᠎ᠡ | ᠪᠠᠶᠢᠷᠢᠰᠢᠯ ᠢ ᠪᠣᠢ ᠪᠣᠯᠭᠠᠵᠤ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠠᠷᠠᠳ ᠣᠯᠠᠨ ᠳᠤ ᠪᠦᠬᠦ ᠲᠠᠯ᠎ᠠ ᠶᠢᠨ ᠪᠦᠬᠦ ᠠᠮᠢ ᠨᠠᠰᠤᠨ ᠤ | ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠶᠢᠨ ᠲᠥᠯᠥᠭᠡ᠂ ᠮᠠᠨ ᠤ | ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠶᠢ ᠪᠠᠷᠢᠮᠲᠠᠯᠠᠨ᠂ | ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠭᠠᠷᠳᠠᠴᠠ ᠪᠣᠯᠭᠠᠵᠤ᠂ ᠦᠨᠳᠦᠰᠦᠨ ᠱᠠᠲᠤ ᠶᠢ | ᠬᠦᠴᠦᠷᠬᠡᠭᠵᠢᠭᠦᠯᠬᠦ᠂ ᠲᠣᠭᠲᠠᠴᠠ ᠶᠢ ᠪᠠᠶᠢᠭᠤᠯᠬᠤ᠂ ᠵᠠᠭᠪᠤᠷ ᠢ ᠬᠤᠪᠢᠷᠠᠭᠤᠯᠬᠤ᠂ ᠡᠷᠡᠭᠦᠯ ᠮᠡᠨᠳᠦ ᠶᠢ | ᠠᠬᠢᠭᠤᠯᠬᠤ ᠶᠢ ᠬᠦᠴᠦᠯᠡᠨ ᠴᠢᠩᠭᠠᠳᠬᠠᠵᠤ᠂ ᠦᠢᠯᠡᠴᠢᠯᠡᠭᠡᠨ ᠤ ᠰᠢᠰᠲ᠋ᠧᠮᠵᠢ ᠶᠢ ᠰᠢᠯᠢᠳᠡᠭᠵᠢᠭᠦᠯᠦᠨ᠂ | ᠬᠠᠮᠢᠶᠠᠷᠤᠯᠲᠠ ᠶᠢᠨ ᠪᠠᠶᠢᠭᠤᠯᠤᠯ ᠢ ᠥᠭᠡᠷᠡᠴᠢᠯᠡᠵᠦ᠂ ᠠᠵᠢᠯᠯᠠᠭᠠᠨ ᠤ ᠲᠣᠭᠲᠠᠴᠠ ᠶᠢᠨ ᠰᠢᠨ᠎ᠡ ᠶᠢ ᠡᠭᠦᠳᠴᠦ᠂ | ᠦᠢᠯᠡᠴᠢᠯᠡᠭᠡᠨ ᠤ ᠵᠠᠭᠪᠤᠷ ᠢ ᠰᠠᠶᠢᠵᠢᠷᠠᠭᠤᠯᠵᠤ᠂ ᠪᠣᠭᠤᠮᠲᠠ ᠶᠢ ᠤᠷᠤᠭᠰᠢ ᠰᠢᠯᠵᠢᠭᠦᠯᠬᠦ᠂ ᠡᠬᠢ ᠪᠠᠶᠠᠯᠢᠭ ᠢ | ᠳᠣᠷᠣᠭᠰᠢ ᠪᠠᠭᠤᠯᠭᠠᠬᠤ ᠶᠢ ᠠᠬᠢᠭᠤᠯᠤᠨ᠂ ᠰᠢᠶᠠᠨ ᠤ ᠬᠡᠪᠴᠢᠶᠡᠨ ᠤ ᠡᠮᠴᠢᠯᠡᠭᠡᠨ ᠤ ᠦᠢᠯᠡᠴᠢᠯᠡᠭᠡᠨ ᠤ ᠡᠬᠢ | ᠪᠠᠶᠠᠯᠢᠭ ᠢ ᠭᠦᠨᠵᠡᠭᠡᠢ ᠡᠮᠬᠢᠯᠡᠨ ᠨᠡᠶᠢᠯᠡᠭᠦᠯᠵᠦ᠂ ᠰᠢᠶᠠᠨ ᠰᠢᠶᠠᠩ ᠤᠨ ᠨᠢᠭᠡ ᠴᠣᠭᠴᠠᠵᠢᠭᠰᠠᠨ᠂ ᠬᠥᠳᠡᠭᠡ | ᠲᠣᠰᠬᠤᠨ ᠤ ᠨᠢᠭᠡ ᠴᠣᠭᠴᠠᠵᠢᠭᠰᠠᠨ ᠬᠠᠮᠢᠶᠠᠷᠤᠯᠲᠠ ᠶᠢ ᠠᠬᠢᠭᠤᠯᠤᠨ᠂ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠣᠯᠠᠨ ᠳᠤ ᠲᠥᠪ | ᠭᠤᠣᠯᠴᠢ ᠪᠥᠭᠡᠳ ᠨᠠᠶᠢᠳᠠᠪᠤᠷᠢᠲᠠᠢ᠂ ᠠᠮᠤᠷ ᠲᠦᠪᠰᠢᠨ ᠪᠥᠭᠡᠳ ᠪᠦᠲᠦᠮᠵᠢᠲᠡᠢ᠂ ᠰᠢᠰᠲ᠋ᠧᠮ ᠤᠨ ᠦᠷᠭᠦᠯᠵᠢᠯᠡᠭᠰᠡᠨ | ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠨ᠎ᠠ᠃ | ᠬᠤᠶᠠᠷ᠂ ᠠᠵᠢᠯ ᠤᠨ ᠬᠠᠷᠠᠯᠲᠠ | ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠤᠷᠰᠢᠯᠲᠠ ᠶᠢᠨ ᠴᠡᠭ ᠤᠨ ᠭᠠᠵᠠᠷ | ᠣᠷᠣᠨ ᠤ ᠰᠠᠭᠤᠷᠢᠨ ᠳᠡᠭᠡᠷ᠎ᠡ᠂ ᠪᠦᠬᠦ ᠬᠤᠰᠢᠭᠤᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠪᠦᠬᠦ ᠲᠠᠯ᠎ᠠ ᠪᠠᠷ ᠠᠬᠢᠭᠤᠯᠤᠨ᠎ᠠ᠃ ᠬᠠᠷᠠᠯᠲᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠨ᠂ ᠲᠤᠷᠰᠢᠯᠭ᠎ᠠ ᠪᠠᠨ | ᠳ᠋ᠦᠩᠨᠡᠵᠦ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ | ᠳᠣᠲᠣᠭᠠᠳᠤ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠶᠢ ᠪᠡᠶᠡᠯᠡᠭᠦᠯᠵᠦ᠂ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠪᠦᠲᠦᠮᠵᠢᠲᠡᠢ ᠠᠰᠢᠭᠯᠠᠵᠤ᠂ ᠦᠨᠳᠦᠰᠦᠨ | ᠱᠠᠲᠤᠨ ᠳᠤ ᠠᠩᠬ᠎ᠠ ᠣᠨᠣᠰᠢᠯᠠᠬᠤ᠂ ᠬᠤᠣᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ᠂ ᠲᠦᠷᠭᠡᠨ ᠤᠳᠠᠭᠠᠨ | ᠴᠢᠨᠠᠷᠲᠠᠢ ᠰᠠᠯᠭᠠᠨ ᠵᠠᠰᠠᠬᠤ᠂ ᠳᠡᠭᠡᠳᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ ᠱᠠᠲᠤ ᠬᠤᠪᠢᠶᠠᠨ | ᠣᠨᠣᠰᠢᠯᠠᠨ ᠡᠮᠨᠡᠬᠦ ᠦᠢᠯᠡᠴᠢᠯᠡᠭᠡᠨ ᠤ ᠵᠠᠭᠪᠤᠷ ᠢ ᠪᠡᠶᠡᠯᠡᠭᠦᠯᠵᠦ᠂ ᠰᠢᠶᠠᠨ ᠤ ᠬᠡᠪᠴᠢᠶᠡᠨ ᠳᠤ ᠡᠮᠨᠡᠭᠦᠯᠬᠦ ᠨᠣᠷᠮ᠎ᠠ ᠪᠠ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠪᠡᠳᠴᠢᠨ ᠦᠵᠡᠭᠦᠯᠬᠦ ᠨᠣᠷᠮ᠎ᠠ ᠶᠢ | ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ︽ᠪᠠᠭ᠎ᠠ ᠡᠪᠡᠳᠴᠢᠨ ᠢ ᠬᠤᠰᠢᠭᠤᠨ ᠠᠴᠠ ᠭᠠᠷᠭᠠᠬᠤ ᠦᠭᠡᠢ᠂ ᠬᠦᠨᠳᠦ | ᠡᠪᠡᠳᠴᠢᠨ ᠢ ᠠᠶᠢᠮᠠᠭ ᠠᠴᠠ ᠭᠠᠷᠭᠠᠬᠤ ᠦᠭᠡᠢ︾ ᠪᠠᠶᠢᠬᠤ ᠶᠢ ᠦᠨᠳᠦᠰᠦᠨ ᠳᠤ ᠪᠠᠨ ᠪᠡᠶᠡᠯᠡᠭᠦᠯᠵᠦ᠂ ᠨᠡᠶᠢᠲᠡ ᠶᠢᠨ | ᠠᠰᠠᠷᠠᠮᠵᠢ ᠶᠢᠨ ᠴᠢᠨᠠᠷ ᠢ ᠬᠠᠮᠠᠭᠠᠯᠠᠬᠤ᠂ ᠢᠳᠡᠪᠬᠢᠵᠢᠯ ᠢ ᠳᠠᠶᠢᠴᠢᠯᠠᠬᠤ᠂ ᠦᠷᠭᠦᠯᠵᠢᠯᠡᠬᠦ ᠶᠢ ᠪᠠᠲᠤᠯᠠᠬᠤ ᠠᠯᠪᠠᠨ ᠠᠴᠠ | ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠯᠠᠭᠠᠨ ᠤ ᠰᠢᠨ᠎ᠡ ᠲᠣᠭᠲᠠᠴᠠ ᠶᠢ ᠲᠦᠷᠭᠡᠳᠬᠡᠨ | ᠪᠦᠷᠢᠨᠰᠢᠭᠦᠯᠦᠨ᠎ᠡ᠃ | ᠭᠤᠷᠪᠠ᠂ ᠭᠤᠣᠯᠳᠠᠯᠭ᠎ᠠ ᠲᠠᠢ ᠡᠭᠦᠷᠭᠡ | ︵ᠨᠢᠭᠡ︶ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ | ᠪᠠᠶᠢᠭᠤᠯᠤᠨ᠎ᠠ | 1᠂ ᠤᠳᠤᠷᠢᠳᠤᠯᠭ᠎ᠠ ᠪᠠᠨ ᠴᠢᠩᠭᠠᠳᠬᠠᠵᠤ᠂ ᠬᠠᠮᠢᠶᠠᠷᠤᠯᠲᠠ ᠶᠢᠨ ᠰᠢᠨ᠎ᠡ ᠪᠠᠶᠢᠭᠤᠯᠤᠯ ᠢ ᠳᠠᠬᠢᠨ ᠴᠣᠭᠴᠠᠯᠠᠨ᠎ᠠ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ | ᠬᠠᠮᠢᠶᠠᠷᠤᠯᠲᠠ ᠶᠢᠨ ᠵᠥᠪᠯᠡᠯ ᠢ ᠪᠠᠶᠢᠭᠤᠯᠪᠠ᠃ ᠬᠤᠰᠢᠭᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ | ᠳᠤᠭᠤᠶᠢᠯᠠᠩ ᠤᠨ ᠳᠠᠷᠤᠭ᠎ᠠ ᠪᠣᠯᠭᠠᠭᠰᠠᠨ ᠣᠷᠣᠨ ᠲᠤᠭ᠎ᠠ ᠶᠢᠨ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ᠂ | ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠳᠠᠭᠠᠳᠬᠠᠯ ᠵᠡᠷᠭᠡ ᠰᠠᠯᠠᠭ᠎ᠠ | ᠮᠥᠴᠢᠷ ᠢᠶᠠᠷ ᠪᠦᠷᠢᠯᠳᠦᠬᠦᠨ ᠪᠣᠯᠭᠠᠭᠰᠠᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ | ᠬᠠᠮᠢᠶᠠᠷᠤᠯᠲᠠ ᠶᠢᠨ ᠵᠥᠪᠯᠡᠯ ᠢ ᠪᠠᠶᠢᠭᠤᠯᠵᠤ᠂ ᠠᠯᠪᠠᠨ ᠭᠡᠷ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ | ᠳᠣᠭᠢᠷᠠᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠥᠯᠥᠪᠵᠢᠭᠦᠯᠦᠨ ᠪᠦᠲᠦᠭᠡᠨ ᠪᠠᠶᠢᠭᠤᠯᠬᠤ᠂ | ᠣᠷᠣᠭᠤᠯᠤᠯᠲᠠ ᠶᠢ ᠪᠠᠲᠤᠯᠠᠬᠤ᠂ ᠠᠵᠢᠯᠲᠠᠨ ᠤ ᠶᠠᠪᠤᠳᠠᠯ ᠢ ᠲᠣᠬᠢᠷᠠᠭᠤᠯᠬᠤ ᠪᠠ ᠰᠢᠯᠭᠠᠨ ᠬᠢᠨᠠᠵᠤ ᠬᠢᠨᠠᠨ ᠬᠠᠮᠢᠶᠠᠷᠬᠤ | ᠵᠡᠷᠭᠡ ᠴᠢᠬᠤᠯᠠ ᠶᠡᠭᠡ ᠵᠦᠢᠯᠡᠰ ᠢ ᠨᠢᠭᠡᠳᠦᠯᠲᠡᠢ ᠲᠥᠯᠥᠪᠯᠡᠨ᠎ᠡ᠃ | 2᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠵᠢᠯᠯᠠᠭᠠᠨ ᠤ ᠰᠢᠨ᠎ᠡ ᠲᠣᠭᠲᠠᠴᠠ ᠶᠢ ᠪᠦᠷᠢᠨᠰᠢᠭᠦᠯᠦᠨ᠎ᠡ᠃ | ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠪᠠᠷ ᠲᠦᠷᠦᠭᠦᠯᠡᠬᠦ ᠨᠢᠭᠡᠴᠡ ᠪᠠᠷ | ᠲᠣᠭᠲᠠᠭᠠᠨ᠎ᠠ᠃ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢ᠊ ᠡᠶ᠎ᠡ᠂ ᠬᠢᠲᠠᠳ ᠡᠮᠨᠡᠯᠭᠡ ᠶᠢᠨ ᠬᠤᠷᠢᠶ᠎ᠠ᠂ ᠡᠬᠡ | ᠨᠢᠯᠬᠠᠰ ᠤᠨ ᠡᠷᠡᠭᠦᠯᠵᠢᠯ ᠤᠨ ᠬᠤᠷᠢ᠊ ᠡᠶ᠎ᠡ᠂ 20 ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢ᠊ ᠡᠶ᠎ᠡ᠂ 1 | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠡᠷᠭᠡ ᠨᠡᠶᠢᠲᠡ 24 ᠡᠮᠴᠢᠯᠡᠭᠡᠨ ᠤ | ᠪᠠᠶᠢᠭᠤᠯᠤᠮᠵᠢ ᠨᠢ ᠪᠦᠷᠢᠯᠳᠦᠬᠦᠨ ᠨᠢᠭᠡᠴᠢ ᠪᠣᠯᠭᠠᠵᠤ᠂ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷᠠᠬᠢ ᠬᠤᠷᠢᠶᠠᠨ | ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠮᠴᠢᠯᠡᠭᠡᠨ ᠤ | ᠬᠠᠮᠲᠤ ᠶᠢᠨ ᠴᠣᠭᠴᠠ ᠶᠢᠨ ᠳᠦᠷᠢᠮ ᠢ ᠲᠣᠭᠲᠠᠭᠠᠪᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠷᠢᠶ᠎ᠠ | ᠪᠠᠶᠢᠭᠤᠯᠤᠮᠵᠢ ᠶᠢᠨ ᠬᠠᠤᠯᠢ ᠶᠢᠨ ᠡᠷᠬᠡᠲᠡᠨ ᠤ ᠬᠢᠷᠢ ᠬᠡᠮ᠂ ᠨᠢᠭᠡᠴᠡ ᠶᠢᠨ ᠰᠢᠨᠵᠢ ᠴᠢᠨᠠᠷ᠂ ᠠᠵᠢᠯᠲᠠᠨ ᠤ ᠣᠷᠣᠨ | ᠲᠤᠭ᠎ᠠ᠂ ᠵᠠᠰᠠᠭ ᠤᠨ ᠣᠷᠳᠣᠨ ᠤ ᠣᠷᠣᠭᠤᠯᠤᠯᠲᠠ᠂ ᠡᠭᠦᠷᠭᠡ ᠬᠠᠷᠢᠭᠤᠴᠠᠯᠭ᠎ᠠ ᠶᠢᠨ ᠡᠭᠦᠷᠭᠡ᠂ ᠤᠤᠯ ᠤᠨ ᠪᠠᠶᠢᠭ᠎ᠠ | ᠨᠡᠷᠡᠶᠢᠳᠦᠯ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠯᠦ ᠬᠤᠪᠢᠷᠠᠭᠤᠯᠤᠨ᠎ᠠ᠃ | ︵ᠬᠤᠶᠠᠷ︶ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠵᠢᠯᠯᠠᠭᠠᠨ ᠤ | ᠲᠣᠭᠲᠠᠴᠠ ᠶᠢ ᠲᠡᠭᠦᠯᠳᠡᠷᠵᠢᠭᠦᠯᠦᠨ᠎ᠡ | 1᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠭᠠᠳᠠᠨᠠᠬᠢ ᠬᠠᠮᠢᠶᠠᠷᠤᠯᠲᠠ ᠶᠢᠨ ᠪᠠᠶᠢᠭᠤᠯᠤᠯ ᠢ | ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠢᠶᠠᠷᠤᠯᠲᠠ ᠶᠢᠨ ᠵᠥᠪᠯᠡᠯ ᠵᠢᠴᠢ | ᠪᠦᠷᠢᠯᠳᠦᠬᠦᠨ ᠨᠢᠭᠡᠴᠡ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠳᠣᠷᠬᠠᠶᠢᠯᠠᠵᠤ᠂ ᠰᠢᠨᠵᠢᠯᠡᠬᠦ | ᠤᠬᠠᠭᠠᠨᠴᠢ᠂ ᠠᠷᠠᠳᠴᠢᠯᠠᠭᠰᠠᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠢᠶᠠᠷᠤᠯᠲᠠ ᠶᠢᠨ ᠵᠥᠪᠯᠡᠯ ᠤᠨ ᠬᠡᠷᠡᠭ | ᠵᠥᠪᠯᠡᠬᠦ ᠳᠦᠷᠢᠮ ᠢ ᠲᠣᠭᠲᠠᠭᠠᠨ ᠲᠡᠭᠦᠯᠳᠡᠷᠵᠢᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ | ᠬᠠᠮᠢᠶᠠᠷᠤᠯᠲᠠ ᠶᠢᠨ ᠳᠦᠷᠢᠮ ᠵᠢᠴᠢ ᠳᠦᠷᠢᠮ ᠢ ᠪᠦᠷᠢᠨᠰᠢᠭᠦᠯᠦᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ | ᠬᠠᠮᠢᠶᠠᠷᠤᠯᠲᠠ ᠶᠢᠨ ᠵᠠᠰᠠᠭ ᠵᠠᠬᠢᠷᠭᠠᠨ᠂ ᠠᠵᠢᠯᠲᠠᠨ ᠤ ᠶᠠᠪᠤᠳᠠᠯ᠂ ᠲᠤᠬᠠᠶᠢᠯᠠᠭᠰᠠᠨ ᠠᠵᠢᠯ᠂ ᠡᠳ᠋ ᠤᠨ ᠶᠠᠪᠤᠳᠠᠯ᠂ | ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ᠂ ᠠᠮᠵᠢᠯᠲᠠ ᠪᠦᠲᠦᠮᠵᠢ ᠵᠡᠷᠭᠡ ᠶᠢ ᠨᠢᠭᠡᠳᠦᠯᠲᠡᠢ ᠬᠠᠮᠢᠶᠠᠷᠴᠤ᠂ | ᠡᠵᠡᠩᠨᠡᠯᠲᠡ ᠬᠠᠮᠢᠶᠠᠷᠤᠯᠲᠠ ᠶᠢᠨ ᠡᠵᠡᠨ ᠮᠡᠳᠡᠬᠦ ᠡᠷᠬᠡ ᠶᠢ ᠭᠦᠢᠴᠡᠳ ᠭᠦᠢᠴᠡᠳᠬᠡᠵᠦ᠂ ᠨᠢᠭᠡᠳᠦᠯᠲᠡᠢ ᠪᠥᠭᠡᠳ | ᠥᠨᠳᠥᠷ ᠪᠦᠲᠦᠮᠵᠢᠲᠡᠢ ᠬᠠᠮᠢᠶᠠᠷᠤᠯᠲᠠ ᠶᠢ ᠪᠡᠶᠡᠯᠡᠭᠦᠯᠦᠨ᠎ᠡ︔ ᠡᠮᠴᠢᠯᠡᠭᠡᠨ ᠤ ᠬᠠᠮᠲᠤ ᠶᠢᠨ ᠴᠣᠭᠴᠠ ᠶᠢᠨ | ᠬᠠᠮᠢᠶᠠᠷᠤᠯᠲᠠ ᠶᠢᠨ ᠵᠥᠪᠯᠡᠯ ᠵᠢᠴᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠷᠢᠯᠳᠦᠬᠦᠨ | ᠪᠠᠶᠢᠭᠤᠯᠤᠮᠵᠢ ᠨᠤᠭᠤᠳ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠢ ᠰᠢᠨᠵᠢᠯᠡᠬᠦ ᠤᠬᠠᠭᠠᠨᠴᠢ ᠪᠠᠷ | ᠵᠢᠷᠤᠮᠵᠢᠭᠤᠯᠵᠤ᠂ ᠡᠷᠬᠡ ᠬᠠᠷᠢᠭᠤᠴᠠᠯᠭ᠎ᠠ ᠨᠢ ᠠᠳᠠᠯᠢ ᠪᠠᠶᠢᠬᠤ᠂ ᠠᠵᠢᠯ ᠤᠨ ᠬᠤᠪᠢᠶᠠᠷᠢᠯᠠᠯ ᠲᠣᠳᠣᠷᠬᠠᠢ ᠪᠠᠶᠢᠬᠤ | ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠷᠢᠮᠵᠢᠶᠠᠵᠢᠭᠤᠯᠬᠤ | ᠪᠠᠶᠢᠭᠤᠯᠤᠯᠲᠠ᠂ ᠵᠢᠷᠤᠮᠵᠢᠭᠤᠯᠤᠭᠰᠠᠨ ᠣᠨᠣᠰᠢᠯᠠᠨ ᠡᠮᠨᠡᠬᠦ ᠶᠢ ᠢᠳᠡᠪᠬᠢᠲᠡᠢ ᠠᠬᠢᠭᠤᠯᠵᠤ᠂ ᠴᠢᠨᠠᠷ ᠰᠠᠶᠢᠲᠠᠢ | ᠡᠮᠴᠢᠯᠡᠭᠡᠨ ᠤ ᠡᠬᠢ ᠪᠠᠶᠠᠯᠢᠭ ᠢ ᠳᠡᠭᠡᠭᠰᠢ ᠳᠣᠷᠣᠭᠰᠢ ᠨᠡᠪᠲᠡᠷᠡᠭᠦᠯᠬᠦ ᠠᠷᠭ᠎ᠠ ᠵᠠᠮ ᠪᠠ ᠲᠣᠭᠲᠠᠴᠠ ᠶᠢ ᠪᠣᠢ ᠪᠣᠯᠭᠠᠵᠤ᠂ | ᠰᠢᠶᠠᠨ ᠤ ᠬᠡᠪᠴᠢᠶᠡᠨ ᠤ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | 2᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠠᠵᠢᠯᠯᠠᠭᠠᠨ ᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ᠨᠢᠭᠡ ᠳᠤ ᠬᠠᠮᠢᠶᠠᠷᠤᠯᠲᠠ ᠶᠢᠨ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠪᠠ᠃ | ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠠᠵᠢᠯ | ᠲᠥᠷᠥᠯ ᠤᠨ ᠲᠥᠯᠥᠪᠵᠢᠭᠦᠯᠭᠡ᠂ ᠪᠠᠷᠢᠮᠵᠢ᠊ ᠡᠶ᠎ᠡ ᠵᠢᠷᠤᠮᠯᠠᠯ ᠢ ᠲᠣᠭᠲᠠᠭᠠᠬᠤ ᠪᠠ ᠡᠮᠴᠢᠯᠡᠭᠡᠨ ᠤ ᠬᠠᠮᠲᠤ ᠶᠢᠨ | ᠴᠣᠭᠴᠠ ᠳᠤ ᠬᠢᠨᠠᠯᠲᠠ ᠲᠠᠯᠪᠢᠨ ᠵᠢᠯᠣᠭᠤᠳᠬᠤ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠡᠮᠴᠢᠯᠡᠭᠡᠨ ᠤ | ᠬᠠᠮᠲᠤ ᠶᠢᠨ ᠴᠣᠭᠴᠠ ᠶᠢᠨ ᠳᠣᠲᠣᠭᠠᠳᠤ ᠳᠤ ᠳᠦᠷᠢᠮ ᠲᠣᠭᠲᠠᠭᠠᠬᠤ ᠪᠠᠷ ᠳᠠᠮᠵᠢᠭᠤᠯᠤᠨ᠂ ᠲᠦᠷᠦᠭᠦᠯᠡᠨ ᠬᠢᠬᠦ | ᠡᠮᠨᠡᠯᠭᠡ ᠶᠢᠨ ᠬᠤᠷᠢᠶ᠎ᠠ ᠬᠢᠭᠡᠳ ᠪᠦᠷᠢᠯᠳᠦᠬᠦᠨ ᠨᠢᠭᠡᠴᠢ ᠶᠢᠨ ᠬᠠᠷᠢᠭᠤᠴᠠᠯᠭ᠎ᠠ᠂ ᠡᠷᠬᠡ ᠪᠠ ᠡᠭᠦᠷᠭᠡ ᠶᠢ ᠲᠣᠭᠲᠠᠭᠠᠵᠤ | ᠂ ᠠᠰᠢᠭ ᠲᠤᠰᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠲᠣᠳᠣᠷᠬᠠᠶᠢᠯᠠᠨ᠂ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠦᠷᠢᠯᠳᠦᠬᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠮᠴᠢᠯᠡᠭᠡᠨ ᠤ | ᠬᠠᠮᠲᠤ ᠶᠢᠨ ᠴᠣᠭᠴᠠ ᠶᠢᠨ ᠲᠦᠷᠦᠭᠦᠯᠡᠬᠦ ᠪᠠᠶᠢᠭᠤᠯᠤᠮᠵᠢ ᠶᠢ ᠵᠠᠷᠴᠢᠮ ᠳᠡᠭᠡᠷ᠎ᠡ ᠪᠠᠨ ᠬᠤᠶᠠᠳᠤᠭᠠᠷ ᠳᠡᠰ ᠤᠨ ᠬᠥᠬᠡ | ᠳᠡᠰ ᠵᠢᠴᠢ ᠲᠡᠭᠦᠨ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠪᠣᠯᠭᠠᠵᠤ᠂ ᠰᠤᠮᠤ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ᠂ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠬᠠᠮᠲᠤ ᠪᠠᠷ ᠣᠷᠣᠯᠴᠠᠵᠤ᠂ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ᠂ ᠡᠬᠡ ᠨᠢᠯᠬ᠎ᠠ᠂ ᠬᠢᠨᠠᠯᠲᠠ ᠲᠠᠯᠪᠢᠬᠤ ᠵᠡᠷᠭᠡ ᠲᠤᠰᠬᠠᠢ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠡᠮᠴᠢᠯᠡᠭᠡᠨ ᠤ ᠬᠠᠮᠲᠤ ᠶᠢᠨ ᠴᠣᠭᠴᠠ ᠳᠤ ᠣᠷᠣᠯᠴᠠᠬᠤ ᠬᠡᠷᠡᠭᠲᠡᠢ᠃ ᠬᠤᠶᠠᠷ ᠲᠤ᠂ | ᠡᠮᠴᠢᠯᠡᠭᠡᠨ ᠤ ᠬᠠᠮᠲᠤ ᠶᠢᠨ ᠴᠣᠭᠴᠠ ᠶᠢᠨ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠎ᠠ᠃ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤᠮᠳᠠ | ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠰᠢᠢᠳᠪᠦᠷᠢᠲᠦ | ᠪᠣᠳᠣᠯᠭ᠎ᠠ ᠲᠣᠭᠲᠠᠭᠠᠬᠤ᠂ ᠥᠭᠡᠷᠡᠴᠢᠯᠡᠯᠲᠡ ᠶᠢ ᠠᠬᠢᠭᠤᠯᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠦᠢᠯᠡᠳᠦᠯ ᠢ | ᠭᠦᠢᠴᠡᠳ ᠪᠠᠳᠠᠷᠠᠭᠤᠯᠬᠤ ᠬᠡᠷᠡᠭᠲᠡᠢ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠯᠲᠠ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ | ᠨᠠᠮ ᠤᠨ ᠬᠤᠷᠢᠶ᠎ᠠ ᠶᠢ ᠪᠠᠶᠢᠭᠤᠯᠤᠨ᠂ ᠬᠤᠰᠢᠭᠤᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠢᠶᠠᠷᠤᠯᠲᠠ ᠶᠢᠨ | ᠵᠥᠪᠯᠡᠯ ᠤᠨ ᠠᠯᠪᠠᠨ ᠭᠡᠷ ᠤᠨ ᠤᠳᠤᠷᠢᠳᠤᠯᠭ᠎ᠠ ᠳᠣᠣᠷ᠎ᠠ ᠠᠵᠢᠯ ᠢᠶᠠᠨ ᠥᠷᠨᠢᠭᠦᠯᠵᠦ᠂ ᠡᠮᠴᠢᠯᠡᠭᠡᠨ ᠤ ᠬᠠᠮᠲᠤ ᠶᠢᠨ | ᠴᠣᠭᠴᠠ ᠶᠢᠨ ᠨᠠᠮ ᠤᠨ ᠬᠤᠷᠢ᠊ ᠡᠶ᠎ᠡ ᠶᠢᠨ ᠱᠦᠵᠢ ᠶᠢ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠭᠤᠣᠯ ᠬᠠᠷᠢᠭᠤᠴᠠᠯᠭᠠᠲᠠᠨ ᠪᠤᠶᠤ ᠲᠦᠷᠦᠭᠦᠯᠡᠨ ᠬᠢᠬᠦ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠠᠴᠠ | ᠡᠭᠦᠷᠭᠡᠯᠡᠵᠦ ᠪᠣᠯᠤᠨ᠎ᠠ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ | ᠳᠠᠷᠤᠭ᠎ᠠ ᠶᠢ ᠲᠦᠷᠦᠭᠦᠯᠡᠨ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠪᠤᠶᠤ ᠪᠦᠷᠢᠯᠳᠦᠬᠦᠨ ᠨᠢᠭᠡᠴᠡ ᠶᠢᠨ ᠭᠤᠣᠯ | ᠤᠳᠤᠷᠢᠳᠤᠯᠭ᠎ᠠ ᠡᠭᠦᠷᠭᠡᠯᠡᠵᠦ᠂ ᠨᠠᠮ ᠤᠨ ᠬᠤᠷᠢ᠊ ᠡᠶ᠎ᠡ ᠶᠢᠨ ᠭᠡᠰᠢᠭᠦᠨ ᠢ ᠡᠮᠴᠢᠯᠡᠭᠡᠨ ᠤ ᠬᠠᠮᠲᠤ ᠶᠢᠨ ᠴᠣᠭᠴᠠ ᠠᠴᠠ | ᠲᠦᠷᠦᠭᠦᠯᠡᠨ ᠡᠮᠨᠡᠯᠭᠡ ᠶᠢᠨ ᠬᠤᠷᠢ᠊ ᠡᠶ᠎ᠡ ᠶᠢᠨ ᠳᠡᠳ᠋ ᠳᠠᠷᠤᠭ᠎ᠠ ᠪᠠ ᠬᠤᠪᠢᠶᠠᠷᠢ ᠬᠤᠷᠢ᠊ ᠡᠶ᠎ᠡ ᠶᠢᠨ ᠭᠤᠣᠯ | ᠤᠳᠤᠷᠢᠳᠤᠯᠭ᠎ᠠ ᠡᠭᠦᠷᠭᠡᠯᠡᠵᠦ ᠪᠣᠯᠤᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ | ᠡᠮᠴᠢᠯᠡᠭᠡᠨ ᠤ ᠬᠠᠮᠲᠤ ᠶᠢᠨ ᠴᠣᠭᠴᠠ ᠶᠢ ᠵᠢᠭᠠᠨ ᠵᠢᠯᠣᠭᠤᠳᠴᠤ ᠪᠠᠶᠢᠭᠠᠳ ᠨᠠᠮ ᠤᠨ ᠬᠤᠷᠢᠶᠠᠨ ᠤ ᠤᠳᠤᠷᠢᠳᠤᠯᠭ᠎ᠠ | ᠳᠣᠣᠷᠠᠬᠢ ᠬᠤᠷᠢᠶᠠᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠦᠵᠡᠯ | ᠰᠠᠨᠠᠭ᠎ᠠ ᠤᠯᠤᠰ ᠲᠥᠷᠥ ᠶᠢᠨ ᠠᠵᠢᠯ ᠪᠠ ᠡᠮᠴᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ | | ᠭᠤᠷᠪᠠ ᠳᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ | ᠪᠦᠷᠢᠨᠰᠢᠭᠦᠯᠦᠨ᠎ᠡ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠵᠠᠰᠠᠭ ᠤᠨ ᠣᠷᠳᠣᠨ ᠤ | ᠡᠮᠨᠡᠯᠭᠡ ᠡᠷᠬᠢᠯᠡᠬᠦ ᠤᠳᠤᠷᠢᠳᠬᠤ ᠬᠠᠷᠢᠭᠤᠴᠠᠯᠭ᠎ᠠ᠂ ᠪᠠᠲᠤᠯᠠᠭ᠎ᠠ ᠶᠢᠨ ᠬᠠᠷᠢᠭᠤᠴᠠᠯᠭ᠎ᠠ᠂ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠭᠦᠢᠴᠡᠳ ᠭᠦᠢᠴᠡᠳᠬᠡᠵᠦ᠂ ᠵᠠᠰᠠᠭ ᠪᠠ ᠠᠵᠢᠯ ᠦᠢᠯᠡᠰ ᠢ ᠰᠠᠯᠭᠠᠬᠤ᠂ ᠬᠠᠮᠢᠶᠠᠷᠬᠤ ᠪᠠ | ᠡᠷᠬᠢᠯᠡᠬᠦ ᠶᠢ ᠰᠠᠯᠭᠠᠬᠤ ᠶᠢ ᠪᠡᠶᠡᠯᠡᠭᠦᠯᠦᠨ᠎ᠡ᠃ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠠᠠᠵᠢᠭᠤᠯᠬᠤ᠂ ᠣᠳᠣ | ᠦᠶ᠎ᠡ ᠶᠢᠨ ᠡᠮᠨᠡᠯᠭᠡ ᠶᠢᠨ ᠬᠤᠷᠢ᠊ ᠡᠶ᠎ᠡ ᠶᠢᠨ ᠬᠠᠮᠢᠶᠠᠷᠤᠯᠲᠠ ᠶᠢᠨ ᠳᠦᠷᠢᠮ ᠤᠨ ᠱᠠᠭᠠᠷᠳᠠᠯᠭ᠎ᠠ ᠶᠣᠰᠣᠭᠠᠷ᠂ | ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠳ᠋ ᠤᠨ ᠶᠠᠪᠤᠳᠠᠯ ᠪᠠ ᠲᠥᠰᠦᠪ ᠤᠨ | ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠳ᠋ ᠤᠨ ᠶᠠᠪᠤᠳᠠᠯ ᠤᠨ ᠮᠡᠳᠡᠭᠦᠯᠬᠦ ᠳᠦᠷᠢᠮ᠂ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠦᠷᠢᠮ᠂ ᠭᠤᠷᠪᠠᠳᠠᠬᠢ ᠡᠲᠡᠭᠡᠳ ᠤᠨ ᠳᠠᠩᠰᠠᠯᠠᠭᠤᠯᠤᠭᠰᠠᠨ ᠨᠢᠭᠲᠠᠯᠠᠨ | ᠪᠣᠳᠣᠭᠴᠢ ᠶᠢᠨ ᠬᠢᠨᠠᠨ ᠪᠣᠳᠣᠬᠤ ᠳᠦᠷᠢᠮ᠂ ᠶᠡᠷᠦᠩᠬᠡᠢ ᠨᠢᠭᠲᠠᠯᠠᠨ ᠪᠣᠳᠣᠭᠴᠢ ᠶᠢᠨ ᠳᠦᠷᠢᠮ ᠪᠠ ᠡᠳ᠋ ᠤᠨ | ᠶᠠᠪᠤᠳᠠᠯ ᠢ ᠢᠯᠡ ᠪᠣᠯᠭᠠᠬᠤ ᠳᠦᠷᠢᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ ᠳᠣᠲᠣᠭᠠᠳᠤ ᠶᠢᠨ | ᠰᠢᠢᠳᠪᠦᠷᠢᠲᠦ ᠪᠣᠳᠣᠯᠭ᠎ᠠ ᠪᠠ ᠬᠦᠯᠢᠶᠡᠰᠦᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠭᠤᠣᠯᠯᠠᠭᠴᠢ ᠶᠢᠨ ᠦᠢᠯᠡᠳᠦᠯ ᠢ ᠪᠠᠳᠠᠷᠠᠭᠤᠯᠤᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ | ᠳᠣᠲᠣᠭᠠᠳᠤ ᠶᠢᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠦᠢᠯᠡᠳᠦᠯ ᠢ ᠴᠢᠩᠭᠠᠳᠬᠠᠵᠤ᠂ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠺᠠᠳ᠋ᠷ ᠢ ᠲᠣᠮᠢᠯᠠᠵᠤ ᠪᠠᠭᠤᠯᠭᠠᠬᠤ᠂ ᠴᠢᠬᠤᠯᠠ ᠶᠡᠭᠡ ᠲᠥᠷᠥᠯ ᠵᠦᠢᠯ ᠢ | ᠬᠡᠷᠡᠭᠵᠢᠭᠦᠯᠬᠦ ᠳᠤ ᠴᠢᠭᠯᠡᠭᠦᠯᠦᠨ ᠦᠨᠡᠨᠬᠦ ᠪᠣᠯᠤᠮᠵᠢᠲᠠᠢ ᠴᠤᠪᠤᠷᠠᠯ ᠪᠠ ᠬᠡᠷᠡᠭ ᠵᠥᠪᠯᠡᠬᠦ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠦᠷᠢᠮ ᠢ ᠲᠣᠭᠲᠠᠭᠠᠨ᠎ᠠ᠃ ᠡᠮᠴᠢᠯᠡᠭᠡᠨ ᠤ ᠬᠠᠮᠲᠤ ᠶᠢᠨ ᠳᠣᠲᠣᠭᠠᠳᠤ ᠶᠢᠨ ᠡᠳ᠋ ᠤᠨ ᠶᠠᠪᠤᠳᠠᠯ ᠳᠤ | ᠨᠢᠭᠡᠳᠦᠯᠲᠡᠢ ᠬᠠᠮᠢᠶᠠᠷᠴᠤ᠂ ᠲᠥᠪᠯᠡᠷᠡᠭᠦᠯᠦᠨ ᠲᠣᠭᠠᠴᠠᠭ᠎ᠠ ᠬᠢᠵᠦ᠂ ᠡᠯ᠎ᠡ ᠪᠦᠷᠢᠯᠳᠦᠬᠦᠨ ᠨᠢᠭᠡᠴᠡ ᠶᠢᠨ ᠡᠳ᠋ ᠤᠨ | ᠶᠠᠪᠤᠳᠠᠯ ᠳᠤ ᠲᠤᠰᠠᠭᠠᠷ ᠳᠡᠩᠰᠡ ᠪᠠᠶᠢᠭᠤᠯᠤᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ | ᠬᠢᠨᠠᠨ ᠪᠣᠳᠣᠬᠤ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠪᠣᠳᠣᠬᠤ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠨ᠎ᠡ᠃ ᠳᠥᠷᠪᠡ ᠳᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠡᠷᠡᠭ ᠵᠥᠪᠯᠡᠬᠦ ᠳᠦᠷᠢᠮ ᠢ | ᠲᠡᠭᠦᠯᠳᠡᠷᠵᠢᠭᠦᠯᠦᠨ᠎ᠡ᠃ ᠬᠡᠷᠡᠭ ᠵᠥᠪᠯᠡᠬᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠨᠠᠮ ᠤᠨ ᠬᠤᠷᠢ᠊ ᠡᠶ᠎ᠡ ᠶᠢᠨ ᠤᠳᠤᠷᠢᠳᠤᠯᠭ᠎ᠠ ᠳᠣᠣᠷᠠᠬᠢ | ᠶᠡᠷᠦᠩᠬᠡᠢ ᠬᠤᠷᠢᠶᠠᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠶᠡᠷᠦᠩᠬᠡᠢ ᠬᠤᠷᠢᠶᠠᠨ | ᠳᠠᠷᠤᠭ᠎ᠠ ᠲᠣᠭᠲᠠᠮᠠᠯ ᠬᠤᠭᠤᠴᠠᠭ᠎ᠠ ᠲᠠᠢ ᠪᠠᠷ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠢ ᠴᠤᠭᠯᠠᠭᠤᠯᠤᠨ | ᠬᠤᠷᠢᠶᠠᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠬᠤᠷᠠᠯᠳᠤᠭᠤᠯᠵᠤ᠂ ᠡᠮᠴᠢᠯᠡᠭᠡᠨ ᠤ ᠬᠠᠮᠲᠤ ᠶᠢᠨ | ᠴᠣᠭᠴᠠ ᠶᠢᠨ ᠲᠤᠬᠠᠶᠢᠯᠠᠭᠰᠠᠨ ᠠᠵᠢᠯ ᠪᠠ ᠡᠵᠡᠩᠨᠡᠯᠲᠡ ᠶᠢᠨ ᠠᠵᠢᠯ ᠢ ᠰᠤᠳᠤᠯᠤᠨ᠎ᠠ︔ ᠡᠮᠴᠢᠯᠡᠭᠡᠨ ᠤ ᠬᠠᠮᠲᠤ ᠶᠢᠨ | ᠴᠣᠭᠴᠠ ᠶᠢᠨ ᠨᠠᠮ ᠤᠨ ᠬᠤᠷᠢ᠊ ᠡᠶ᠎ᠡ ᠶᠢᠨ ᠬᠤᠷᠠᠯ ᠳᠤ ᠲᠤᠰᠢᠶᠠᠨ ᠶᠠᠷᠢᠯᠴᠠᠵᠤ ᠲᠣᠭᠲᠠᠭᠠᠬᠤ ᠪᠠᠷ ᠪᠠᠶᠢᠭ᠎ᠠ ᠴᠢᠬᠤᠯᠠ | ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠴᠢᠬᠤᠯᠠ ᠶᠡᠭᠡ ᠲᠥᠷᠥᠯ ᠵᠦᠢᠯ ᠤᠨ ᠲᠣᠬᠢᠷᠠᠭᠤᠯᠤᠯᠲᠠ ᠪᠠ ᠶᠡᠭᠡ | ᠲᠤᠭ᠎ᠠ ᠬᠡᠮᠵᠢ᠊ ᠡᠶ᠎ᠡ ᠶᠢᠨ ᠪᠡᠯᠡ ᠮᠥᠩᠭᠦ ᠬᠡᠷᠡᠭᠯᠡᠬᠦ ᠵᠦᠢᠯᠡᠰ ᠤᠨ ᠲᠥᠰᠦᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ | ︔ | ᠡᠮᠴᠢᠯᠡᠭᠡᠨ ᠤ ᠬᠠᠮᠲᠤ ᠶᠢᠨ ᠴᠣᠭᠴᠠ ᠶᠢᠨ ᠨᠠᠮ ᠤᠨ ᠬᠤᠷᠢᠶᠠᠨ ᠤ ᠬᠤᠷᠠᠯ ᠤᠨ ᠰᠢᠢᠳᠪᠦᠷᠢ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠭᠤᠣᠯᠳᠠᠯᠭ᠎ᠠ ᠲᠠᠢ ᠠᠵᠢᠯ︔ ᠨᠠᠮ ᠤᠨ ᠬᠤᠷᠢᠶᠠᠨ ᠤ ᠬᠤᠷᠠᠯ ᠳᠤ ᠳᠡᠪᠰᠢᠭᠦᠯᠵᠦ | ᠶᠠᠷᠢᠯᠴᠠᠭᠤᠯᠤᠨ ᠲᠣᠭᠲᠠᠭᠠᠬᠤ ᠪᠠᠷ ᠪᠠᠶᠢᠭ᠎ᠠ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠴᠢᠬᠤᠯᠠ ᠶᠡᠭᠡ ᠲᠥᠷᠥᠯ | ᠵᠦᠢᠯ ᠤᠨ ᠲᠣᠬᠢᠷᠠᠭᠤᠯᠤᠯᠲᠠ ᠪᠠ ᠶᠡᠭᠡ ᠲᠤᠭ᠎ᠠ ᠬᠡᠮᠵᠢᠶᠡᠨ ᠤ ᠪᠡᠯᠡ ᠮᠥᠩᠭᠦ ᠶᠢᠨ ᠬᠡᠷᠡᠭᠯᠡᠯᠲᠡ ᠶᠢᠨ ᠵᠦᠢᠯᠡᠰ ᠤᠨ | ᠲᠥᠰᠦᠯ ᠢ ᠶᠠᠷᠢᠯᠴᠠᠨ ᠪᠠᠲᠤᠯᠠᠵᠤ᠂ ᠮᠡᠷᠭᠡᠵᠢᠯ ᠤᠨ ᠴᠣᠯᠠ ᠲᠣᠭᠲᠠᠭᠠᠵᠤ ᠤᠷᠢᠬᠤ᠂ ᠡᠩ ᠤᠨ ᠳᠡᠰ ᠳᠡᠪᠰᠢᠬᠦ᠂ | ᠠᠵᠢᠯᠲᠠᠨ ᠡᠯᠰᠡᠨ ᠬᠡᠷᠡᠭᠯᠡᠬᠦ ᠪᠠ ᠤᠷᠢᠵᠤ ᠰᠢᠯᠵᠢᠭᠦᠯᠬᠦ ᠶᠢ ᠵᠣᠭᠰᠣᠭᠠᠬᠤ ᠵᠢᠴᠢ ᠰᠤᠷᠤᠭᠴᠢ ᠡᠯᠰᠡᠬᠦ | ᠪᠣᠯᠪᠠᠰᠤᠷᠠᠭᠤᠯᠤᠯ᠂ ᠨᠢᠭᠡᠳᠦᠭᠡᠷ ᠹᠷᠣᠨᠲ ᠤᠨ ᠠᠵᠢᠯ ᠤᠨ ᠪᠠᠶᠢᠷᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ | ᠵᠡᠷᠭᠡ ᠴᠢᠳᠠᠪᠤᠷᠢᠲᠠᠨ ᠤ ᠠᠵᠢᠯ ᠤᠨ ᠵᠦᠢᠯᠡᠰ ᠢ ᠶᠠᠷᠢᠯᠴᠠᠨ ᠲᠣᠭᠲᠠᠭᠠᠪᠠ︔ ᠡᠮᠴᠢᠯᠡᠭᠡᠨ ᠤ ᠬᠠᠮᠲᠤ ᠶᠢᠨ | ᠴᠣᠭᠴᠠ ᠶᠢᠨ ᠳᠣᠲᠣᠭᠠᠳᠤ ᠶᠢᠨ ᠡᠮᠴᠢᠯᠡᠭᠡ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠪᠠ | ᠵᠠᠰᠠᠭ ᠵᠠᠬᠢᠷᠭᠠᠨ ᠤ ᠬᠠᠮᠢᠶᠠᠷᠤᠯᠲᠠ ᠳᠠᠬᠢ ᠬᠠᠮᠲᠤ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠬᠤᠯᠠᠲᠠᠢ | ᠪᠤᠰᠤᠳ ᠵᠦᠢᠯᠡᠰ ᠢ ᠶᠠᠷᠢᠯᠴᠠᠨ ᠲᠣᠭᠲᠠᠭᠠᠪᠠ᠃ ᠲᠠᠪᠤ ᠳᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ | ᠡᠵᠡᠩᠨᠡᠯᠲᠡ ᠶᠢᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ᠎ᠠ᠃ ᠪᠠᠶᠢᠷᠢ ᠲᠣᠭᠲᠠᠭᠠᠯᠲᠠ ᠨᠢ ᠲᠣᠳᠣᠷᠬᠠᠢ᠂ ᠡᠷᠬᠡ | ᠬᠠᠷᠢᠭᠤᠴᠠᠯᠭ᠎ᠠ ᠨᠢ ᠲᠣᠳᠣᠷᠬᠠᠢ᠂ ᠠᠵᠢᠯ ᠬᠤᠪᠢᠶᠠᠷᠢᠯᠠᠨ ᠬᠠᠮᠵᠢᠯᠴᠠᠭᠰᠠᠨ ᠡᠮᠴᠢᠯᠡᠭᠡᠨ ᠤ ᠬᠠᠮᠲᠤ ᠶᠢᠨ ᠴᠣᠭᠴᠠ ᠶᠢᠨ | ᠡᠵᠡᠩᠨᠡᠯᠲᠡ ᠶᠢᠨ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠵᠠᠰᠠᠭ | ᠵᠠᠬᠢᠷᠭᠠᠨ ᠤ ᠬᠠᠮᠢᠶᠠᠷᠤᠯᠲᠠ᠂ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ᠂ ᠠᠷᠤ ᠲᠠᠯ᠎ᠠ ᠶᠢᠨ ᠦᠢᠯᠡᠴᠢᠯᠡᠭᠡᠨ ᠤ | ᠦᠢᠯᠡᠴᠢᠯᠡᠭᠡ᠂ ᠮᠡᠳᠡᠭᠡ ᠵᠠᠩᠭᠢ ᠶᠢᠨ ᠰᠢᠰᠲ᠋ᠧᠮ ᠵᠡᠷᠭᠡ ᠶᠢ ᠨᠢᠭᠡᠳᠦᠯᠲᠡᠢ ᠠᠵᠢᠯᠯᠠᠭᠤᠯᠵᠤ᠂ ᠦᠢᠯᠡᠴᠢᠯᠡᠭᠡᠨ ᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠡᠮᠴᠢᠯᠡᠭᠡᠨ ᠤ | ᠬᠠᠮᠲᠤ ᠶᠢᠨ ᠴᠣᠭᠴᠠ ᠶᠢᠨ ᠬᠠᠮᠢᠶᠠᠷᠤᠯᠲᠠ ᠶᠢᠨ ᠺᠣᠮᠢᠰ ᠠᠴᠠ ᠨᠠᠮ ᠵᠠᠰᠠᠭ ᠤᠨ ᠠᠯᠪᠠᠨ ᠭᠡᠷ ᠪᠠᠶᠢᠭᠤᠯᠵᠤ᠂ | ᠡᠮᠴᠢᠯᠡᠭᠡᠨ ᠤ ᠬᠠᠮᠲᠤ ᠶᠢᠨ ᠴᠣᠭᠴᠠ ᠶᠢᠨ ᠨᠠᠮ ᠤᠨ ᠬᠤᠷᠢ᠊ ᠡᠶ᠎ᠡ ᠶᠢᠨ ᠲᠥᠪ ᠵᠢᠴᠢ ᠡᠮᠴᠢᠯᠡᠭᠡᠨ ᠤ ᠬᠠᠮᠲᠤ ᠶᠢᠨ | ᠴᠣᠭᠴᠠ ᠶᠢᠨ ᠡᠳᠦᠷ ᠲᠤᠲᠤᠮ ᠤᠨ ᠠᠵᠢᠯ ᠢ ᠨᠠᠶᠢᠳᠠᠪᠤᠷᠢᠵᠢᠭᠤᠯᠤᠨ᠎ᠠ︔ ᠡᠮᠴᠢᠯᠡᠭᠡᠨ ᠤ ᠬᠠᠮᠲᠤ ᠶᠢᠨ ᠴᠣᠭᠴᠠ ᠶᠢᠨ | ᠳᠣᠲᠣᠭᠠᠳᠤ ᠶᠢᠨ ᠡᠮᠴᠢᠯᠡᠭᠡᠨ ᠤ ᠲᠤᠬᠠᠶᠢᠯᠠᠭᠰᠠᠨ ᠠᠵᠢᠯ ᠢ ᠨᠢᠭᠡ ᠴᠣᠭᠴᠠᠵᠢᠭᠤᠯᠬᠤ ᠬᠠᠮᠢᠶᠠᠷᠤᠯᠲᠠ᠂ ᠬᠥᠮᠦᠨ ᠤ | ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ᠂ ᠡᠮ ᠤᠨ ᠮᠠᠲ᠋ᠧᠷᠢᠶᠠᠯ ᠤᠨ ᠪᠠᠲᠤᠯᠠᠭ᠎ᠠ ᠵᠡᠷᠭᠡ ᠠᠵᠢᠯ ᠢ | ᠬᠠᠷᠢᠭᠤᠴᠠᠨ᠎ᠠ︔ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠥᠪ ᠢ ᠪᠠᠶᠢᠭᠤᠯᠵᠤ᠂ | ᠡᠪᠡᠳᠴᠢᠨ ᠡᠮᠭᠡᠭ ᠢ ᠡᠵᠡᠮᠳᠡᠬᠦ᠂ ᠡᠬᠡ ᠨᠢᠯᠬ᠎ᠠ ᠶᠢᠨ ᠡᠷᠡᠭᠦᠯ ᠮᠡᠨᠳᠦ᠂ ᠡᠮᠴᠢᠯᠡᠭᠡᠨ ᠪᠠ ᠰᠡᠷᠭᠡᠶᠢᠯᠡᠬᠦ ᠶᠢ | ᠠᠭᠤᠰᠤᠯᠴᠠᠭᠤᠯᠤᠨ ᠬᠠᠮᠢᠶᠠᠷᠬᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠬᠥᠮᠦᠵᠢᠯ᠂ ᠡᠷᠡᠭᠦᠯ ᠴᠢᠭᠢᠷᠠᠭ ᠤᠨ | ᠰᠤᠷᠭᠠᠨ ᠬᠥᠮᠦᠵᠢᠯ᠂ ᠡᠷᠡᠭᠦᠯ ᠡᠩᠬᠡ ᠶᠢᠨ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠡᠩᠬᠡ ᠶᠢᠨ ᠰᠢᠨᠵᠢᠯᠡᠬᠦ | ᠤᠬᠠᠭᠠᠨ ᠮᠡᠷᠭᠡᠵᠢᠯ᠂ ᠡᠷᠡᠭᠦᠯ ᠡᠩᠬᠡ ᠶᠢᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ᠂ ᠡᠷᠡᠭᠦᠯ ᠡᠩᠬᠡ ᠶᠢ ᠠᠬᠢᠭᠤᠯᠬᠤ | ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠪᠠ ᠭᠡᠷ ᠪᠦᠯᠢ ᠶᠢᠨ ᠡᠮᠴᠢ ᠶᠢᠨ ᠭᠡᠷ᠎ᠡ | ᠲᠣᠭᠲᠠᠭᠰᠠᠨ ᠦᠢᠯᠡᠴᠢᠯᠡᠭᠡᠨ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ ᠶᠢ ᠠᠬᠢᠭᠤᠯᠥᠨ᠎ᠠ︔ ᠬᠢᠲᠠᠳ ︵ | ᠮᠣᠩᠭᠤᠯ︶ ᠡᠮ ᠡᠮᠨᠡᠯᠭᠡ ᠶᠢᠨ ᠦᠢᠯᠡᠴᠢᠯᠡᠭᠡᠨ ᠤ ᠬᠡᠯᠲᠡᠰ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ | ᠳᠣᠲᠣᠭᠠᠳᠤ ᠶᠢᠨ ᠵᠠᠰᠠᠭ ᠵᠠᠬᠢᠷᠭᠠᠨ ᠤ ᠠᠵᠢᠯ᠂ ᠦᠨᠳᠦᠰᠦᠨ ᠡᠮᠴᠢᠯᠡᠭᠡ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ | ᠠᠵᠢᠯᠯᠠᠭᠠᠨ ᠤ ᠬᠠᠮᠢᠶᠠᠷᠤᠯᠲᠠ ᠵᠡᠷᠭᠡ ᠮᠡᠳᠡᠭᠡ ᠵᠠᠩᠭᠢ ᠶᠢᠨ ᠰᠢᠰᠲ᠋ᠧᠮ ᠤᠨ ᠡᠳᠦᠷ ᠲᠤᠲᠤᠮ ᠤᠨ ᠬᠠᠮᠠᠭᠠᠯᠠᠯᠲᠠ ᠶᠢ | ᠬᠠᠷᠢᠭᠤᠴᠠᠵᠤ᠂ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠᠶᠢᠭᠤᠯᠤᠨ᠂ ᠡᠮᠴᠢᠯᠡᠭᠡᠨ ᠤ | ᠪᠠᠲᠤᠯᠠᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠬᠠᠷᠢᠯᠴᠠᠨ ᠨᠠᠶᠢᠳᠠᠪᠤᠷᠢᠵᠢᠭᠤᠯᠤᠨ᠎ᠠ︔ ᠡᠮᠴᠢᠯᠡᠭᠡᠨ ᠤ | ᠳᠠᠭᠠᠳᠬᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠵᠣᠯᠭᠠᠭᠤᠯᠤᠨ ᠨᠠᠶᠢᠳᠠᠪᠤᠷᠢᠵᠢᠭᠤᠯᠤᠨ᠎ᠠ︔ ᠡᠮᠴᠢᠯᠡᠭᠡᠨ ᠤ | ᠳᠠᠭᠠᠳᠬᠠᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠦᠷᠢᠮ ᠪᠠ ᠪᠦᠷᠢᠯᠳᠦᠬᠦᠨ ᠨᠢᠭᠡᠴᠡ ᠶᠢᠨ ᠡᠳ᠋ ᠤᠨ | ᠶᠠᠪᠤᠳᠠᠯ ᠤᠨ ᠠᠵᠢᠯᠲᠠᠳ ᠢᠶᠠᠷ ᠪᠦᠷᠢᠯᠳᠦᠵᠦ᠂ ᠡᠮᠴᠢᠯᠡᠭᠡᠨ ᠤ ᠬᠠᠮᠢᠶᠠᠷᠤᠯᠲᠠ ᠶᠢᠨ ᠳᠦᠷᠢᠮ ᠪᠠ ᠳᠣᠲᠣᠭᠠᠳᠤ ᠶᠢᠨ | ᠨᠢᠭᠲᠠ ᠡᠵᠡᠮᠳᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠬᠠᠷᠢᠭᠤᠴᠠᠨ᠎ᠠ᠃ ᠳᠣᠲᠣᠭᠠᠳᠤ ᠶᠢᠨ ᠵᠣᠬᠢᠶᠠᠨ | ᠪᠠᠶᠢᠭᠤᠯᠤᠯᠲᠠ ᠶᠢᠨ ᠪᠦᠲᠦᠴᠡ ᠶᠢ ᠪᠠᠶᠢᠭᠤᠯᠤᠨ ᠪᠦᠷᠢᠨᠰᠢᠭᠦᠯᠬᠦ ᠪᠠᠷ ᠳᠠᠮᠵᠢᠭᠤᠯᠤᠨ᠂ ᠡᠬᠢ ᠪᠠᠶᠠᠯᠢᠭ ᠢ ᠤᠯᠠᠮ ᠨᠢᠭᠡ | ᠠᠯᠬᠤᠮ ᠡᠮᠬᠢᠯᠡᠨ ᠨᠡᠶᠢᠯᠡᠭᠦᠯᠵᠦ᠂ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢ ᠠᠬᠢᠭᠤᠯᠥᠨ᠂ ᠡᠮᠴᠢᠯᠡᠭᠡᠨ ᠤ | ᠬᠠᠮᠲᠤ ᠶᠢᠨ ᠴᠣᠭᠴᠠ ᠶᠢᠨ ᠠᠰᠢᠭ ᠲᠤᠰᠠ ᠶᠢ ᠬᠠᠮᠲᠤᠪᠠᠷ ᠬᠦᠷᠲᠡᠬᠦ᠂ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠬᠦ᠂ | ᠥᠨᠳᠥᠷ ᠦᠷ᠎ᠡ ᠪᠦᠲᠦᠮᠵᠢᠲᠡᠢ ᠪᠠᠷ ᠠᠵᠢᠯᠯᠠᠭᠤᠯᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ | ︵ᠭᠤᠷᠪᠠ︶ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠦᠢᠯᠡᠴᠢᠯᠡᠭᠡᠨ ᠤ | ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ | 1᠂ ᠡᠮᠴᠢᠯᠡᠭᠡ ᠶᠢᠨ ᠦᠢᠯᠡᠴᠢᠯᠡᠭᠡᠨ ᠤ ᠴᠢᠳᠠᠪᠤᠷᠢ ᠪᠠ ᠶᠠᠰᠤ ᠴᠢᠨᠠᠷ ᠢ ᠴᠢᠩᠭᠠᠷᠠᠭᠤᠯᠤᠨ᠎ᠠ᠃ ᠡᠮᠴᠢᠯᠡᠭᠡᠨ ᠤ | ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠳᠦᠷᠢᠮ | ᠲᠣᠭᠲᠠᠭᠠᠯ᠂ ᠮᠡᠷᠭᠡᠵᠢᠯ ᠤᠨ ᠵᠢᠷᠤᠮᠵᠢᠯ᠂ ᠠᠵᠢᠯᠲᠠᠨ ᠢ ᠬᠥᠮᠦᠵᠢᠭᠦᠯᠬᠦ᠂ ᠶᠠᠰᠤ ᠴᠢᠨᠠᠷ ᠢ ᠡᠵᠡᠮᠳᠡᠬᠦ᠂ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠵᠡᠷᠭᠡ ᠲᠠᠯ᠎ᠠ ᠶᠢᠨ ᠠᠵᠢᠯ ᠢ ᠲᠡᠭᠦᠯᠳᠡᠷᠵᠢᠭᠦᠯᠵᠦ᠂ ᠨᠢᠭᠡᠳᠦᠯᠲᠡᠢ ᠪᠠᠷᠢᠮᠵᠢ᠊ | ᠡᠶ᠎ᠡ ᠶᠢ ᠬᠡᠷᠡᠭᠵᠢᠭᠦᠯᠦᠨ᠂ ᠡᠮᠴᠢᠯᠡᠭᠡᠨ ᠤ ᠦᠢᠯᠡᠴᠢᠯᠡᠭᠡᠨ ᠤ ᠵᠢᠷᠤᠮᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ | ᠬᠡᠷᠡᠭᠲᠡᠢ᠃ ᠦᠨᠳᠦᠰᠦᠨ ᠱᠠᠲᠤᠨ ᠤ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ | ᠰᠡᠷᠭᠡᠶᠢᠯᠡᠨ ᠵᠠᠰᠠᠬᠤ ᠵᠦᠭᠯᠡᠭᠦᠷ ᠢ ᠲᠣᠭᠲᠠᠭᠠᠨ᠂ ᠡᠮᠴᠢᠯᠡᠭᠡᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠰᠢᠶᠠᠨ ᠤ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠲᠤᠰᠬᠠᠢ ᠮᠡᠷᠭᠡᠵᠢᠯ ᠤᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠷᠠᠬᠢ | ᠡᠮᠴᠢᠯᠡᠭᠡᠨ ᠤ ᠶᠠᠰᠤ ᠴᠢᠨᠠᠷ ᠤᠨ ᠢᠵᠢᠯᠢᠰᠢᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠡᠮᠴᠢᠯᠡᠭᠡᠨ ᠤ | ᠬᠠᠮᠲᠤ ᠶᠢᠨ ᠴᠣᠭᠴᠠ ᠶᠢᠨ ᠲᠦᠷᠦᠭᠦᠯᠡᠨ ᠬᠢᠬᠦ ᠡᠮᠴᠢᠯᠡᠭᠡᠨ ᠤ ᠪᠠᠶᠢᠭᠤᠯᠤᠮᠵᠢ ᠨᠢ ᠪᠠᠴᠢᠮ ᠲᠦᠭᠰᠢᠭᠦᠷᠢᠲᠡᠢ ᠬᠦᠨᠳᠦ | ᠡᠪᠡᠳᠴᠢᠲᠡᠨ ᠢ ᠠᠪᠤᠷᠠᠨ ᠵᠠᠰᠠᠬᠤ ᠪᠠ ᠬᠦᠴᠢᠷ ᠲᠦᠪᠡᠭᠲᠡᠢ ᠪᠤᠳᠤᠯᠢᠶᠠᠨᠲᠠᠢ ᠡᠪᠡᠳᠴᠢᠨ ᠡᠮᠭᠡᠭ ᠢ ᠳᠡᠭᠡᠭᠰᠢ | ᠰᠢᠯᠵᠢᠭᠦᠯᠦᠨ ᠡᠮᠨᠡᠭᠦᠯᠬᠦ ᠦᠢᠯᠡᠴᠢᠯᠡᠭᠡ ᠶᠢ ᠭᠤᠣᠯᠳᠠᠯᠭ᠎ᠠ ᠲᠠᠢ ᠡᠭᠦᠷᠭᠡᠯᠡᠵᠦ᠂ ᠡᠮᠴᠢᠯᠡᠭᠡᠨ ᠤ ᠬᠠᠮᠲᠤ ᠶᠢᠨ | ᠴᠣᠭᠴᠠ ᠶᠢᠨ ᠳᠣᠲᠣᠭᠠᠳᠤ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠯᠡᠨ | ᠬᠠᠮᠢᠶᠠᠷᠤᠨ᠎ᠠ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠪᠠᠶᠢᠩᠭᠤ | ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠵᠤ᠂ | ᠣᠨᠣᠰᠢᠯᠠᠭᠰᠠᠨ ᠨᠢ ᠲᠣᠳᠣᠷᠬᠠᠢ᠂ ᠡᠪᠡᠳᠴᠢᠨ ᠤ ᠪᠠᠶᠢᠳᠠᠯ ᠨᠢ ᠲᠣᠭᠲᠠᠭᠤᠨ ᠤᠵᠢᠭ ᠡᠪᠡᠳᠴᠢᠲᠡᠨ᠂ ᠡᠷᠡᠭᠦᠯᠵᠢᠬᠦ | ᠬᠤᠭᠤᠴᠠᠭᠠᠨ ᠳᠠᠬᠢ ᠡᠪᠡᠳᠴᠢᠲᠡᠨ ᠳᠤ ᠦᠷᠭᠦᠯᠵᠢᠯᠡᠯ ᠤᠨ ᠴᠢᠨᠠᠷᠲᠠᠢ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡ ᠬᠠᠩᠭᠠᠬᠤ ᠶᠢᠨ ᠬᠠᠮᠲᠤ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ | ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠦᠢᠯᠡᠴᠢᠯᠡᠭᠡ ᠶᠢ ᠱᠠᠭᠠᠷᠳᠠᠯᠭ᠎ᠠ ᠶᠣᠰᠣᠭᠠᠷ | ᠨᠠᠶᠢᠳᠠᠪᠤᠷᠢᠵᠢᠭᠤᠯᠵᠤ᠂ ᠣᠯᠠᠨ ᠲᠦᠮᠡᠨ ᠳᠤ ᠰᠡᠷᠭᠡᠶᠢᠯᠡᠬᠦ᠂ ᠡᠮᠨᠡᠨ ᠵᠠᠰᠠᠬᠤ᠂ ᠡᠷᠡᠭᠦᠯᠵᠢᠭᠦᠯᠬᠦ᠂ ᠡᠷᠡᠭᠦᠯ ᠮᠡᠨᠳᠦ ᠶᠢ | ᠠᠬᠢᠭᠤᠯᠬᠤ ᠵᠡᠷᠭᠡ ᠶᠢ ᠨᠢᠭᠡ ᠴᠣᠭᠴᠠᠵᠢᠭᠤᠯᠤᠭᠰᠠᠨ᠂ ᠳᠥᠭᠦᠮᠴᠢᠯᠡᠭᠰᠡᠨ᠂ ᠦᠷᠭᠦᠯᠵᠢᠯᠡᠬᠦ ᠴᠢᠨᠠᠷᠲᠠᠢ ᠡᠮᠴᠢᠯᠡᠭᠡᠨ ᠤ | ᠦᠢᠯᠡᠴᠢᠯᠡᠭᠡ ᠬᠠᠩᠭᠠᠨ᠎ᠠ᠃ | 2᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ᠃ | ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ | ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠪᠣᠳᠠᠲᠠᠢ | ᠪᠥᠭᠡᠳ ᠨᠠᠷᠢᠯᠢᠭ ᠬᠢᠵᠦ᠂ ᠭᠡᠷ᠎ᠡ ᠲᠣᠭᠲᠠᠬᠤ ᠦᠢᠯᠡᠴᠢᠯᠡᠭᠡᠨ ᠤ ᠠᠭᠤᠯᠤᠭᠳᠠᠬᠤᠨ ᠪᠠ ᠦᠢᠯᠡᠴᠢᠯᠡᠭᠡᠨ ᠤ | ᠬᠡᠪᠴᠢᠶ᠎ᠡ ᠶᠢ ᠨᠡᠮᠡᠭᠳᠡᠭᠦᠯᠦᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠬᠤᠶᠠᠳᠤᠭᠠᠷ ᠳᠡᠰ | ᠵᠢᠴᠢ ᠲᠡᠭᠦᠨ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠤ ᠲᠤᠰᠬᠠᠢ ᠡᠮᠴᠢᠯᠡᠭᠡᠨ ᠤ ᠪᠦᠯᠬᠦᠮ ᠨᠡᠶᠢᠲᠡ ᠶᠢ ᠭᠡᠷ | ᠪᠦᠯᠢ ᠶᠢᠨ ᠡᠮᠴᠢ ᠶᠢᠨ ᠭᠡᠷ᠎ᠡ ᠲᠣᠭᠲᠠᠬᠤ ᠪᠦᠯᠬᠦᠮ ᠨᠡᠶᠢᠲᠡ ᠳᠤ ᠣᠷᠣᠭᠤᠯᠵᠤ᠂ ᠴᠢᠨᠠᠷ ᠰᠠᠶᠢᠲᠠᠢ ᠡᠮᠴᠢᠯᠡᠭᠡᠨ ᠤ | ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠤᠨ᠂ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ | ᠲᠣᠭᠲᠠᠴᠠ ᠶᠢ ᠰᠠᠭᠠᠳ ᠦᠭᠡᠢ ᠨᠡᠪᠲᠡᠷᠡᠭᠦᠯᠬᠦ ᠪᠠ ᠪᠦᠷᠢᠨᠰᠢᠭᠦᠯᠦᠨ᠎ᠡ᠃ ᠬᠤᠰᠢᠭᠤᠨ ᠲᠤᠰ ᠱᠠᠲᠤᠨ ᠤ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠭᠲᠠᠭᠠᠵᠤ᠂ ᠴᠢᠰᠤᠨ | ᠳᠠᠷᠤᠯᠲᠠ ᠥᠨᠳᠥᠷ᠂ ᠴᠢᠰᠤᠨ ᠥᠭᠡᠬᠦ ᠥᠨᠳᠥᠷ᠂ ᠴᠢᠰᠤᠨ ᠰᠢᠬᠢᠷ ᠥᠨᠳᠥᠷ ᠵᠡᠷᠭᠡ ︽ᠭᠤᠷᠪᠠᠨ ᠥᠨᠳᠥᠷ︾ | ᠵᠢᠴᠢ ᠬᠦᠨᠳᠦ ᠨᠣᠴᠢᠲᠠᠢ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠢ ᠰᠡᠷᠭᠡᠶᠢᠯᠡᠨ ᠵᠠᠰᠠᠬᠤ ᠪᠠᠷ | ᠰᠢᠪᠲᠤᠯᠤᠯᠲᠠ ᠶᠢᠨ ᠴᠡᠭ ᠪᠣᠯᠭᠠᠵᠤ᠂ ᠡᠮᠨᠡᠬᠦ ᠪᠠ ᠰᠡᠷᠭᠡᠶᠢᠯᠡᠬᠦ ᠶᠢ ᠤᠶᠠᠯᠳᠤᠭᠤᠯᠬᠤ ᠦᠢᠯᠡᠴᠢᠯᠡᠭᠡᠨ ᠤ ᠰᠢᠨ᠎ᠡ | ᠵᠠᠭᠪᠤᠷ ᠢ ᠬᠠᠶᠢᠨ ᠰᠦᠪᠡᠭᠴᠢᠯᠡᠵᠦ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠡᠩᠴᠡᠭᠦᠷᠢᠰᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠤᠰᠬᠠᠢ ᠠᠵᠢᠯ ᠤᠨ ᠪᠠᠶᠢᠭᠤᠯᠤᠮᠵᠢ ᠶᠢᠨ | ᠦᠢᠯᠡᠳᠦᠯ ᠢ ᠰᠠᠶᠢᠲᠤᠷ ᠪᠠᠳᠠᠷᠠᠭᠤᠯᠤᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠬᠢᠭᠡᠳ | ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠵᠢᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠮᠡᠷᠭᠡᠵᠢᠯ ᠤᠨ | ᠵᠢᠯᠣᠭᠤᠳᠣᠯᠭ᠎ᠠ᠂ ᠠᠵᠢᠯᠲᠠᠨ ᠤ ᠪᠣᠯᠪᠠᠰᠤᠷᠠᠭᠤᠯᠤᠯ ᠪᠠ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢ | ᠴᠢᠩᠭᠠᠷᠠᠭᠤᠯᠤᠨ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠦᠷᠭᠦᠯᠵᠢᠯᠡᠨ ᠬᠠᠮᠢᠶᠠᠷᠬᠤ ᠶᠢ | ᠠᠬᠢᠭᠤᠯᠥᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠦᠷᠦᠭᠦᠯᠡᠬᠦ ᠡᠮᠨᠡᠯᠭᠡ ᠶᠢᠨ ᠬᠤᠷᠢᠶ᠎ᠠ ᠶᠡᠷᠦᠩᠬᠡᠢ | ᠬᠠᠷᠢᠭᠤᠴᠠᠯᠭ᠎ᠠ ᠶᠢ ᠡᠭᠦᠷᠭᠡᠯᠡᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠡᠭᠦᠷᠭᠡ | ᠴᠢᠳᠠᠪᠤᠷᠢ ᠶᠢ ᠴᠢᠩᠭᠠᠷᠠᠭᠤᠯᠤᠨ᠂ ᠡᠮᠨᠡᠬᠦ ᠪᠠ ᠰᠡᠷᠭᠡᠶᠢᠯᠡᠬᠦ ᠶᠢ ᠬᠠᠮᠵᠢᠯᠴᠠᠬᠤ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠰᠡᠷᠭᠡᠶᠢᠯᠡᠨ ᠵᠠᠰᠠᠬᠤ | ᠦᠢᠯᠡᠴᠢᠯᠡᠭᠡ ᠶᠢ ᠵᠡᠷᠭᠡ ᠪᠠᠷ ᠴᠢᠬᠤᠯᠠᠴᠢᠯᠠᠵᠤ᠂ ᠡᠪᠡᠳᠴᠢᠨ ᠢ ᠰᠡᠷᠭᠡᠶᠢᠯᠡᠬᠦ ᠪᠣᠭᠤᠮᠲᠠ ᠶᠢ ᠤᠷᠤᠭᠰᠢ ᠰᠢᠯᠵᠢᠭᠦᠯᠬᠦ ᠶᠢ | ᠠᠬᠢᠭᠤᠯᠤᠨ᠎ᠠ᠃ | ︵ᠳᠥᠷᠪᠡ︶ ᠡᠮᠴᠢᠯᠡᠭᠡᠨ ᠤ ᠬᠠᠮᠲᠤ ᠶᠢᠨ ᠴᠣᠭᠴᠠ ᠶᠢᠨ ᠮᠡᠳᠡᠭᠡ ᠵᠠᠩᠭᠢᠵᠢᠯᠲᠠ ᠶᠢᠨ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ | 1᠂ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ᠃ | ᠪᠦᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠡᠮᠴᠢᠯᠡᠭᠡᠨ ᠤ | ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠰᠢᠶᠠᠨ ᠤ ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠠ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠡᠮᠴᠢᠯᠡᠭᠡᠨ ᠤ ᠦᠢᠯᠡᠴᠢᠯᠡᠭᠡ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡ᠂ ᠡᠳ᠋ ᠤᠨ ᠵᠠᠰᠠᠭ ᠤᠨ ᠬᠠᠮᠢᠶᠠᠷᠤᠯᠲᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ | ᠪᠠ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠢ ᠪᠡᠶᠡᠯᠡᠭᠦᠯᠵᠦ᠂ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠮᠵᠢᠯᠴᠠᠨ ᠦᠢᠯᠡᠴᠢᠯᠡᠬᠦ ᠬᠢᠷᠢ ᠲᠦᠪᠰᠢᠨ ᠪᠠ ᠵᠠᠰᠠᠭ ᠤᠨ ᠣᠷᠳᠣᠨ ᠤ | ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠮᠴᠢᠯᠡᠭᠡᠨ ᠤ | ᠬᠠᠮᠲᠤ ᠶᠢᠨ ᠴᠣᠭᠴᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠬᠤᠰᠢᠭᠤᠨ | ᠳᠣᠲᠣᠷᠠᠬᠢ ᠬᠥᠮᠦᠨ ᠠᠮᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠮᠴᠢᠯᠡᠭᠡᠨ ᠤ ᠦᠢᠯᠡᠴᠢᠯᠡᠭᠡ᠂ | ᠡᠮᠴᠢᠯᠡᠭᠡᠨ ᠤ ᠪᠠᠲᠤᠯᠠᠭ᠎ᠠ᠂ ᠡᠮ ᠤᠨ ᠵᠦᠢᠯ ᠤᠨ ᠪᠠᠲᠤᠯᠠᠭ᠎ᠠ᠂ ᠶᠡᠷᠦᠩᠬᠡᠶᠢᠯᠡᠭᠰᠡᠨ ᠬᠠᠮᠢᠶᠠᠷᠤᠯᠲᠠ ᠵᠡᠷᠭᠡ ᠮᠡᠳᠡᠭᠡ | ᠵᠠᠩᠭᠢᠵᠢᠯᠲᠠ ᠶᠢᠨ ᠰᠢᠰᠲ᠋ᠧᠮ ᠢ ᠰᠢᠯᠢᠳᠡᠭᠵᠢᠭᠦᠯᠦᠨ ᠨᠡᠶᠢᠯᠡᠭᠦᠯᠵᠦ᠂ ᠰᠢᠰᠲ᠋ᠧᠮ ᠤᠨ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠬᠦ᠂ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠳᠠᠮᠵᠢᠭᠤᠯᠬᠤ᠂ ᠮᠡᠳᠡᠭᠡ ᠵᠠᠩᠭᠢ ᠶᠢ | ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃ | 2᠂ ᠡᠷᠡᠭᠦᠯ ᠮᠡᠨᠳᠦ ᠶᠢᠨ ᠡᠭᠦᠳᠡᠨ ᠬᠠᠮᠢᠶᠠᠷᠤᠯᠲᠠ ᠶᠢ ᠰᠢᠯᠢᠳᠡᠭᠵᠢᠭᠦᠯᠦᠨ᠎ᠡ᠃ ᠬᠤᠰᠢᠭᠤᠨ ᠤ ᠬᠡᠪᠴᠢᠶᠡᠨ | ᠳᠣᠲᠣᠷᠠᠬᠢ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠳ᠋ᠷᠣᠨ ᠳᠠᠩᠰᠠ ᠡᠪᠬᠡᠮᠡᠯ᠂ ᠡᠯᠧᠺᠳ᠋ᠷᠣᠨ | ᠡᠪᠡᠳᠴᠢᠨ ᠤ ᠲᠡᠦᠬᠡ᠂ ᠦᠢᠯᠡᠴᠢᠯᠡᠭᠡᠨ ᠤ ᠲᠡᠮᠳᠡᠭᠯᠡᠯ᠂ ᠲᠤᠰᠠᠯᠠᠬᠤ ᠪᠠᠶᠢᠴᠠᠭᠠᠨ ᠰᠢᠯᠭᠠᠭᠰᠠᠨ ᠮᠡᠳᠡᠭᠦᠯᠦᠯᠲᠡ᠂ | ᠡᠪᠡᠳᠴᠢᠨ ᠦᠵᠡᠭᠦᠯᠬᠦ ᠵᠠᠷᠤᠳᠠᠯ ᠵᠡᠷᠭᠡ ᠡᠷᠡᠭᠦᠯ ᠮᠡᠨᠳᠦ ᠶᠢᠨ ᠮᠡᠳᠡᠭᠡ ᠵᠠᠩᠭᠢ ᠶᠢ ᠰᠦᠯᠵᠢᠶᠡᠨ ᠳᠡᠭᠡᠷ᠎ᠡ ᠴᠠᠭ | ᠲᠤᠬᠠᠢ ᠳᠤᠨᠢ ᠪᠠᠶᠢᠴᠠᠭᠠᠨ ᠯᠠᠪᠯᠠᠬᠤ ᠶᠢ ᠪᠡᠶᠡᠯᠡᠭᠦᠯᠵᠦ᠂ ᠣᠯᠠᠨ ᠲᠦᠮᠡᠨ ᠳᠤ ᠨᠡᠩ ᠲᠦᠷᠭᠡᠨ ᠨᠡᠩ ᠳᠥᠭᠦᠮ | ᠦᠢᠯᠡᠴᠢᠯᠡᠭᠡ ᠬᠠᠩᠭᠠᠨ᠎ᠠ᠃ | 3᠂ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡ᠃ ᠠᠯᠤᠰ ᠡᠮᠴᠢᠯᠡᠭᠡᠨ ᠤ ᠦᠢᠯᠡᠴᠢᠯᠡᠭᠡ ᠶᠢ | ᠬᠥᠭᠵᠢᠭᠦᠯᠵᠦ᠂ ᠬᠤᠰᠢᠭᠤᠨ ᠤ ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠠᠷ ᠬᠤᠯᠪᠣᠭᠠᠰᠤ ᠪᠣᠯᠭᠠᠨ᠂ ᠳᠡᠭᠡᠳᠦ | ᠱᠠᠲᠤᠨ ᠠᠴᠠ ᠠᠶᠢᠮᠠᠭ ᠤᠨ ᠳᠣᠲᠣᠷᠠᠬᠢ᠂ ᠭᠠᠳᠠᠷ ᠭᠤᠷᠪᠠᠨ ᠱᠠᠲᠤᠨ ᠤ ᠡᠮᠨᠡᠯᠭᠡ ᠶᠢᠨ ᠬᠤᠷᠢ᠊ ᠡᠶ᠎ᠡ ᠲᠠᠢ | ᠵᠣᠯᠭᠠᠭᠤᠯᠵᠤ᠂ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢ᠊ ᠡᠶ᠎ᠡ᠂ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠪᠠ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠢ ᠬᠠᠮᠤᠷᠴᠤ᠂ | ᠬᠤᠰᠢᠭᠤ ᠰᠤᠮᠤ ᠭᠠᠴᠠᠭᠠᠨ ᠤ ᠭᠤᠷᠪᠠᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢ ᠬᠠᠮᠤᠷᠴᠤ᠂ ︽ᠢᠨᠲ᠋ᠧᠷ | ᠰᠦᠯᠵᠢᠶ᠎ᠡ + ᠡᠮᠴᠢᠯᠡᠭᠡ︾ ᠶᠢᠨ ᠬᠥᠭᠵᠢᠯᠲᠡ ᠶᠢ ᠠᠬᠢᠭᠤᠯᠤᠨ᠎ᠠ᠃ | 4᠂ ᠬᠠᠮᠲᠤ ᠳᠠᠭᠠᠨ ᠡᠳ᠋ᠯᠡᠬᠦ ᠲᠥᠪ ᠢ ᠪᠠᠶᠢᠭᠤᠯᠤᠨ᠎ᠠ᠃ ᠠᠯᠤᠰ ᠡᠵᠡᠮᠰᠢᠯᠲᠦ ᠵᠢᠷᠤᠭ ᠳᠦᠷᠰᠦ ᠶᠢᠨ ᠲᠥᠪ᠂ | ᠠᠯᠤᠰ ᠡᠵᠡᠮᠰᠢᠯᠲᠦ ᠰᠢᠯᠭᠠᠨ ᠪᠠᠶᠢᠴᠠᠭᠠᠬᠤ ᠲᠥᠪ᠂ ᠠᠯᠤᠰ ᠡᠵᠡᠮᠰᠢᠯᠲᠦ ᠬᠠᠮᠲᠤᠷᠠᠨ ᠣᠨᠣᠰᠢᠯᠠᠬᠤ ᠲᠥᠪ᠂ ᠠᠯᠤᠰ | ᠡᠵᠡᠮᠰᠢᠯᠲᠦ ᠡᠪᠡᠳᠴᠢᠨ ᠵᠦᠢ ᠶᠢᠨ ᠲᠥᠪ᠂ ᠠᠯᠤᠰ ᠡᠵᠡᠮᠰᠢᠯᠲᠦ ᠵᠢᠷᠦᠬᠡᠨ ᠤ ᠯᠤᠭᠰᠢᠯᠲᠠ ᠶᠢᠨ ᠲᠥᠪ᠂ | ᠠᠷᠢᠭᠤᠳᠬᠠᠵᠤ ᠬᠠᠩᠭᠠᠬᠤ ᠲᠥᠪ ᠵᠢᠴᠢ ᠡᠮᠨᠡᠯᠭᠡ ᠶᠢᠨ ᠬᠤᠷᠢᠶᠠᠨ ᠳᠤ ᠣᠷᠣᠬᠤ ᠠᠴᠠ ᠡᠮᠦᠨᠡᠬᠢ ᠲᠦᠷᠭᠡᠨ ᠠᠪᠤᠷᠠᠬᠤ | ᠲᠥᠪ ᠢ ᠪᠠᠶᠢᠭᠤᠯᠤᠨ ᠲᠡᠭᠦᠯᠳᠡᠷᠵᠢᠭᠦᠯᠵᠦ᠂ ᠬᠤᠰᠢᠭᠤᠨ ᠤ ᠬᠡᠪᠴᠢᠶᠡᠨ ᠳᠣᠲᠣᠷᠠᠬᠢ ᠡᠮᠨᠡᠯᠭᠡ ᠶᠢᠨ ᠬᠠᠮᠲᠤ ᠶᠢᠨ | ᠳᠣᠲᠣᠭᠠᠳᠤ ᠶᠢᠨ ᠡᠮᠴᠢᠯᠡᠭᠡᠨ ᠤ ᠡᠬᠢ ᠪᠠᠶᠠᠯᠢᠭ ᠢ ᠬᠠᠮᠲᠤᠪᠠᠷ ᠡᠳᠯᠡᠬᠦ᠂ ᠮᠡᠳᠡᠭᠡ ᠵᠠᠩᠭᠢ ᠶᠢ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠪᠠᠶᠢᠴᠠᠭᠠᠯᠲᠠ᠂ ᠳᠡᠭᠡᠳᠦ | ᠱᠠᠲᠤᠨ ᠤ ᠣᠨᠣᠰᠢᠯᠠᠯᠲᠠ ᠶᠢ ᠠᠬᠢᠭᠤᠯᠤᠨ᠂ ᠰᠢᠶᠠᠨ ᠤ ᠬᠡᠪᠴᠢᠶᠡᠨ ᠳᠣᠲᠣᠷᠠᠬᠢ ᠪᠠᠶᠢᠴᠠᠭᠠᠨ ᠰᠢᠯᠭᠠᠭᠰᠠᠨ ᠦᠷ᠎ᠡ | ᠳ᠋ᠦᠩ ᠤᠨ ᠣᠷᠣᠨ ᠪᠦᠰᠡ ᠶᠢ ᠬᠠᠷᠢᠯᠴᠠᠨ ᠮᠡᠳᠡᠷᠡᠬᠦ ᠶᠢ ᠠᠬᠢᠭᠤᠯᠤᠨ᠎ᠠ᠃ | ︵ᠳᠠᠪᠤ︶᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠢᠵᠢ ᠪᠦᠷᠢᠳᠦᠭᠦᠯᠦᠨ ᠳᠡᠮᠵᠢᠬᠦ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ᠎ᠡ | 1᠂ ᠡᠳ᠋ ᠤᠨ ᠵᠠᠰᠠᠭ ᠤᠨ ᠣᠷᠣᠭᠤᠯᠤᠯᠲᠠ ᠶᠢ ᠪᠠᠲᠤᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠵᠠᠰᠠᠭ ᠤᠨ ᠣᠷᠳᠣᠨ ᠤ ᠡᠮᠴᠢᠯᠡᠭᠡ ᠡᠷᠬᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠡᠮᠴᠢᠯᠡᠭᠡᠨ ᠤ ᠬᠠᠮᠲᠤ ᠶᠢᠨ ᠴᠣᠭᠴᠠ ᠶᠢ ᠲᠤᠰ ᠲᠤᠰ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠣᠰᠣᠭᠠᠷ ᠨᠢᠭᠲᠠ | ᠵᠣᠯᠭᠠᠭᠤᠯᠬᠤ ᠪᠠ ᠬᠠᠮᠵᠢᠯᠴᠠᠬᠤ ᠶᠢ ᠰᠠᠶᠢᠲᠤᠷ ᠬᠢᠵᠦ᠂ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ᠂ ᠠᠰᠢᠭ | ᠲᠤᠰᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠂ ᠦᠨᠳᠦᠰᠦᠨ ᠡᠮᠴᠢᠯᠡᠭᠡ ᠪᠠ ᠡᠷᠡᠭᠦᠯ ᠬᠠᠮᠠᠭᠠᠯᠠᠯ ᠤᠨ | ᠦᠢᠯᠡᠰ ᠤᠨ ᠨᠡᠶᠢᠲᠡ ᠶᠢᠨ ᠠᠰᠠᠷᠠᠮᠵᠢ ᠶᠢᠨ ᠴᠢᠨᠠᠷ ᠢ ᠬᠠᠮᠠᠭᠠᠯᠠᠨ ᠪᠠᠲᠤᠯᠠᠨ᠎ᠠ᠃ ᠡᠳ᠋ ᠤᠨ ᠵᠠᠰᠠᠭ ᠤᠨ | ᠨᠥᠬᠦᠪᠥᠷᠢ ᠶᠢᠨ ᠪᠡᠯᠡ ᠮᠥᠩᠭᠦ ᠶᠢ ᠠᠵᠢᠯ ᠤᠨ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠲᠠᠢ ᠬᠤᠯᠪᠣᠬᠤ | ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢ᠊ ᠡᠶ᠎ᠡ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠪᠣᠯᠤᠨ ᠲᠥᠬᠦᠭᠡᠷᠦᠮᠵᠢ | ᠬᠤᠳᠠᠯᠳᠤᠨ ᠠᠪᠴᠤ ᠬᠥᠮᠦᠵᠢᠭᠦᠯᠬᠦ᠂ ᠭᠤᠣᠯᠳᠠᠯᠭ᠎ᠠ ᠲᠠᠢ ᠡᠷᠳᠡᠮ ᠰᠢᠨᠵᠢᠯᠡᠭᠡᠨ ᠤ ᠬᠥᠭᠵᠢᠯᠲᠡ᠂ ᠴᠢᠳᠠᠪᠤᠷᠢᠲᠠᠨ ᠢ | ᠬᠥᠮᠦᠵᠢᠭᠦᠯᠬᠦ ᠪᠠ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠯᠳᠡᠭᠳᠠᠯ ᠤᠨ ᠨᠥᠬᠦᠪᠥᠷᠢ ᠵᠡᠷᠭᠡ ᠣᠷᠣᠭᠤᠯᠤᠯᠲᠠ ᠶᠢ | ᠨᠠᠶᠢᠳᠠᠪᠤᠷᠢᠵᠢᠭᠤᠯᠤᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠡᠭᠦᠷᠭᠡ ᠵᠡᠷᠭᠡ ᠶᠢ ᠳᠠᠭᠠᠭᠠᠨ ᠡᠭᠦᠷᠭᠡᠯᠡᠭᠰᠡᠨ | ᠵᠡᠷᠭᠡ ᠳᠤ ᠲᠤᠰᠬᠠᠢ ᠨᠥᠬᠦᠪᠥᠷᠢ ᠣᠯᠭᠤᠵᠤ᠂ ᠵᠠᠰᠠᠭ ᠤᠨ ᠣᠷᠳᠣᠨ ᠤ ᠲᠣᠭᠲᠠᠭᠠᠭᠰᠠᠨ ᠪᠠᠴᠢᠮ ᠠᠪᠤᠷᠠᠨ ᠡᠮᠨᠡᠬᠦ᠂ | ᠭᠠᠮᠰᠢᠭ ᠠᠴᠠ ᠠᠪᠤᠷᠠᠬᠤ᠂ ᠭᠠᠳᠠᠭᠠᠳᠤ ᠶᠢ ᠲᠤᠰᠠᠯᠠᠬᠤ᠂ ᠴᠢᠬᠤᠯᠠ ᠶᠡᠭᠡ ᠠᠵᠢᠯᠯᠠᠭ᠎ᠠ ᠶᠢᠨ ᠡᠮᠴᠢᠯᠡᠭᠡᠨ ᠤ | ᠪᠠᠲᠤᠯᠠᠭ᠎ᠠ᠂ ᠲᠠᠷᠢᠶᠠᠯᠠᠩ ᠢ ᠳᠡᠮᠵᠢᠬᠦ᠂ ᠬᠢᠯᠢ ᠬᠢᠵᠠᠭᠠᠷ ᠣᠷᠣᠨ ᠢ ᠳᠡᠮᠵᠢᠬᠦ ᠪᠠ ᠬᠤᠲᠠ ᠬᠥᠳᠡᠭᠡ ᠶᠢᠨ ᠡᠮᠨᠡᠯᠭᠡ ᠶᠢᠨ | ᠬᠤᠷᠢᠶ᠎ᠠ ᠶᠢᠨ ᠰᠢᠰᠲ᠋ᠧᠮ ᠢᠶᠠᠷ ᠢᠶᠠᠨ ᠳᠡᠮᠵᠢᠬᠦ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠳᠠᠯ ᠢ ᠪᠠᠲᠤᠯᠠᠨ᠎ᠠ᠃ | ᠬᠢᠲᠠᠳ ︵ᠮᠣᠩᠭᠤᠯ︶ ᠡᠮᠴᠢᠯᠡᠭᠡ᠂ ᠡᠬᠡ ᠨᠢᠯᠬᠠᠰ ᠤᠨ ᠡᠷᠡᠭᠦᠯᠵᠢᠯ᠂ ᠣᠶᠤᠨ ᠮᠡᠳᠡᠷᠡᠯ ᠤᠨ ᠡᠷᠡᠭᠦᠯ ᠬᠠᠮᠠᠭᠠᠯᠠᠯ᠂ | ᠬᠠᠯᠳᠠᠪᠤᠷᠢᠲᠤ ᠡᠪᠡᠳᠴᠢᠨ ᠵᠡᠷᠭᠡ ᠲᠤᠰᠬᠠᠢ ᠡᠮᠴᠢᠯᠡᠭᠡᠨ ᠤ ᠪᠠᠶᠢᠭᠤᠯᠤᠮᠵᠢ ᠳᠤ ᠣᠷᠣᠭᠤᠯᠤᠯᠲᠠ ᠬᠡᠯᠪᠠᠶᠢᠯᠭᠡᠬᠦ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢ᠊ ᠡᠶ᠎ᠡ᠂ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠨᠢᠭᠡᠳᠦᠭᠡᠷ ᠲᠥᠷᠥᠯ ᠤᠨ ᠠᠵᠢᠯ | ᠦᠢᠯᠡᠰ ᠤᠨ ᠨᠢᠭᠡᠴᠡ ᠶᠢᠨ ᠡᠳ᠋ ᠤᠨ ᠵᠠᠰᠠᠭ ᠤᠨ ᠵᠠᠷᠤᠳᠠᠯ ᠢ ᠬᠠᠨᠳᠤᠯᠭ᠎ᠠ ᠲᠠᠢ ᠪᠠᠷ ᠲᠤᠰᠠᠯᠠᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠤᠨ ᠲᠤᠰᠠᠯᠠᠮᠵᠢ ᠶᠢᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ | ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠥᠮᠴᠢᠯᠡᠬᠦ ᠡᠷᠬᠡ ᠶᠢᠨ ᠬᠠᠷᠢᠶ᠎ᠠ ᠶᠢ ᠦᠯᠦ ᠬᠤᠪᠢᠷᠠᠭᠤᠯᠬᠤ ᠶᠢ ᠪᠠᠲᠤᠯᠠᠵᠤ᠂ | ᠦᠷᠭᠦᠯᠵᠢᠯᠡᠨ ᠤᠤᠯ ᠤᠨ ᠠᠷᠭ᠎ᠠ ᠵᠠᠮ ᠶᠣᠰᠣᠭᠠᠷ ᠡᠳ᠋ ᠤᠨ ᠵᠠᠰᠠᠭ ᠤᠨ ᠨᠥᠬᠦᠪᠥᠷᠢ ᠥᠭᠬᠦ ᠵᠠᠷᠤᠳᠠᠯ ᠢ ᠰᠢᠯᠵᠢᠭᠦᠯᠦᠨ | ᠥᠭᠭᠦᠨ᠎ᠡ᠃ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ᠂ ᠦᠨᠳᠦᠰᠦᠨ | ᠡᠮ ᠤᠨ ᠵᠦᠢᠯᠡᠰ ᠤᠨ ᠳᠦᠷᠢᠮ ᠤᠨ ᠨᠥᠬᠦᠪᠥᠷᠢ ᠵᠡᠷᠭᠡ ᠬᠠᠮᠢᠶ᠎ᠠ ᠪᠦᠬᠦᠢ ᠵᠠᠷᠤᠳᠠᠯ ᠢ ᠡᠮᠴᠢᠯᠡᠭᠡᠨ ᠤ ᠬᠠᠮᠲᠤ ᠶᠢᠨ | ᠴᠣᠭᠴᠠ ᠶᠢᠨ ᠶᠡᠷᠦᠩᠬᠡᠢ ᠡᠮᠨᠡᠯᠭᠡ ᠶᠢᠨ ᠬᠤᠷᠢᠶ᠎ᠠ ᠳᠤ ᠳᠠᠭᠠᠭᠠᠴᠢᠯᠠᠭᠤᠯᠤᠨ ᠨᠢᠭᠡᠳᠦᠯᠲᠡᠢ ᠲᠥᠯᠥᠪᠯᠡᠨ ᠬᠡᠷᠡᠭᠯᠡᠭᠦᠯᠦᠨ᠎ᠡ | ᠃ | 2᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠵᠤ ᠠᠬᠤᠢ ᠶᠢᠨ ᠬᠥᠰᠢᠭᠦᠷᠭᠡ ᠶᠢᠨ | ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ︽ᠶᠡᠷᠦᠩᠬᠡᠢ ᠲᠤᠭ᠎ᠠ ᠶᠢ ᠳᠠᠭᠠᠭᠠᠴᠢᠯᠠᠵᠤ᠂ ᠦᠯᠡᠳᠡᠪᠦᠷᠢ ᠶᠢ | ᠦᠯᠡᠳᠡᠭᠡᠨ ᠬᠡᠷᠡᠭᠯᠡᠵᠦ᠂ ᠵᠦᠢ ᠵᠣᠬᠢᠰᠲᠠᠢ ᠬᠡᠲᠦᠷᠡᠭᠦᠯᠦᠨ ᠵᠠᠷᠤᠭᠰᠠᠨ ᠵᠠᠷᠤᠯᠭ᠎ᠠ ᠶᠢ ᠬᠤᠪᠢᠶᠠᠨ ᠡᠭᠦᠷᠭᠡᠯᠡᠬᠦ︾ | ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠳᠠᠯ ᠲᠤᠰᠢᠶᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢᠨ ᠬᠡᠷᠡᠭᠯᠡᠯᠲᠡ ᠶᠢ ᠰᠢᠯᠭᠠᠨ ᠬᠢᠨᠠᠵᠤ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢᠨ ᠦᠯᠡᠳᠡᠪᠦᠷᠢ ᠶᠢ ᠦᠯᠡᠳᠡᠭᠡᠨ ᠬᠡᠷᠡᠭᠯᠡᠬᠦ ᠠᠷᠭ᠎ᠠ ᠬᠡᠮᠵᠢᠶ᠎ᠡ ᠶᠢ | ᠨᠠᠷᠢᠯᠢᠬᠵᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠡᠮᠴᠢᠯᠡᠭᠡᠨ ᠤ ᠳᠠᠭᠠᠳᠬᠠᠯ ᠤᠨ ᠪᠡᠯᠡ ᠮᠥᠩᠭᠦ ᠶᠢ | ᠰᠢᠯᠭᠠᠨ ᠬᠢᠨᠠᠵᠤ ᠦᠨᠡᠯᠡᠬᠦ ᠠᠷᠭ᠎ᠠ ᠶᠢ ᠦᠨᠡᠨ ᠬᠦ ᠬᠡᠷᠡᠭᠯᠡᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ | ᠬᠡᠷᠡᠭᠯᠡᠯᠲᠡ ᠶᠢᠨ ᠠᠮᠵᠢᠯᠲᠠ ᠪᠦᠲᠦᠮᠵᠢ ᠶᠢ ᠳᠡᠭᠡᠭᠰᠢᠯᠡᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ | ᠳᠣᠲᠣᠭᠠᠳᠤ ᠶᠢᠨ ᠨᠢᠭᠡᠳᠦᠯᠲᠡᠢ ᠠᠰᠢᠭ ᠲᠤᠰᠠ ᠶᠢᠨ ᠤᠳᠤᠷᠢᠳᠤᠮᠵᠢ ᠶᠢ ᠪᠤᠢ ᠪᠣᠯᠭᠠᠨ᠎ᠠ᠃ | 3᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠳᠤ ᠲᠣᠬᠢᠷᠠᠭᠤᠯᠤᠯᠲᠠ ᠬᠢᠨ᠎ᠡ᠃ ᠶᠡᠷᠦᠩᠬᠡᠢ ᠬᠡᠮᠵᠢᠶ᠎ᠡ ᠶᠢ | ᠡᠵᠡᠮᠳᠡᠬᠦ᠂ ᠪᠦᠲᠦᠴᠡ ᠶᠢ ᠲᠣᠬᠢᠷᠠᠭᠤᠯᠬᠤ᠂ ᠳᠡᠭᠡᠭᠰᠢᠯᠡᠯᠲᠡ ᠪᠠᠭᠤᠷᠠᠯᠲᠠ ᠲᠠᠢ ᠪᠠᠶᠢᠯᠭᠠᠬᠤ ᠵᠠᠷᠴᠢᠮ ᠶᠣᠰᠣᠭᠠᠷ᠂ | ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠢ ᠪᠠᠷ ᠲᠣᠬᠢᠷᠠᠭᠤᠯᠬᠤ ᠶᠢ ᠵᠣᠷᠢᠭᠵᠢᠭᠤᠯᠵᠤ᠂ | ᠡᠮᠴᠢᠯᠡᠭᠡᠨ ᠤ ᠦᠢᠯᠡᠴᠢᠯᠡᠭᠡᠨ ᠤ ᠬᠠᠷᠢᠴᠠᠭᠤᠯᠤᠯ ᠦᠨ᠎ᠡ ᠬᠠᠩᠰᠢ ᠶᠢᠨ ᠬᠠᠷᠢᠴᠠᠭ᠎ᠠ ᠶᠢ ᠠᠯᠬᠤᠮ ᠠᠯᠬᠤᠮ ᠢᠶᠠᠷ | ᠰᠢᠯᠤᠭᠤᠳᠬᠠᠬᠤ ᠶᠢᠨ ᠬᠠᠮᠲᠤ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ᠂ ᠡᠮᠴᠢᠯᠡᠭᠡᠨ ᠤ ᠵᠠᠷᠤᠳᠠᠯ ᠪᠠ | ᠡᠳ᠋ ᠤᠨ ᠵᠠᠰᠠᠭ ᠤᠨ ᠣᠷᠣᠭᠤᠯᠤᠯᠲᠠ ᠵᠡᠷᠭᠡ ᠲᠥᠷᠥ ᠶᠢᠨ ᠪᠣᠳᠣᠯᠭ᠎ᠠ ᠲᠠᠢ ᠵᠣᠯᠭᠠᠭᠤᠯᠬᠤ ᠶᠢ ᠰᠠᠶᠢᠲᠤᠷ ᠬᠢᠵᠦ᠂ | ᠲᠣᠭᠲᠠᠭᠠᠯ ᠳᠤ ᠨᠡᠶᠢᠴᠡᠬᠦ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠲᠥᠷᠥᠯ ᠵᠦᠢᠯ ᠢ ᠴᠠᠭ | ᠲᠤᠬᠠᠢ ᠳᠤᠨᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠵᠤ᠂ ᠡᠮᠴᠢᠯᠡᠭᠡᠨ ᠤ | ᠬᠠᠮᠲᠤ ᠶᠢᠨ ᠴᠣᠭᠴᠠ ᠶᠢᠨ ᠰᠠᠶᠢᠨ ᠠᠵᠢᠯᠯᠠᠭᠠᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠳᠠᠭᠠᠭᠠᠵᠤ | ᠳᠡᠶᠢᠯᠬᠦ᠂ ᠣᠯᠠᠨ ᠲᠦᠮᠡᠨ ᠤ ᠳᠠᠷᠤᠭᠠᠰᠤ ᠶᠢ ᠨᠡᠮᠡᠭᠳᠡᠭᠦᠯᠬᠦ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ | 4᠂ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠡᠮᠴᠢᠯᠡᠭᠡᠨ ᠤ | ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠣᠷᠣᠨ ᠲᠤᠭ᠎ᠠ ᠶᠢ ᠨᠢᠭᠡᠳᠦᠯᠲᠡᠢ ᠲᠥᠯᠥᠪᠯᠡᠨ ᠬᠡᠷᠡᠭᠯᠡᠬᠦ ᠶᠢ | ᠰᠦᠪᠡᠭᠴᠢᠯᠡᠵᠦ᠂ ᠬᠤᠰᠢᠭᠤᠨ ᠳᠣᠲᠣᠷᠠᠬᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠷᠣᠨ ᠲᠤᠭ᠎ᠠ ᠶᠢᠨ ᠡᠬᠢ | ᠪᠠᠶᠠᠯᠢᠭ ᠢ ᠠᠮᠢᠳᠤᠯᠢᠭ ᠪᠣᠯᠭᠠᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠣᠷᠣᠨ ᠲᠤᠭ᠎ᠠ ᠶᠢᠨ ᠶᠡᠷᠦᠩᠬᠡᠢ | ᠬᠡᠮᠵᠢᠶ᠎ᠡ ᠶᠢ ᠬᠢᠨᠠᠨ ᠲᠣᠭᠲᠠᠭᠠᠬᠤ ᠶᠢ ᠲᠦᠷᠭᠡᠳᠬᠡᠨ ᠠᠬᠢᠭᠤᠯᠵᠤ᠂ ᠣᠷᠣᠨ ᠲᠤᠭ᠎ᠠ ᠶᠢᠨ ᠰᠠᠯᠠᠭ᠎ᠠ ᠮᠥᠴᠢᠷ ᠠᠴᠠ | ᠨᠢᠭᠡᠳᠦᠯᠲᠡᠢ ᠲᠥᠯᠥᠪᠯᠡᠨ ᠬᠠᠮᠢᠶᠠᠷᠤᠭᠰᠠᠨ ᠰᠠᠭᠤᠷᠢᠨ ᠳᠡᠭᠡᠷ᠎ᠡ᠂ ᠡᠮᠴᠢᠯᠡᠭᠡᠨ ᠤ ᠬᠠᠮᠲᠤ ᠶᠢᠨ ᠴᠣᠭᠴᠠ ᠶᠢ | ᠨᠢᠭᠡᠳᠦᠯᠲᠡᠢ ᠰᠢᠯᠵᠢᠭᠦᠯᠦᠨ ᠲᠣᠬᠢᠷᠠᠭᠤᠯᠬᠤ᠂ ᠨᠢᠭᠡᠳᠦᠯᠲᠡᠢ ᠲᠥᠯᠥᠪᠯᠡᠨ ᠬᠡᠷᠡᠭᠯᠡᠬᠦ ᠡᠷᠬᠡ ᠮᠡᠳᠡᠯ ᠢ ᠣᠯᠭᠤᠵᠤ᠂ | ᠡᠮᠴᠢᠯᠡᠭᠡᠨ ᠤ ᠬᠠᠮᠲᠤ ᠶᠢᠨ ᠴᠣᠭᠴᠠ ᠶᠢᠨ ᠣᠷᠣᠨ ᠲᠤᠭ᠎ᠠ ᠶᠢᠨ ᠶᠡᠷᠦᠩᠬᠡᠢ ᠬᠡᠮᠵᠢᠶ᠎ᠡ ᠶᠢ ᠲᠠᠪᠤᠨ ᠵᠢᠯ ᠳᠤ | ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ︽ | ᠣᠷᠣᠨ ᠲᠤᠭ᠎ᠠ ᠶᠢᠨ ᠬᠥᠮᠥᠷᠭᠡ ︵ᠴᠥᠭᠦᠷᠥᠮ︶︾ ᠶᠢᠨ ᠬᠠᠮᠢᠶᠠᠷᠤᠯᠲᠠ ᠶᠢᠨ ᠵᠠᠭᠪᠤᠷ ᠢ ᠬᠠᠶᠢᠨ ᠰᠦᠪᠡᠭᠴᠢᠯᠡᠨ᠎ᠡ᠃ | ᠣᠷᠣᠨ ᠲᠤᠭ᠎ᠠ ᠶᠢᠨ ᠶᠡᠷᠦᠩᠬᠡᠢ ᠬᠡᠮᠵᠢᠶᠡᠨ ᠤ ᠳᠣᠲᠣᠷ᠎ᠠ ᠣᠷᠣᠨ ᠲᠤᠭ᠎ᠠ ᠶᠢᠨ ᠳᠡᠩᠰᠨᠯᠡᠯ ᠤᠨ ᠬᠠᠮᠢᠶᠠᠷᠤᠯᠲᠠ ᠶᠢᠨ | ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠡᠮᠴᠢᠯᠡᠭᠡᠨ ᠤ ᠬᠠᠮᠲᠤ ᠶᠢᠨ ᠴᠣᠭᠴᠠ ᠶᠢᠨ | ᠳᠣᠲᠣᠭᠠᠳᠤ ᠶᠢᠨ ᠠᠵᠢᠯᠲᠠᠨ ᠳᠤ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ︽ᠬᠡᠷᠡᠭᠴᠡᠭᠡ ᠪᠠᠷ | ᠠᠵᠢᠯ ᠤᠨ ᠪᠠᠶᠢᠷᠢ ᠲᠣᠬᠢᠷᠠᠭᠤᠯᠬᠤ᠂ ᠥᠷᠢᠰᠥᠯᠳᠦᠭᠡᠨ ᠢᠶᠠᠷ ᠠᠵᠢᠯ ᠤᠨ ᠪᠠᠶᠢᠷᠢ ᠳᠤ ᠭᠠᠷᠬᠤ᠂ ᠠᠵᠢᠯ ᠤᠨ | ᠪᠠᠶᠢᠷᠢ ᠪᠠᠷ ᠴᠠᠯᠢᠩ ᠢ ᠲᠣᠭᠲᠠᠭᠠᠬᠤ︾ ᠵᠠᠷᠴᠢᠮ ᠶᠣᠰᠣᠭᠠᠷ᠂ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠶᠢ | ᠨᠢᠭᠡᠳᠦᠯᠲᠡᠢ ᠪᠠᠶᠢᠯᠭᠠᠵᠤ᠂ ᠤᠷᠢᠨ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠎ᠠ᠃ ᠡᠮᠴᠢᠯᠡᠭᠡᠨ ᠤ ᠬᠠᠮᠲᠤ ᠶᠢᠨ | ᠴᠣᠭᠴᠠ ᠨᠢ ᠦᠨᠳᠦᠰᠦᠨ ᠱᠠᠲᠤᠨ ᠤ ᠡᠮᠴᠢᠯᠡᠭᠡᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠥᠮᠦᠨ ᠬᠡᠷᠡᠭᠯᠡᠬᠦ | ᠬᠡᠷᠡᠭᠴᠡᠭᠡ ᠶᠢ ᠤᠷᠢᠳᠠᠪᠠᠷ ᠪᠠᠲᠤᠯᠠᠵᠤ᠂ ᠰᠢᠶᠠᠨ ᠡᠯᠰᠡᠨ ᠰᠢᠶᠠᠩ ᠬᠡᠷᠡᠭᠯᠡᠬᠦ᠂ ᠰᠢᠶᠠᠨ ᠤᠷᠢᠨ ᠲᠣᠰᠬᠤᠨ ᠳᠤ | ᠬᠡᠷᠡᠭᠯᠡᠬᠦ᠂ ᠲᠦᠷᠦᠭᠦᠯᠡᠭᠰᠡᠨ ᠡᠮᠨᠡᠯᠭᠡ ᠶᠢᠨ ᠬᠤᠷᠢ᠊ ᠡᠶ᠎ᠡ ᠳᠤ ᠠᠵᠢᠯ ᠤᠨ ᠪᠠᠶᠢᠷᠢ ᠡᠭᠡᠯᠵᠢᠯᠡᠵᠦ ᠲᠣᠮᠢᠯᠠᠬᠤ ᠵᠡᠷᠭᠡ | ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠡᠷᠡᠭᠯᠡᠬᠦ᠂ ᠬᠠᠮᠢᠶᠠᠷᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ | ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠦᠨᠳᠦᠰᠦᠨ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠶᠢᠨ ᠳᠤᠮᠳᠠ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠶᠢᠨ | ᠬᠠᠷᠢᠴᠠᠯ ᠢ ᠵᠣᠬᠢᠰᠲᠠᠢ ᠳᠡᠭᠡᠭᠰᠢᠯᠡᠭᠦᠯᠬᠦ ᠬᠡᠷᠡᠭᠲᠡᠢ᠃ ᠡᠮᠨᠡᠯᠭᠡ ᠶᠢᠨ ᠠᠵᠢᠯᠲᠠᠨ ᠤ ᠣᠷᠣᠨ ᠲᠤᠭ᠎ᠠ ᠶᠢᠨ ᠬᠢᠵᠠᠭᠠᠷᠯᠠᠯ ᠢ | ᠵᠦᠢ ᠵᠣᠬᠢᠰᠲᠠᠢ ᠴᠢᠯᠥᠭᠡᠲᠡᠢ ᠲᠠᠯᠪᠢᠵᠤ᠂ ᠡᠮᠴᠢᠯᠡᠭᠡᠨ ᠤ ᠬᠠᠮᠲᠤ ᠶᠢᠨ ᠴᠣᠭᠴᠠ ᠯᠤᠭ᠎ᠠ ᠬᠠᠷᠢᠯᠴᠠᠨ ᠲᠣᠬᠢᠷᠠᠯᠴᠠᠬᠤ | ᠮᠡᠷᠭᠡᠵᠢᠯ ᠤᠨ ᠴᠣᠯᠠ ᠳᠡᠪᠰᠢᠬᠦ ᠠᠷᠭ᠎ᠠ ᠶᠢ ᠲᠡᠭᠦᠯᠳᠡᠷᠵᠢᠭᠦᠯᠦᠨ᠂ ᠰᠢᠨᠵᠢᠯᠡᠬᠦ ᠤᠬᠠᠭᠠᠨᠴᠢ ᠪᠠᠷ ᠦᠨᠡᠯᠡᠬᠦ ᠶᠢ | ᠬᠡᠷᠡᠭᠵᠢᠭᠦᠯᠵᠦ᠂ ᠡᠮᠨᠡᠯᠭᠡ ᠶᠢᠨ ᠠᠵᠢᠯᠲᠠᠨ ᠤ ᠠᠵᠢᠯ ᠮᠡᠷᠭᠡᠵᠢᠯ ᠤᠨ ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ᠎ᠡ | ᠃ ᠴᠢᠳᠠᠪᠤᠷᠢᠲᠠᠨ ᠢ ᠳᠣᠷᠣᠭᠰᠢ ᠪᠠᠭᠤᠯᠭᠠᠬᠤ ᠶᠢᠨ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠪᠠᠶᠢᠭᠤᠯᠵᠤ᠂ | ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠵᠢᠯᠲᠠᠨ ᠤᠷᠢᠬᠤ᠂ ᠠᠵᠢᠯ ᠤᠨ ᠪᠠᠶᠢᠷᠢ ᠲᠣᠬᠢᠷᠠᠭᠤᠯᠬᠤ᠂ ᠳᠤᠮᠳᠠ | ᠳᠡᠰ ᠳᠠᠪᠬᠤᠷᠭ᠎ᠠ ᠶᠢᠨ ᠺᠠᠳ᠋ᠷ ᠢ ᠤᠷᠢᠨ ᠲᠣᠮᠢᠯᠠᠬᠤ᠂ ᠳᠣᠲᠣᠭᠠᠳᠤ ᠶᠢᠨ ᠠᠵᠢᠯ ᠤᠨ ᠠᠮᠵᠢᠯᠲᠠ ᠪᠦᠲᠦᠮᠵᠢ ᠶᠢ | ᠰᠢᠯᠭᠠᠨ ᠬᠢᠨᠠᠬᠤ᠂ ᠣᠷᠣᠯᠭ᠎ᠠ ᠶᠢᠨ ᠬᠤᠪᠢᠶᠠᠷᠢᠯᠠᠯᠲᠠ᠂ ᠮᠡᠷᠭᠡᠵᠢᠯ ᠤᠨ ᠴᠣᠯᠠ ᠳᠤ ᠤᠷᠢᠨ ᠲᠣᠮᠢᠯᠠᠬᠤ ᠵᠡᠷᠭᠡ ᠡᠵᠡᠨ | ᠮᠡᠳᠡᠬᠦ ᠡᠷᠬᠡ ᠶᠢ ᠭᠦᠢᠴᠡᠳ ᠨᠠᠶᠢᠳᠠᠪᠤᠷᠢᠵᠢᠭᠤᠯᠵᠤ᠂ ᠳᠠᠪᠰᠢᠵᠤ ᠪᠠᠭᠤᠵᠤ ᠪᠦᠷ ᠪᠣᠯᠬᠤ᠂ ᠣᠷᠣᠵᠤ ᠭᠠᠷᠴᠤ ᠪᠣᠯᠬᠤ | ᠠᠮᠢᠳᠤᠯᠢᠭ ᠢᠶᠠᠷ ᠬᠥᠮᠦᠨ ᠬᠡᠷᠡᠭᠯᠡᠬᠦ ᠲᠣᠭᠲᠠᠴᠠ ᠶᠢ ᠪᠠᠶᠢᠭᠤᠯᠤᠨ᠎ᠠ᠃ | 5᠂ ᠴᠠᠯᠢᠩ ᠬᠥᠯᠥᠰᠥ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠤᠨ᠎ᠠ᠃ ︽ᠬᠤᠶᠠᠷ ᠢ ᠵᠥᠪᠰᠢᠶᠡᠷᠡᠬᠦ︾ | ᠱᠠᠭᠠᠷᠳᠠᠯᠭ᠎ᠠ ᠶᠣᠰᠣᠭᠠᠷ᠂ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠤᠨ | ︽ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠪᠠᠲᠤᠯᠠᠭ᠎ᠠ ᠬᠢᠭᠡᠳ ᠨᠡᠶᠢᠲᠡ ᠶᠢᠨ ᠠᠰᠠᠷᠠᠮᠵᠢ ᠶᠢᠨ | ᠬᠤᠶᠠᠳᠤᠭᠠᠷ ᠲᠥᠷᠥᠯ ᠤᠨ ᠤᠷᠮᠠᠰᠢᠭᠤᠯᠤᠯ ᠢ ᠬᠠᠷᠢᠯᠴᠠᠨ ᠤᠶᠠᠯᠳᠤᠭᠤᠯᠬᠤ︾ ᠠᠵᠢᠯᠯᠠᠭᠠᠨ ᠤ ᠰᠢᠨ᠎ᠡ | ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠡᠮᠨᠡᠯᠭᠡ ᠶᠢᠨ ᠠᠵᠢᠯᠲᠠᠳ ᠤᠨ ᠢᠳᠡᠪᠬᠢᠵᠢᠯ ᠢ ᠳᠠᠶᠢᠴᠢᠯᠠᠬᠤ᠂ | ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠣᠨᠴᠠᠯᠢᠭ ᠲᠤ ᠨᠡᠶᠢᠴᠡᠬᠦ᠂ ᠮᠡᠳᠡᠯᠭᠡ ᠶᠢᠨ ᠦᠨ᠎ᠡ | ᠥᠷᠲᠡᠭ ᠢᠶᠠᠷ ᠤᠳᠤᠷᠢᠳᠤᠮᠵᠢ ᠪᠣᠯᠭᠠᠭᠰᠠᠨ ᠴᠠᠯᠢᠩ ᠬᠥᠯᠥᠰᠥ ᠶᠢᠨ ᠬᠤᠪᠢᠶᠠᠷᠢᠯᠠᠯᠲᠠ ᠶᠢᠨ ᠳᠦᠷᠢᠮ ᠢ | ᠨᠠᠶᠢᠳᠠᠪᠤᠷᠢᠵᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠯᠤᠭ᠎ᠠ ᠲᠣᠬᠢᠷᠠᠯᠴᠠᠭᠰᠠᠨ ᠠᠮᠵᠢᠯᠲᠠ ᠪᠦᠲᠦᠮᠵᠢ ᠶᠢᠨ | ᠴᠠᠯᠢᠩ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ᠂ | ᠠᠵᠢᠯ ᠤᠨ ᠠᠮᠵᠢᠯᠲᠠ ᠪᠦᠲᠦᠮᠵᠢ᠂ ᠪᠣᠳᠠᠲᠠᠢ ᠬᠤᠪᠢ ᠨᠡᠮᠡᠷᠢ ᠯᠦᠭᠡ ᠨᠢᠭᠲᠠ ᠤᠶᠠᠯᠳᠤᠭᠰᠠᠨ ᠬᠤᠪᠢᠶᠠᠷᠢᠯᠠᠵᠤ | ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠡᠮᠴᠢᠯᠡᠭᠡᠨ ᠤ ᠨᠢᠭᠡᠳᠦᠭᠡᠷ ᠹᠷᠣᠨᠲ᠂ ᠵᠠᠩᠭᠢᠯᠠᠭ᠎ᠠ ᠶᠢᠨ ᠠᠵᠢᠯ ᠤᠨ | ᠪᠠᠶᠢᠷᠢ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠪᠣᠯᠤᠨ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠥᠮᠦᠰ | ᠲᠡᠰᠢ ᠭᠤᠣᠯᠳᠠᠯᠭ᠎ᠠ ᠲᠠᠢ ᠬᠡᠯᠪᠠᠶᠢᠯᠭᠡᠨ᠎ᠡ᠃ | 6᠂ ᠡᠮ ᠤᠨ ᠵᠦᠢᠯ ᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠤᠯᠤᠰ ᠤᠨ | ᠦᠨᠳᠦᠰᠦᠨ ᠡᠮ ᠤᠨ ᠳᠦᠷᠢᠮ ᠢ ᠦᠷᠭᠦᠯᠵᠢᠯᠡᠨ ᠪᠠᠬᠢᠵᠢᠭᠦᠯᠦᠨ ᠲᠡᠭᠦᠯᠳᠡᠷᠵᠢᠭᠦᠯᠵᠦ᠂ ᠡᠩ ᠲᠡᠷᠢᠭᠦᠨ ᠳᠤ | ᠲᠣᠬᠢᠷᠠᠭᠤᠯᠤᠨ ᠬᠡᠷᠡᠭᠯᠡᠵᠦ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠎ᠠ᠃ ᠳᠤᠲᠠᠭᠳᠠᠵᠤ ᠪᠠᠶᠢᠭ᠎ᠠ ᠡᠮ ᠤᠨ | ᠵᠦᠢᠯ ᠤᠨ ᠲᠦᠭᠰᠢᠭᠦᠷᠢ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠶᠢ ᠴᠢᠩᠭᠠᠳᠬᠠᠵᠤ᠂ ᠳᠤᠲᠠᠭᠳᠠᠵᠤ ᠪᠠᠶᠢᠭ᠎ᠠ ᠡᠮ ᠤᠨ | ᠵᠦᠢᠯ ᠤᠨ ᠬᠠᠩᠭᠠᠯᠭ᠎ᠠ ᠶᠢ ᠪᠠᠲᠤᠯᠠᠬᠤ ᠶᠢᠨ ᠵᠥᠪᠳᠡᠯᠴᠡᠵᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠮ ᠤᠨ ᠵᠦᠢᠯ ᠤᠨ | ᠬᠠᠮᠢᠶᠠᠷᠤᠯᠲᠠ ᠪᠠ ᠬᠡᠷᠡᠭᠯᠡᠬᠦ ᠲᠣᠭᠲᠠᠴᠠ ᠶᠢ ᠥᠭᠡᠷᠡᠴᠢᠯᠡᠵᠦ᠂ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢᠨ | ᠲᠠᠪᠴᠠᠩ ᠢ ᠪᠠᠶᠢᠭᠤᠯᠤᠨ᠂ ᠦᠨᠳᠦᠰᠦᠨ ᠡᠮ ᠤᠨ ᠵᠦᠢᠯ ᠢ ᠤᠷᠢᠳᠠᠪᠠᠷ ᠲᠣᠬᠢᠷᠠᠭᠤᠯᠤᠨ ᠬᠡᠷᠡᠭᠯᠡᠬᠦ ᠪᠠᠷ ᠬᠦᠳᠦᠯᠥᠨ | ᠵᠢᠯᠣᠭᠤᠳᠣᠯᠭ᠎ᠠ ᠪᠣᠯᠭᠠᠵᠤ᠂ ᠡᠮ ᠬᠡᠷᠡᠭᠯᠡᠬᠦ ᠭᠠᠷᠴᠠᠭ ᠢ ᠵᠣᠯᠭᠠᠭᠤᠯᠬᠤ᠂ ᠬᠤᠳᠠᠯᠳᠤᠨ ᠠᠪᠤᠭᠰᠠᠨ ᠲᠤᠭ᠎ᠠ | ᠪᠠᠷᠢᠮᠲᠠ ᠶᠢ ᠬᠠᠮᠲᠤᠪᠠᠷ ᠬᠦᠷᠲᠡᠬᠦ᠂ ᠵᠣᠷ ᠢ ᠴᠢᠯᠥᠭᠡᠲᠡᠢ ᠪᠠᠷ ᠰᠢᠯᠵᠢᠭᠦᠯᠵᠦ᠂ ᠨᠢᠭᠡ ᠴᠣᠭᠴᠠᠵᠢᠭᠤᠯᠤᠭᠰᠠᠨ | ᠲᠣᠬᠢᠷᠠᠭᠤᠯᠤᠨ ᠬᠦᠷᠭᠡᠵᠦ ᠲᠣᠭᠠᠴᠠᠭ᠎ᠠ ᠬᠢᠬᠦ ᠶᠢ ᠪᠡᠶᠡᠯᠡᠭᠦᠯᠦᠨ᠎ᠡ᠃ ᠤᠯᠤᠰ ᠠᠴᠠ ᠡᠮ ᠤᠨ ᠵᠦᠢᠯᠡᠰ ᠤᠨ | ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠪᠠ ᠬᠡᠷᠡᠭᠯᠡᠬᠦ ᠶᠢ ᠵᠣᠬᠢᠶᠠᠨ ᠪᠠᠶᠢᠭᠤᠯᠬᠤ ᠠᠵᠢᠯ ᠢ | ᠠᠬᠢᠭᠤᠯᠵᠤ᠂ ᠤᠯᠤᠰ ᠠᠴᠠ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ | ᠠᠪᠬᠤ ᠶᠢ ᠵᠣᠬᠢᠶᠠᠨ ᠪᠠᠶᠢᠭᠤᠯᠵᠤ ᠡᠮᠴᠢᠯᠡᠭᠡᠨ ᠤ ᠳᠠᠭᠠᠳᠬᠠᠯ ᠤᠨ ᠪᠡᠯᠡ ᠮᠥᠩᠭᠦ ᠶᠢᠨ ᠦᠯᠡᠳᠡᠪᠦᠷᠢ ᠶᠢ ᠦᠯᠡᠳᠡᠭᠡᠨ | ᠬᠡᠷᠡᠭᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠴᠤ | ᠪᠠᠶᠢᠭᠠᠳ ᠨᠡᠮᠡᠭᠳᠡᠭᠦᠯᠦᠭᠰᠡᠨ ᠡᠵᠡᠮᠳᠡᠵᠦ ᠪᠣᠯᠬᠤ ᠣᠷᠣᠯᠭ᠎ᠠ ᠶᠢ ᠰᠠᠶᠢᠲᠤᠷ ᠠᠰᠢᠭᠯᠠᠨ᠎ᠠ᠃ | 7᠂ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠬᠥᠮᠦᠵᠢᠭᠦᠯᠬᠦ ᠶᠢ ᠴᠢᠩᠭᠠᠳᠬᠠᠬᠤ ᠬᠡᠷᠡᠭᠲᠡᠢ᠃ ᠶᠡᠷᠦᠩᠬᠡᠢ | ᠰᠠᠯᠠᠭᠠᠨ ᠤ ᠡᠮᠴᠢ ᠵᠡᠷᠭᠡ ᠳᠤᠲᠠᠭᠳᠠᠵᠤ ᠪᠠᠶᠢᠭ᠎ᠠ ᠴᠢᠳᠠᠪᠤᠷᠢᠲᠠᠨ ᠬᠥᠮᠦᠵᠢᠭᠦᠯᠬᠦ ᠶᠢ ᠴᠢᠩᠭᠠᠳᠬᠠᠨ᠎ᠠ᠃ ᠠᠨᠠᠭᠠᠬᠤ | ᠤᠬᠠᠭᠠᠨ ᠤ ᠲᠤᠰᠬᠠᠢ ᠮᠡᠷᠭᠡᠵᠢᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠬᠥᠳᠡᠭᠡ ᠲᠣᠰᠬᠤᠨ ᠤ ᠡᠮᠴᠢ ᠶᠢᠨ | ᠠᠵᠢᠯ ᠡᠷᠬᠢᠯᠡᠬᠦ ᠪᠠᠷ ᠳᠠᠩᠰᠠᠯᠠᠭᠤᠯᠬᠤ ᠪᠠᠷ ᠰᠢᠯᠭᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ᠦᠨᠳᠦᠰᠦᠨ ᠱᠠᠲᠤᠨ ᠤ ᠴᠢᠳᠠᠪᠤᠷᠢᠲᠠᠨ ᠬᠥᠮᠦᠵᠢᠭᠦᠯᠬᠦ ᠡᠷᠴᠢᠮ ᠢ ᠴᠢᠩᠭᠠᠷᠠᠭᠤᠯᠵᠤ᠂ ᠦᠨᠳᠦᠰᠦᠨ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠶᠢᠨ ᠡᠩ ᠲᠡᠷᠢᠭᠦᠨ ᠳᠤ ᠬᠥᠮᠦᠨ ᠬᠡᠷᠡᠭᠯᠡᠬᠦ ᠶᠢ ᠪᠠᠲᠤᠯᠠᠬᠤ ᠬᠡᠷᠡᠭᠲᠡᠢ᠃ ᠬᠢᠷᠢ | ᠲᠡᠩᠴᠡᠭᠰᠡᠨ ᠲᠣᠭᠲᠠᠭᠠᠯ ᠢᠶᠠᠷ ᠬᠥᠮᠦᠵᠢᠭᠦᠯᠬᠦ ᠶᠡᠭᠡ ᠡᠮᠴᠢ ᠶᠢᠨ ᠬᠡᠷᠡᠭᠯᠡᠬᠦ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢ᠊ ᠡᠶ᠎ᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠶᠢᠭᠡᠮ ᠠᠴᠠ ᠡᠯᠰᠡᠭᠰᠡᠨ ᠡᠩ ᠤᠨ ᠶᠡᠭᠡ ᠳᠡᠭᠡᠳᠦ | ᠰᠤᠷᠭᠠᠭᠤᠯᠢ ᠶᠢᠨ ᠲᠤᠰ ᠬᠤᠭᠤᠴᠠᠭᠠᠨ ᠤ ᠲᠡᠭᠦᠰᠦᠭᠰᠡᠳ ᠢ ᠰᠠᠭᠤᠷᠢᠨ ᠡᠮᠴᠢ ᠶᠢᠨ ᠵᠢᠷᠤᠮᠵᠢᠭᠰᠠᠨ | ᠪᠣᠯᠪᠠᠰᠤᠷᠠᠭᠤᠯᠤᠯ ᠢᠶᠠᠷ ᠬᠢᠷᠢ ᠲᠡᠩᠴᠡᠭᠰᠡᠨ ᠤ ᠳᠠᠷᠠᠭ᠎ᠠ ᠲᠤᠰ ᠵᠢᠯ ᠤᠨ ᠲᠡᠭᠦᠰᠦᠭᠰᠡᠳ ᠤᠨ ᠶᠣᠰᠣᠭᠠᠷ ᠠᠵᠢᠯ | ᠣᠯᠤᠭᠰᠠᠨ ᠪᠠᠶᠢᠪᠠᠯ᠂ ᠤᠷᠢᠬᠤ᠂ ᠲᠣᠮᠢᠯᠠᠬᠤ᠂ ᠡᠷᠦᠬᠡ ᠠᠮᠠ ᠣᠷᠣᠭᠤᠯᠬᠤ ᠵᠡᠷᠭᠡ ᠲᠠᠯ᠎ᠠ ᠪᠠᠷ ᠲᠤᠰ | ᠬᠤᠭᠤᠴᠠᠭᠠᠨ ᠤ ᠲᠡᠭᠦᠰᠦᠭᠰᠡᠳ ᠤᠨ ᠶᠣᠰᠣᠭᠠᠷ ᠠᠳᠠᠯᠢ ᠪᠠᠷ ᠬᠠᠨᠳᠤᠭᠤᠯᠤᠨ᠎ᠠ︔ ᠰᠠᠭᠤᠷᠢᠨ ᠡᠮᠴᠢ ᠶᠢᠨ | ᠵᠢᠷᠤᠮᠵᠢᠭᠰᠠᠨ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ | ᠡᠮᠴᠢᠯᠡᠭᠡᠨ ᠤ ᠡᠮᠴᠢ ᠶᠢ ᠡᠯᠰᠡᠬᠦ᠂ ᠮᠡᠷᠭᠡᠵᠢᠯ ᠤᠨ ᠴᠣᠯᠠ ᠳᠡᠪᠰᠢᠭᠦᠯᠬᠦ᠂ ᠠᠵᠢᠯ ᠤᠨ ᠪᠠᠶᠢᠷᠢ ᠳᠤ ᠤᠷᠢᠨ ᠬᠡᠷᠡᠭᠯᠡᠬᠦ᠂ | ᠴᠠᠯᠢᠩ ᠬᠥᠯᠥᠰᠥ ᠣᠯᠭᠤᠬᠤ ᠵᠡᠷᠭᠡ ᠲᠠᠯ᠎ᠠ ᠪᠠᠷ ᠡᠮᠴᠢᠯᠡᠭᠡᠨ ᠤ ᠠᠨᠠᠭᠠᠬᠤ ᠤᠬᠠᠭᠠᠨ᠂ ᠠᠮᠠᠨ ᠬᠥᠨᠳᠡᠢ ᠶᠢᠨ | ᠠᠨᠠᠭᠠᠬᠤ ᠤᠬᠠᠭᠠᠨ᠂ ᠬᠢᠲᠠᠳ ᠡᠮᠨᠡᠯᠭᠡ ᠶᠢᠨ ᠲᠤᠰᠬᠠᠢ ᠮᠡᠷᠭᠡᠵᠢᠯ ᠤᠨ ᠴᠣᠯᠠ ᠶᠢᠨ ᠰᠤᠳᠤᠯᠤᠭᠴᠢ | ᠰᠤᠷᠤᠭᠴᠢ ᠯᠤᠭ᠎ᠠ ᠠᠳᠠᠯᠢ ᠲᠡᠭᠰᠢ ᠪᠠᠷ ᠬᠠᠨᠳᠤᠨ᠎ᠠ᠃ ᠬᠦᠨᠳᠦ ᠡᠪᠡᠳᠴᠢᠨ ᠤ ᠠᠨᠠᠭᠠᠬᠤ ᠤᠬᠠᠭᠠᠨ᠂ ᠲᠦᠷᠭᠡᠨ | ᠠᠪᠤᠷᠠᠯᠲᠠ᠂ ᠶᠡᠷᠦᠩᠬᠡᠢ ᠰᠠᠯᠠᠭ᠎ᠠ᠂ ᠬᠡᠦᠬᠡᠳ ᠤᠨ ᠡᠮᠨᠡᠯᠭᠡ᠂ ᠡᠷᠡᠭᠦᠯᠵᠢᠭᠦᠯᠬᠦ ᠵᠡᠷᠭᠡ ᠪᠠᠴᠢᠮ ᠬᠡᠷᠡᠭᠴᠡᠭᠡᠲᠡᠢ | ᠳᠤᠲᠠᠭᠳᠠᠵᠤ ᠪᠠᠶᠢᠭ᠎ᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | | 8᠂ ᠰᠠᠨᠮᠢᠩ ᠤᠨ ᠡᠮ ᠡᠮᠨᠡᠯᠭᠡ ᠶᠢᠨ ᠥᠭᠡᠷᠡᠴᠢᠯᠡᠯᠲᠡ ᠶᠢᠨ ᠲᠤᠷᠰᠢᠯᠭ᠎ᠠ ᠶᠢ ᠰᠤᠷᠤᠯᠴᠠᠨ ᠳᠡᠯᠭᠡᠷᠡᠭᠦᠯᠦᠨ᠎ᠡ᠃ | ᠶᠡᠷᠦᠩᠬᠡᠢ ᠱᠦᠵᠢ ᠰᠢ ᠶᠢᠨ ᠫᠢᠩ ᠤᠨ ᠰᠠᠨᠮᠢᠩ ᠬᠤᠲᠠ ᠶᠢᠨ ᠡᠮ ᠡᠮᠨᠡᠯᠭᠡ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠠᠵᠢᠯ ᠤᠨ ᠲᠤᠬᠠᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ | ᠂ ᠰᠠᠨ ᠮᠢᠩ ᠬᠤᠲᠠ ᠶᠢᠨ ᠡᠮ ᠡᠮᠨᠡᠯᠭᠡ ᠶᠢᠨ ᠥᠭᠡᠷᠡᠴᠢᠯᠡᠯᠲᠡ ᠶᠢᠨ ᠲᠤᠷᠰᠢᠯᠭ᠎ᠠ ᠶᠢ ᠤᠯᠠᠮ ᠨᠢᠭᠡ ᠠᠯᠬᠤᠮ | ᠰᠤᠷᠤᠯᠴᠠᠨ ᠳᠡᠯᠭᠡᠷᠡᠭᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠢ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ︽ᠨᠢᠭᠡᠳᠦᠭᠡᠷ ᠭᠠᠷ︾ ᠤᠨ ᠢᠨᠵᠧᠨᠧᠷᠢᠩ ᠤᠨ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠵᠠᠰᠠᠭ ᠤᠨ ᠣᠷᠳᠣᠨ ᠤ ᠬᠠᠷᠠᠯᠲᠠᠲᠤ | ᠬᠠᠮᠢᠶᠠᠷᠤᠯᠲᠠ ᠶᠢᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠴᠢᠬᠤᠯᠠ ᠠᠭᠤᠯᠭ᠎ᠠ ᠳᠤ ᠣᠷᠣᠭᠤᠯᠬᠤ | ᠬᠡᠷᠡᠭᠲᠡᠢ᠃ ︽ᠣᠭᠲᠠᠷᠭᠤᠢ ᠳᠤ ᠳᠡᠭᠦᠯᠬᠦ᠂ ᠪᠦᠲᠦᠴᠡ ᠶᠢ ᠲᠣᠬᠢᠷᠠᠭᠤᠯᠬᠤ᠂ ᠳᠠᠭᠠᠳᠬᠠᠯ ᠢ ᠵᠣᠯᠭᠠᠭᠤᠯᠬᠤ︾ | ᠠᠷᠭ᠎ᠠ ᠵᠠᠮ ᠶᠣᠰᠣᠭᠠᠷ᠂ ᠡᠮ ᠤᠨ ᠦᠨ᠎ᠡ ᠶᠢ ᠪᠠᠭᠤᠷᠠᠭᠤᠯᠬᠤ ᠪᠠᠷ ᠰᠢᠪᠲᠤᠯᠤᠯᠲᠠ ᠶᠢᠨ ᠴᠡᠭ ᠪᠣᠯᠭᠠᠵᠤ᠂ | ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ᠂ ᠴᠠᠯᠢᠩ ᠬᠥᠯᠥᠰᠥ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ | ᠬᠢᠬᠦ ᠵᠡᠷᠭᠡ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠡᠷᠭᠡ ᠪᠠᠷ ᠠᠬᠢᠭᠤᠯᠪᠠ᠃ ᠰᠠᠨᠮᠢᠩ ᠬᠤᠲᠠ ᠶᠢᠨ ᠡᠮ | ᠡᠮᠨᠡᠯᠭᠡ ᠶᠢᠨ ᠥᠭᠡᠷᠡᠴᠢᠯᠡᠯᠲᠡ ᠶᠢᠨ ᠲᠤᠷᠰᠢᠯᠭ᠎ᠠ ᠶᠢ ᠳᠡᠯᠭᠡᠷᠡᠭᠦᠯᠬᠦ ᠵᠢᠯᠣᠭᠤᠳᠣᠯᠭ᠎ᠠ ᠶᠢ ᠴᠢᠩᠭᠠᠳᠬᠠᠵᠤ᠂ ᠲᠤᠰᠬᠠᠢ | ᠰᠡᠳᠦᠪᠲᠦ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠰᠠᠨᠮᠢᠩ ᠬᠤᠲᠠ ᠶᠢᠨ ᠡᠮ ᠡᠮᠨᠡᠯᠭᠡ ᠶᠢᠨ ᠥᠭᠡᠷᠡᠴᠢᠯᠡᠯᠲᠡ ᠶᠢᠨ ᠲᠤᠷᠰᠢᠯᠭ᠎ᠠ ᠶᠢ ᠰᠤᠷᠤᠯᠴᠠᠨ | ᠲᠣᠯᠢᠯᠠᠨᠠ᠃ | ︵ᠵᠢᠷᠭᠤᠭ᠎ᠠ︶ ᠡᠮᠴᠢᠯᠡᠭᠡᠨ ᠤ ᠬᠠᠮᠲᠤ ᠶᠢᠨ ᠴᠣᠭᠴᠠ ᠶᠢ ᠰᠢᠯᠭᠠᠨ ᠬᠢᠨᠠᠵᠤ ᠦᠨᠡᠯᠡᠬᠦ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠦᠨ᠎ᠡ | 1᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠬᠢᠨᠠᠵᠤ ᠦᠨᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠬᠠᠮᠲᠤ ᠶᠢᠨ ᠴᠣᠭᠴᠠ ᠶᠢᠨ | ᠰᠠᠭᠤᠷᠢ ᠮᠥᠩᠭᠦ ᠶᠢ ᠰᠠᠯᠭᠠᠨ ᠥᠭᠴᠦ ᠬᠢᠨᠠᠨ ᠬᠠᠮᠢᠶᠠᠷᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯᠯᠠᠭᠠᠨ ᠤ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠲᠣᠭᠲᠠᠴᠠ ᠶᠢ ᠲᠡᠭᠦᠯᠳᠡᠷᠵᠢᠭᠦᠯᠦᠨ᠂ ᠡᠮᠴᠢᠯᠡᠭᠡᠨ ᠤ ᠳᠠᠭᠠᠳᠬᠠᠯ ᠤᠨ | ᠰᠠᠭᠤᠷᠢ ᠮᠥᠩᠭᠦ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠢᠯᠭᠠᠨ ᠬᠢᠨᠠᠭᠰᠠᠨ ᠦᠷ᠎ᠡ | ᠳ᠋ᠦᠩ ᠢ ᠵᠦᠢ ᠵᠣᠬᠢᠰᠲᠠᠢ ᠬᠡᠲᠦᠷᠡᠭᠦᠯᠦᠨ ᠵᠠᠷᠤᠭᠰᠠᠨ ᠵᠠᠷᠤᠯᠭ᠎ᠠ ᠶᠢ ᠬᠤᠪᠢᠶᠠᠨ ᠡᠭᠦᠷᠭᠡᠯᠡᠬᠦ᠂ ᠦᠯᠡᠳᠡᠪᠦᠷᠢ ᠶᠢ | ᠦᠯᠡᠳᠡᠭᠡᠨ ᠬᠡᠷᠡᠭᠯᠡᠵᠦ ᠬᠤᠪᠢᠶᠠᠷᠢᠯᠠᠬᠤ ᠵᠢᠴᠢ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠭᠰᠠᠨ ᠬᠡᠯᠡᠯᠴᠡᠭᠡᠷ ᠤᠨ | ᠬᠠᠮᠢᠶᠠᠷᠤᠯᠲᠠ ᠵᠡᠷᠭᠡ ᠲᠠᠢ ᠬᠤᠯᠪᠣᠭᠳᠠᠭᠤᠯᠤᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ | ᠬᠡᠷᠡᠭᠯᠡᠯᠲᠡ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠣᠯᠠᠨ ᠤ ᠡᠪᠡᠳᠴᠢᠨ | ᠦᠵᠡᠭᠦᠯᠬᠦ ᠪᠣᠯᠤᠮᠵᠢᠲᠤ ᠴᠢᠨᠠᠷ ᠢ ᠨᠡᠮᠡᠭᠳᠡᠭᠦᠯᠦᠨ᠎ᠡ᠃ | 2᠂ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠦᠨᠡᠯᠡᠨ | ᠮᠠᠭᠠᠳᠯᠠᠬᠤ ᠪᠠᠷᠢᠮᠵᠢᠶ᠎ᠠ ᠪᠠ ᠬᠢᠨᠠᠨ ᠬᠡᠮᠵᠢᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠵᠥᠪᠬᠡᠨ ᠲᠤᠬᠠᠶᠢᠯᠠᠭᠰᠠᠨ ᠠᠵᠢᠯ ᠤᠨ ᠬᠡᠮᠵᠢᠶ᠎ᠡ ᠶᠢ ᠰᠢᠯᠭᠠᠨ ᠬᠢᠨᠠᠬᠤ ᠦᠭᠡᠢ᠂ | ᠠᠵᠢᠯᠲᠠᠨ ᠤ ᠡᠬᠢ ᠪᠠᠶᠠᠯᠢᠭ᠂ ᠡᠮᠴᠢᠯᠡᠭᠡᠨ ᠤ ᠮᠡᠷᠭᠡᠵᠢᠯ᠂ ᠡᠮ ᠤᠨ ᠵᠦᠢᠯ ᠤᠨ ᠪᠠᠲᠤᠯᠠᠭ᠎ᠠ᠂ ᠨᠥᠬᠦᠪᠥᠷᠢ ᠶᠢᠨ | ᠲᠥᠷᠥ ᠶᠢᠨ ᠪᠣᠳᠣᠯᠭ᠎ᠠ᠂ ᠬᠤᠣᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠳᠡᠭᠡᠳᠦ ᠳᠣᠣᠷᠠᠳᠤ ᠱᠠᠲᠤ ᠶᠢ ᠨᠡᠪᠲᠡᠷᠡᠭᠦᠯᠬᠦ ᠵᠡᠷᠭᠡ ᠶᠢ ᠡᠮᠴᠢᠯᠡᠭᠡᠨ ᠤ ᠬᠠᠮᠲᠤ ᠶᠢᠨ | ᠴᠣᠭᠴᠠ ᠶᠢ ᠰᠢᠯᠭᠠᠨ ᠬᠢᠨᠠᠬᠤ ᠬᠠᠷᠠᠯᠲᠠ ᠳᠤ ᠣᠷᠣᠭᠤᠯᠬᠤ ᠬᠡᠷᠡᠭᠲᠡᠢ᠃ ᠡᠮᠴᠢᠯᠡᠭᠡᠨ ᠤ ᠬᠠᠮᠲᠤ ᠶᠢᠨ ᠴᠣᠭᠴᠠ ᠶᠢᠨ | ᠲᠦᠷᠦᠭᠦᠯᠡᠬᠦ ᠡᠮᠨᠡᠯᠭᠡ ᠶᠢᠨ ᠬᠤᠷᠢᠶ᠎ᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠥᠲᠥᠯᠥᠨ ᠵᠢᠯᠣᠭᠤᠳᠴᠤ᠂ | ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤ ᠶᠢ ᠬᠠᠪᠰᠤᠷᠤᠨ | ᠲᠡᠳᠬᠦᠵᠦ᠂ ᠬᠥᠲᠥᠯᠥᠨ ᠳᠠᠭᠠᠭᠤᠯᠬᠤ ᠦᠢᠯᠡᠳᠦᠯ ᠢᠶᠠᠨ ᠦᠨᠡᠨ ᠬᠦ ᠪᠠᠳᠠᠷᠠᠭᠤᠯᠤᠨ᠂ ᠡᠮᠴᠢᠯᠡᠭᠡᠨ ᠤ | ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ᠂ ᠵᠦᠢ ᠵᠣᠬᠢᠰᠲᠠᠢ ᠡᠮ ᠬᠡᠷᠡᠭᠯᠡᠬᠦ ᠵᠡᠷᠭᠡ ᠶᠢ ᠡᠮᠴᠢᠯᠡᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠰᠢᠯᠭᠠᠨ ᠬᠢᠨᠠᠬᠤ ᠭᠦᠢᠴᠡᠳᠬᠡᠯ | ᠲᠤᠭ᠎ᠠ ᠳᠤ ᠣᠷᠣᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠢᠨᠠᠨ | ᠬᠡᠮᠵᠢᠯᠲᠡ ᠶᠢ ᠴᠢᠩᠭᠠᠳᠬᠠᠨ᠂ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ | ᠪᠦᠲᠦᠮᠵᠢᠲᠡᠢ ᠠᠰᠢᠭᠯᠠᠬᠤ ᠶᠢ ᠤᠯᠠᠮ ᠨᠢᠭᠡ ᠠᠯᠬᠤᠮ ᠠᠬᠢᠭᠤᠯᠵᠤ᠂ ᠴᠢᠨᠠᠷ ᠰᠠᠶᠢᠲᠠᠢ ᠥᠨᠳᠥᠷ ᠪᠦᠲᠦᠮᠵᠢᠲᠡᠢ | ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠤᠢ ᠪᠣᠯᠭᠠᠨ᠎ᠠ᠃ | ᠰᠢᠯᠭᠠᠨ ᠬᠢᠨᠠᠵᠤ ᠦᠨᠡᠯᠡᠭᠰᠡᠨ ᠦᠷ᠎ᠡ ᠳ᠋ᠦᠩ ᠢ ᠠᠵᠢᠯᠲᠠᠨ ᠢ ᠲᠣᠮᠢᠯᠠᠬᠤ ᠪᠠ ᠪᠠᠭᠤᠯᠭᠠᠬᠤ᠂ ᠰᠢᠯᠢᠳᠡᠭ ᠢ | ᠰᠢᠯᠭᠠᠷᠠᠭᠤᠯᠤᠨ ᠲᠡᠷᠢᠭᠦᠨ ᠳᠤ ᠰᠢᠯᠭᠠᠷᠠᠭᠤᠯᠬᠤ ᠵᠡᠷᠭᠡ ᠶᠢᠨ ᠴᠢᠬᠤᠯᠠ ᠦᠨᠳᠦᠰᠦ ᠪᠠᠷᠢᠮᠲᠠ ᠪᠣᠯᠭᠠᠬᠤ ᠶᠢᠨ ᠬᠠᠮᠲᠤ᠂ | ᠡᠮᠨᠡᠯᠭᠡ ᠶᠢᠨ ᠠᠵᠢᠯᠲᠠᠨ ᠤ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ᠂ ᠳᠠᠪᠲᠠᠨ ᠪᠣᠯᠪᠠᠰᠤᠷᠠᠭᠤᠯᠬᠤ᠂ | ᠳᠡᠪᠰᠢᠬᠦ ᠵᠡᠷᠭᠡ ᠯᠦᠭᠡ ᠬᠤᠯᠪᠣᠵᠤ᠂ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠪᠠᠳᠠᠷᠠᠭᠤᠯᠤᠨ᠂ ᠰᠢᠶᠠᠨ ᠤ | ᠬᠡᠪᠴᠢᠶ᠎ᠠ ᠪᠠ ᠦᠨᠳᠦᠰᠦᠨ ᠱᠠᠲᠤᠨ ᠤ ᠡᠮᠴᠢᠯᠡᠭᠡᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠡᠷᠡᠭᠦᠯ ᠢᠶᠠᠷ ᠬᠥᠭᠵᠢᠬᠦ ᠶᠢ | ᠬᠥᠲᠥᠯᠥᠨ ᠵᠢᠯᠣᠭᠤᠳᠤᠨ᠎ᠠ᠃ | | |