ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠥᠪᠥᠷ ᠮᠣᠩᠭᠤᠯ ᠤᠨ ᠴᠤᠸᠠᠩ ᠶᠤᠸᠠᠨ ᠬᠤᠷᠴᠢᠨ ᠪᠠᠷᠠᠭᠤᠨ ᠭᠠᠷᠤᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ 140 MW ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠲᠠᠲᠠᠪᠤᠷᠢᠯᠠᠨ ᠥᠭᠴᠦ ᠨᠥᠬᠦᠪᠥᠷᠢ ᠥᠭᠴᠦ ᠲᠥᠪᠬᠢᠨᠡᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/5/17
    ᠬᠤᠷᠴᠢᠨ ᠪᠠᠷᠠᠭᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ ︹2020︺ 17 ᠳ᠋ᠤᠭᠠᠷ ᠲᠣᠭᠠᠲᠤ     ᠪᠠᠷᠠᠭᠤᠨ ᠵᠢᠷᠢᠮ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄    ᠭᠠᠵᠠᠷ ᠣᠷᠣᠨ ᠤ ᠡᠨᠧᠷᠭᠢ ᠴᠠᠬᠢᠯᠭᠠᠨ ᠬᠦᠴᠦᠨ ᠤ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠬᠤᠰᠢᠭᠤᠨ ᠤ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠡᠳᠦᠭᠡ ︽ᠥᠪᠥᠷ ᠮᠣᠩᠭᠤᠯ ᠤᠨ ᠴᠤᠸᠠᠩ ᠶᠤᠸᠠᠨ ᠬᠤᠷᠴᠢᠨ ᠪᠠᠷᠠᠭᠤᠨ ᠭᠠᠷᠤᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ 140 MW ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠪᠠᠷᠠᠭᠤᠨ ᠵᠢᠷᠢᠮ ᠪᠠᠯᠭᠠᠰᠤᠨ ᠤ ᠪᠠᠶᠠᠨᠵᠢᠯᠠᠭ᠎ᠠ ᠭᠠᠴᠠᠭ᠎ᠠ᠂ ᠡᠬᠢᠨ ᠠᠭᠤᠯᠠ ᠭᠠᠴᠠᠭᠠᠨ ᠤ ᠬᠠᠮᠲᠤ ᠶᠢᠨ ᠭᠠᠵᠠᠷ ᠰᠢᠷᠣᠢ ᠶᠢ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠵᠤ ᠨᠥᠬᠦᠪᠥᠷᠢ ᠥᠭᠴᠦ ᠲᠥᠪᠬᠢᠨᠡᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃           2024 ᠣᠨ ᠤ 3 ᠰᠠᠷ᠎ᠠ ᠶᠢᠨ 4 ᠤ ᠡᠳᠦᠷ       ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠥᠪᠥᠷ ᠮᠣᠩᠭᠤᠯ ᠤᠨ ᠴᠤᠸᠠᠩ ᠶᠤᠸᠠᠨ ᠬᠤᠷᠴᠢᠨ ᠪᠠᠷᠠᠭᠤᠨ ᠭᠠᠷᠤᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ 140MW ᠶᠢᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠥᠷᠥᠯ ᠵᠦᠢᠯ ᠢ ᠲᠠᠲᠠᠪᠤᠷᠢᠯᠠᠨ ᠨᠥᠬᠦᠪᠥᠷᠢᠯᠡᠬᠦ ᠲᠥᠰᠦᠯ        ᠲᠤᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ᠂ ᠭᠠᠵᠠᠷ ᠰᠢᠷᠣᠢ ᠶᠢᠨ ᠣᠳᠣᠬᠢ ᠪᠠᠶᠢᠳᠠᠯ ᠢ ᠪᠠᠶᠢᠴᠠᠭᠠᠭᠰᠠᠨ ᠪᠠᠶᠢᠳᠠᠯ ᠪᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠤᠰ ᠲᠥᠰᠦᠯ ᠢ ᠣᠨᠴᠠᠭᠠᠶᠢᠯᠠᠨ ᠲᠣᠭᠲᠠᠭᠠᠪᠠ᠃    ᠨᠢᠭᠡ᠂ ᠲᠠᠲᠠᠪᠤᠷᠢᠯᠠᠬᠤ ᠭᠠᠵᠠᠷ ᠣᠷᠣᠨ ᠬᠢᠭᠡᠳ ᠬᠡᠪᠴᠢᠶ᠎ᠡ    ᠪᠠᠷᠠᠭᠤᠨ ᠵᠢᠷᠢᠮ ᠪᠠᠯᠭᠠᠰᠤᠨ ᠤ ᠪᠠᠶᠠᠨᠵᠢᠯᠠᠭ᠎ᠠ ᠭᠠᠴᠠᠭ᠎ᠠ᠂ ᠡᠪᠦᠭᠡᠨ ᠠᠭᠤᠯᠠ ᠭᠠᠴᠠᠭᠠᠨ ᠤ ᠬᠢᠯᠢ᠃    ᠬᠤᠶᠠᠷ᠂ ᠲᠠᠲᠠᠪᠤᠷᠢᠯᠠᠬᠤ ᠶᠢ ᠬᠡᠷᠡᠭᠵᠢᠭᠦᠯᠬᠦ ᠨᠢᠭᠡᠴᠢ    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ᠃    ᠭᠤᠷᠪᠠ᠂ ᠭᠠᠵᠠᠷ ᠰᠢᠷᠣᠢ ᠲᠠᠲᠠᠪᠤᠷᠢᠯᠠᠭᠰᠠᠨ ᠳᠤ ᠨᠥᠬᠦᠪᠥᠷᠢ ᠥᠭᠬᠦ ᠠᠷᠭ᠎ᠠ    ᠲᠤᠰ ᠤᠳᠠᠭ᠎ᠠ ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠢ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠶᠢᠨ ᠳᠥᠴᠢᠨ ᠲᠠᠪᠤᠳᠤᠭᠠᠷ ᠵᠦᠢᠯ ︵ᠬᠤᠶᠠᠷ︶ ᠤᠨ ᠲᠣᠭᠲᠠᠭᠠᠯ ᠳᠤ ᠨᠡᠶᠢᠴᠡᠵᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠨᠢ ᠣᠯᠠᠨ ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡ ᠳᠤ ᠨᠡᠶᠢᠴᠡᠨ᠎ᠡ᠃ ᠥᠪᠥᠷ ᠮᠣᠩᠭᠤᠯ ᠤᠨ ᠴᠤᠸᠠᠩ ᠶᠤᠸᠠᠨ ᠬᠤᠷᠴᠢᠨ ᠪᠠᠷᠠᠭᠤᠨ ᠭᠠᠷᠤᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ 140 MW ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠨᠢ ᠦᠨᠡᠨᠬᠦ ᠭᠠᠴᠠᠭ᠎ᠠ ︵ᠲᠠᠷᠢᠶᠠᠯᠠᠩ᠂ ᠮᠠᠯᠴᠢᠳ︶ ᠶᠢᠨ ᠬᠠᠮᠲᠤ ᠶᠢᠨ ᠥᠮᠴᠢᠯᠡᠯ ᠤᠨ ᠭᠠᠵᠠᠷ ᠰᠢᠷᠣᠢ ᠶᠢ ᠲᠠᠲᠠᠪᠤᠷᠢᠯᠠᠬᠤ ᠴᠢᠬᠤᠯᠠᠲᠠᠢ ᠪᠠᠶᠢᠵᠤ᠂ ᠨᠢᠭᠡᠨᠲᠡ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠭᠠᠵᠠᠷ ᠰᠢᠷᠣᠢ ᠠᠰᠢᠭᠯᠠᠬᠤ ᠶᠡᠷᠦᠩᠬᠡᠢ ᠲᠥᠯᠥᠪᠵᠢᠭᠦᠯᠭᠡ ᠪᠠ ᠬᠤᠲᠠ ᠪᠠᠯᠭᠠᠰᠤᠨ ᠤ ᠶᠡᠷᠦᠩᠬᠡᠢ ᠲᠥᠯᠥᠪᠵᠢᠭᠦᠯᠭᠡ ᠳᠤ ᠣᠷᠣᠭᠤᠯᠤᠭᠰᠠᠨ ᠪᠠᠶᠢᠨ᠎ᠠ᠃    ᠳᠥᠷᠪᠡ᠂ ᠭᠠᠵᠠᠷ ᠲᠠᠲᠠᠪᠤᠷᠢᠯᠠᠭᠰᠠᠨ ᠳᠤ ᠨᠥᠬᠦᠪᠥᠷᠢ ᠥᠭᠬᠦ ᠪᠠᠷᠢᠮᠵᠢᠶ᠎ᠠ    ᠲᠠᠷᠢᠶᠠᠯᠠᠩ ᠳᠤ ᠬᠡᠷᠡᠭᠯᠡᠬᠦ ᠭᠠᠵᠠᠷ ᠤᠨ ᠨᠥᠬᠦᠪᠥᠷᠢ ᠶᠢᠨ ᠪᠠᠷᠢᠮᠵᠢᠶ᠎ᠠ ᠶᠢ ᠲᠠᠲᠠᠪᠤᠷᠢᠯᠠᠬᠤ ᠳᠤ ᠥᠪᠡᠷᠲᠡᠭᠡᠨ ᠵᠠᠰᠠᠬᠤ ᠣᠷᠣᠨ ᠤ ᠲᠠᠲᠠᠪᠤᠷᠢᠯᠠᠬᠤ ᠭᠠᠵᠠᠷ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 92 ᠳ᠋ᠤᠭᠠᠷ ᠲᠣᠭᠠᠲᠤ︶ ᠢ ᠬᠡᠷᠡᠭᠵᠢᠭᠦᠯᠵᠦ᠂ ᠭᠠᠵᠠᠷ ᠲᠠᠲᠠᠪᠤᠷᠢᠯᠠᠭᠰᠠᠨ ᠲᠣᠭᠤᠷᠢᠭ ᠤᠨ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠨᠢ 1 ᠬᠡᠰᠡᠭ ᠣᠷᠣᠨ ᠲᠣᠭᠤᠷᠢᠭ ᠪᠠᠶᠢᠵᠤ᠂ ᠪᠠᠷᠠᠭᠤᠨ ᠵᠢᠷᠢᠮ ᠪᠠᠯᠭᠠᠰᠤᠨ ᠤ ᠪᠠᠶᠠᠨᠵᠢᠯᠠᠭ᠎ᠠ ᠭᠠᠴᠠᠭᠠᠨ ᠤ 1.5735 ᠾᠧᠺᠲ᠋ᠠᠷ ᠤᠨ ᠪᠠᠶᠢᠭᠠᠯᠢ ᠶᠢᠨ ᠪᠡᠯᠴᠢᠭᠡᠷ ᠤᠨ ᠨᠥᠬᠦᠪᠥᠷᠢ ᠶᠢᠨ ᠪᠠᠷᠢᠮᠵᠢᠶ᠎ᠠ ᠨᠢ 13.434 ᠲᠦᠮᠡᠨ ᠲᠥᠭᠦᠷᠢᠭ / ᠾᠧᠺᠲ᠋ᠠᠷ᠂ 0.0139 ᠾᠧᠺᠲ᠋ᠠᠷ ᠤᠨ ᠬᠥᠳᠡᠭᠡ ᠲᠣᠰᠬᠤᠨ ᠤ ᠵᠠᠮ ᠤᠨ ᠨᠥᠬᠦᠪᠥᠷᠢ ᠶᠢᠨ ᠪᠠᠷᠢᠮᠵᠢᠶ᠎ᠠ ᠨᠢ 13.434 ᠲᠦᠮᠡᠨ ᠲᠥᠭᠦᠷᠢᠭ / ᠾᠧᠺᠲ᠋ᠠᠷ ᠪᠣᠯᠤᠨ᠎ᠠ᠃ ᠪᠠᠷᠠᠭᠤᠨ ᠵᠢᠷᠢᠮ ᠪᠠᠯᠭᠠᠰᠤᠨ ᠤ ᠡᠪᠡᠭᠡᠨ ᠠᠭᠤᠯᠠ ᠭᠠᠴᠠᠭᠠᠨ ᠤ 1.3750 ᠾᠧᠺᠲ᠋ᠠᠷ ᠪᠠᠶᠢᠭᠠᠯᠢ ᠶᠢᠨ ᠪᠡᠯᠴᠢᠭᠡᠷ ᠤᠨ ᠨᠥᠬᠦᠪᠥᠷᠢ ᠶᠢᠨ ᠪᠠᠷᠢᠮᠵᠢᠶ᠎ᠠ ᠨᠢ 13.434 ᠲᠦᠮᠡᠨ ᠲᠥᠭᠦᠷᠢᠭ / ᠾᠧᠺᠲ᠋ᠠᠷ᠂ 0.0118 ᠾᠧᠺᠲ᠋ᠠᠷ ᠤᠨ ᠬᠥᠳᠡᠭᠡ ᠲᠣᠰᠬᠤᠨ ᠤ ᠵᠠᠮ ᠤᠨ ᠨᠥᠬᠦᠪᠥᠷᠢ ᠶᠢᠨ ᠪᠠᠷᠢᠮᠵᠢᠶ᠎ᠠ ᠨᠢ 13.434 ᠲᠦᠮᠡᠨ ᠲᠥᠭᠦᠷᠢᠭ / ᠾᠧᠺᠲ᠋ᠠᠷ ᠪᠣᠯᠤᠨ᠎ᠠ᠃ ᠭᠠᠵᠠᠷ ᠲᠠᠲᠠᠪᠤᠷᠢᠯᠠᠬᠤ ᠬᠡᠪᠴᠢᠶᠡᠨ ᠳᠣᠲᠣᠷ᠎ᠠ ᠬᠥᠬᠡ ᠴᠢᠬᠢ᠂ ᠭᠠᠵᠠᠷ ᠳᠡᠭᠡᠷᠡᠬᠢ ᠳᠠᠭᠠᠯᠲᠠ ᠵᠦᠢᠯ ᠪᠠᠶᠢᠬᠤ ‍ᠦᠭᠡᠢ᠃ ᠬᠥᠬᠡ ᠴᠢᠬᠢ᠂ ᠭᠠᠵᠠᠷ ᠳᠡᠭᠡᠷᠡᠬᠢ ᠳᠠᠭᠠᠯᠲᠠ ᠪᠣᠳᠠᠰ ᠲᠤ ᠬᠤᠯᠪᠣᠭᠳᠠᠬᠤ ‍ᠦᠭᠡᠢ᠃    ᠲᠠᠪᠤ᠂ ᠲᠥᠪᠬᠢᠨᠡᠭᠦᠯᠬᠦ ᠠᠷᠭ᠎ᠠ ᠮᠠᠶ᠋ᠢᠭ    ᠬᠠᠮᠲᠤ ᠶᠢᠨ ᠭᠠᠵᠠᠷ ᠰᠢᠷᠣᠢ ᠶᠢ ᠡᠷᠦᠬᠡ ᠳᠤ ᠳᠠᠭᠠᠭᠠᠴᠢᠯᠠᠭᠤᠯᠤᠭᠰᠠᠨ ᠦᠭᠡᠢ ᠪᠣᠯ ᠲᠠᠷᠢᠶᠠᠯᠠᠩ ᠤᠨ ᠬᠥᠮᠦᠨ ᠠᠮᠠ ᠶᠢ ᠲᠥᠪᠬᠢᠨᠡᠭᠦᠯᠬᠦ ᠴᠢᠬᠤᠯᠠ ᠦᠭᠡᠢ᠃    ᠵᠢᠷᠭᠤᠭ᠎ᠠ᠂ ᠨᠡᠶᠢᠭᠡᠮ ᠤᠨ ᠪᠠᠲᠤᠯᠠᠭ᠎ᠠ    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠣᠳᠠᠲᠠᠢ ᠪᠠᠶᠢᠳᠠᠯ ᠢ ᠦᠨᠳᠦᠰᠦᠯᠡᠨ᠂ ᠭᠠᠵᠠᠷ ᠰᠢᠷᠣᠢ ᠪᠠᠨ ᠲᠠᠲᠠᠪᠤᠷᠢᠯᠠᠭᠳᠠᠭᠰᠠᠨ ᠬᠠᠮᠲᠤ ᠨᠡᠶᠢᠲᠡ ᠪᠠ ᠮᠠᠯᠴᠢᠨ ᠲᠠᠷᠢᠶᠠᠴᠢᠨ ᠤ ᠱᠠᠭᠠᠷᠳᠠᠯᠭ᠎ᠠ ᠶᠣᠰᠣᠭᠠᠷ᠂ ᠭᠠᠵᠠᠷ ᠲᠠᠲᠠᠪᠤᠷᠢᠯᠠᠭᠳᠠᠭᠰᠠᠨ ᠨᠥᠬᠦᠪᠥᠷᠢ ᠶᠢ ᠭᠠᠵᠠᠷ ᠰᠢᠷᠣᠢ ᠪᠠᠨ ᠲᠠᠲᠠᠪᠤᠷᠢᠯᠠᠭᠳᠠᠭᠰᠠᠨ ᠬᠠᠮᠲᠤ ᠨᠡᠶᠢᠲᠡ ᠪᠠ ᠮᠠᠯᠴᠢᠨ ᠲᠠᠷᠢᠶᠠᠴᠢᠨ ᠳᠤ ᠰᠢᠭᠤᠳ ᠥᠭᠴᠦ᠂ ᠨᠡᠶᠢᠭᠡᠮ ᠤᠨ ᠪᠠᠲᠤᠯᠠᠭ᠎ᠠ ᠲᠥᠪᠬᠢᠨᠡᠭᠦᠯᠬᠦ ᠳᠤ ᠬᠤᠯᠪᠣᠭᠳᠠᠬᠤ ᠦᠭᠡᠢ ᠲᠠᠷᠢᠶᠠᠯᠠᠩ ᠤᠨ ᠬᠥᠮᠦᠨ ᠠᠮᠠ ᠳᠤ ᠬᠤᠯᠪᠣᠭᠳᠠᠬᠤ ᠦᠭᠡᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠠᠮᠢᠶ᠎ᠠ ᠪᠦᠬᠦᠢ ᠵᠠᠯᠭᠠᠮᠵᠢ ᠠᠵᠢᠯ ᠢ ᠰᠠᠶᠢᠲᠤᠷ ᠬᠢᠬᠦ ᠪᠠᠷ ᠠᠮᠠᠯᠳᠠᠪᠠ᠃    ᠳᠣᠯᠤᠭ᠎ᠠ᠂ ᠪᠤᠰᠤᠳ ᠵᠦᠢᠯ    ︵ᠨᠢᠭᠡ︶ ᠬᠡᠯᠡᠯᠴᠡᠭᠡᠷ ᠲᠣᠭᠲᠠᠬᠤ ᠦᠶ᠎ᠡ ᠳᠤ ᠭᠡᠷ ᠪᠠᠶᠢᠰᠢᠩ ᠢᠶᠠᠨ ᠲᠠᠲᠠᠪᠤᠷᠢᠯᠠᠭᠤᠯᠤᠭᠴᠢ ᠨᠢ ︽ᠭᠠᠵᠠᠷ ᠰᠢᠷᠣᠢ ᠬᠡᠷᠡᠭᠯᠡᠬᠦ ᠦᠨᠡᠮᠯᠡᠯ︾ ᠢᠶᠠᠨ ᠠᠪᠴᠤ ᠵᠢᠭᠠᠨ ᠲᠣᠭᠲᠠᠭᠠᠭᠰᠠᠨ ᠭᠠᠵᠠᠷ ᠲᠤ ᠬᠦᠷᠴᠦ ᠭᠠᠵᠠᠷ ᠰᠢᠷᠣᠢ ᠲᠠᠲᠠᠪᠤᠷᠢᠯᠠᠬᠤ ᠠᠵᠢᠯᠲᠠᠨ ᠯᠤᠭ᠎ᠠ ︽ᠭᠠᠵᠠᠷ ᠰᠢᠷᠣᠢ ᠲᠠᠲᠠᠪᠤᠷᠢᠯᠠᠭᠰᠠᠨ ᠳᠤ ᠨᠥᠬᠦᠪᠥᠷᠢ ᠥᠭᠬᠦ ᠵᠥᠪᠳᠡᠯᠴᠡᠬᠡᠷ︾ ᠲᠣᠭᠲᠠᠬᠤ ᠬᠡᠷᠡᠭᠲᠡᠢ᠃ ᠨᠥᠬᠦᠪᠥᠷᠢ ᠥᠭᠬᠦ ᠬᠡᠯᠡᠯᠴᠡᠭᠡᠷ ᠢ ᠲᠣᠭᠲᠠᠭᠠᠭᠰᠠᠨ ᠤ ᠳᠠᠷᠠᠭ᠎ᠠ᠂ ᠨᠢᠭᠡ ᠲᠠᠯ᠎ᠠ ᠶᠢᠨ ᠲᠤᠬᠠᠢ ᠶᠢᠨ ᠬᠥᠮᠦᠨ ᠨᠢ ᠨᠥᠬᠦᠪᠥᠷᠢ ᠥᠭᠬᠦ ᠬᠡᠯᠡᠯᠴᠡᠭᠡᠷ ᠲᠤ ᠪᠣᠯᠵᠣᠨ ᠲᠣᠭᠲᠠᠭᠰᠠᠨ ᠡᠭᠦᠷᠭᠡ ᠪᠠᠨ ᠭᠦᠢᠴᠡᠳᠬᠡᠬᠦ ‍ᠦᠭᠡᠢ ᠪᠣᠯ ᠨᠥᠭᠦᠭᠡ ᠲᠠᠯ᠎ᠠ ᠶᠢᠨ ᠲᠤᠬᠠᠢ ᠶᠢᠨ ᠬᠥᠮᠦᠨ ᠬᠠᠤᠯᠢ ᠶᠣᠰᠣᠭᠠᠷ ᠵᠠᠷᠭᠤ ᠬᠢᠵᠦ ᠪᠣᠯᠤᠨ᠎ᠠ᠃    ︵ᠬᠤᠶᠠᠷ︶ ᠭᠠᠵᠠᠷ ᠰᠢᠷᠣᠢ ᠲᠠᠲᠠᠪᠤᠷᠢᠯᠠᠬᠤ ᠰᠠᠯᠠᠭ᠎ᠠ ᠮᠥᠴᠢᠷ ᠨᠢ ᠲᠠᠲᠠᠪᠤᠷᠢᠯᠠᠭᠳᠠᠭᠰᠠᠨ ᠬᠥᠮᠦᠨ ᠯᠦᠭᠡ ᠲᠠᠲᠠᠪᠤᠷᠢᠯᠠᠬᠤ ᠨᠥᠬᠦᠪᠥᠷᠢ ᠥᠭᠬᠦ ᠲᠥᠰᠦᠯ ᠳᠤ ᠲᠣᠭᠲᠠᠭᠠᠭᠰᠠᠨ ᠭᠡᠷ᠎ᠡ ᠲᠣᠭᠲᠠᠭᠰᠠᠨ ᠬᠤᠭᠤᠴᠠᠭᠠᠨ ᠳᠤ ᠨᠥᠬᠦᠪᠥᠷᠢ ᠥᠭᠬᠦ ᠬᠡᠯᠡᠯᠴᠡᠭᠡᠷ ᠲᠣᠭᠲᠠᠵᠤ ᠴᠢᠳᠠᠬᠤ ᠦᠭᠡᠢ᠂ ᠡᠰᠡᠬᠦᠯ᠎ᠡ ᠲᠠᠲᠠᠪᠤᠷᠢᠯᠠᠭᠳᠠᠭᠰᠠᠨ ᠭᠠᠵᠠᠷ ᠰᠢᠷᠣᠢ ᠶᠢᠨ ᠥᠮᠴᠢᠯᠡᠭᠴᠢ ᠨᠢ ᠲᠣᠳᠣᠷᠬᠠᠢ ᠦᠭᠡᠢ ᠪᠠᠶᠢᠪᠠᠯ᠂ ᠭᠠᠵᠠᠷ ᠰᠢᠷᠣᠢ ᠲᠠᠲᠠᠪᠤᠷᠢᠯᠠᠬᠤ ᠰᠠᠯᠠᠭ᠎ᠠ ᠮᠥᠴᠢᠷ ᠠᠴᠠ ᠭᠠᠵᠠᠷ ᠰᠢᠷᠣᠢ ᠲᠠᠲᠠᠪᠤᠷᠢᠯᠠᠬᠤ ᠲᠣᠭᠲᠠᠭᠠᠯ ᠭᠠᠷᠭᠠᠭᠤᠯᠬᠤ ᠪᠠᠷ ᠮᠡᠳᠡᠭᠦᠯᠪᠡᠯ᠂ ᠬᠤᠰᠢᠭᠤᠨ ᠠᠷᠠᠳ ᠤᠨ ᠵᠠᠰᠠᠭ ᠤᠨ ᠣᠷᠳᠣᠨ ᠲᠤᠰ ᠠᠷᠭ᠎ᠠ ᠶᠢᠨ ᠲᠣᠭᠲᠠᠭᠠᠯ ᠶᠣᠰᠣᠭᠠᠷ᠂ ᠲᠠᠲᠠᠪᠤᠷᠢᠯᠠᠭᠰᠠᠨ ᠨᠥᠬᠦᠪᠥᠷᠢ ᠥᠭᠬᠦ ᠲᠥᠰᠦᠯ ᠤᠨ ᠶᠣᠰᠣᠭᠠᠷ ᠨᠥᠬᠦᠪᠥᠷᠢ ᠥᠭᠬᠦ ᠲᠣᠭᠲᠠᠭᠠᠯ ᠭᠠᠷᠭᠠᠬᠤ ᠶᠢᠨ ᠬᠠᠮᠲᠤ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷ᠎ᠠ ᠵᠠᠷᠯᠠᠨ ᠨᠡᠶᠢᠲᠡᠯᠡᠨ᠎ᠡ᠃ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠬᠥᠮᠦᠨ ᠨᠢ ᠨᠥᠬᠦᠪᠥᠷᠢ ᠥᠭᠬᠦ ᠲᠣᠭᠲᠠᠭᠠᠯ ᠢ ᠵᠥᠪᠰᠢᠶᠡᠷᠡᠬᠦ ᠦᠭᠡᠢ ᠪᠣᠯ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠵᠤ ᠪᠣᠯᠤᠨ᠎ᠠ᠂ ᠪᠠᠰᠠ ᠬᠠᠤᠯᠢ ᠶᠣᠰᠣᠭᠠᠷ ᠵᠠᠰᠠᠭ ᠵᠠᠬᠢᠷᠭᠠᠨ ᠤ ᠵᠠᠷᠭᠤ ᠬᠢᠭᠰᠡᠨ ᠴᠦ ᠪᠣᠯᠤᠨ᠎ᠠ᠃    ︵ᠭᠤᠷᠪᠠ︶ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠬᠥᠮᠦᠨ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠳᠣᠲᠣᠷ᠎ᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠦᠭᠡᠢ ᠪᠤᠶᠤ ᠵᠠᠰᠠᠭ ᠵᠠᠬᠢᠷᠭᠠᠨ ᠤ ᠵᠠᠷᠭᠤ ᠬᠢᠬᠦ ᠦᠭᠡᠢ ᠪᠣᠯ ᠨᠥᠬᠦᠪᠥᠷᠢ ᠥᠭᠬᠦ ᠲᠣᠭᠲᠠᠭᠠᠯ ᠳᠤ ᠲᠣᠭᠲᠠᠭᠠᠭᠰᠠᠨ ᠬᠤᠭᠤᠴᠠᠭᠠᠨ ᠳᠣᠲᠣᠷ᠎ᠠ ᠪᠠᠷᠢᠯᠭ᠎ᠠ ᠪᠠᠷᠢᠬᠤ ᠶᠢ ᠨᠢ ᠬᠠᠷᠰᠢᠯᠠᠵᠤ ᠪᠠᠶᠢᠪᠠᠯ᠂ ᠬᠠᠤᠯᠢ ᠶᠣᠰᠣᠭᠠᠷ ᠠᠷᠠᠳ ᠤᠨ ᠰᠢᠭᠦᠬᠦ ᠬᠤᠷᠢᠶᠠᠨ ᠳᠤ ᠠᠯᠪᠠᠳᠠᠨ ᠭᠦᠢᠴᠡᠳᠬᠡᠯᠭᠡᠬᠦ ᠪᠠᠷ ᠭᠤᠶᠤᠴᠢᠯᠠᠬᠤ ᠬᠡᠷᠡᠭᠲᠡᠢ᠃    ︵ᠳᠥᠷᠪᠡ︶ ᠲᠤᠰ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠲᠠᠲᠠᠪᠤᠷᠢᠯᠠᠭᠳᠠᠭᠰᠠᠨ ᠭᠠᠵᠠᠷ ᠰᠢᠷᠣᠢ ᠳᠤ ᠲᠦᠷᠢᠶᠡᠰᠦᠯᠡᠬᠦ ᠬᠠᠷᠢᠴᠠᠭ᠎ᠠ ᠣᠷᠣᠰᠢᠵᠤ ᠪᠠᠶᠢᠪᠠᠯ᠂ ᠲᠦᠷᠢᠶᠡᠰᠦᠯᠡᠭᠦᠯᠬᠦ ᠬᠤᠶᠠᠷ ᠲᠠᠯ᠎ᠠ ᠪᠠᠷ ᠢᠶᠠᠨ ᠲᠦᠷᠢᠶᠡᠰᠦᠯᠡᠬᠦ ᠬᠠᠷᠢᠴᠠᠭ᠎ᠠ ᠪᠠᠨ ᠥᠪᠡᠰᠦᠪᠡᠨ ᠬᠦᠴᠦᠨ ᠦᠭᠡᠢ ᠪᠣᠯᠭᠠᠨ᠎ᠠ︔ ᠪᠠᠷᠢᠴᠠᠭ᠎ᠠ ᠪᠠᠶᠢᠪᠠᠯ᠂ ᠥᠮᠴᠢᠯᠡᠯ ᠤᠨ ᠡᠷᠬᠡᠲᠦ ᠬᠥᠮᠦᠨ ᠥᠪᠡᠷ ᠢᠶᠠᠨ ᠪᠠᠷᠢᠴᠠᠭ᠎ᠠ ᠶᠢ ᠬᠦᠴᠦᠨ ᠦᠭᠡᠢ ᠪᠣᠯᠭᠠᠨ᠎ᠠ︔ ᠵᠢᠭᠤᠷᠠᠯᠳᠤᠭᠠᠨ ᠣᠷᠣᠰᠢᠵᠤ ᠪᠠᠶᠢᠪᠠᠯ᠂ ᠲᠤᠬᠠᠢ ᠶᠢᠨ ᠬᠥᠮᠦᠨ ᠬᠤᠶᠠᠷ ᠲᠠᠯ᠎ᠠ ᠪᠠᠷ ᠢᠶᠠᠨ ᠥᠪᠡᠰᠦᠪᠡᠨ ᠰᠢᠢᠳᠪᠦᠷᠢᠯᠡᠨ᠎ᠡ᠃    ︵ᠲᠠᠪᠤ︶ ᠲᠠᠲᠠᠪᠤᠷᠢᠯᠠᠬᠤ ᠠᠵᠢᠯ ᠳᠤ ︽ᠳᠥᠷᠪᠡ ᠶᠢ ᠢᠯᠡ ᠪᠠᠶᠢᠯᠭᠠᠬᠤ᠂ ᠳᠥᠷᠪᠡ ᠶᠢ ᠬᠢᠨᠠᠯᠲᠠ ᠲᠠᠯᠪᠢᠬᠤ︾ ᠶᠢ ᠬᠡᠷᠡᠭᠵᠢᠭᠦᠯᠬᠦ ᠬᠡᠷᠡᠭᠲᠡᠢ᠃ ︽ᠳᠥᠷᠪᠡ ᠶᠢ ᠢᠯᠡ ᠪᠣᠯᠭᠠᠬᠤ︾᠂ ᠲᠤᠬᠠᠶᠢᠯᠠᠪᠠᠯ ᠨᠥᠬᠦᠪᠥᠷᠢ ᠥᠭᠴᠦ ᠲᠥᠪᠬᠢᠨᠡᠭᠦᠯᠬᠦ ᠲᠥᠰᠦᠯ᠂ ᠭᠠᠵᠠᠷ ᠰᠢᠷᠣᠢ ᠶᠢᠨ ᠬᠡᠮᠵᠢᠯᠲᠡ ᠶᠢᠨ ᠲᠠᠯᠠᠪᠠᠢ᠂ ᠦᠨᠡᠯᠡᠨ ᠵᠢᠱᠢᠭᠰᠡᠨ ᠦᠷ᠎ᠡ ᠳ᠋ᠦᠩ᠂ ᠨᠥᠬᠦᠪᠥᠷᠢ ᠥᠭᠴᠦ ᠲᠥᠪᠬᠢᠨᠡᠭᠦᠯᠬᠦ ᠦᠷ᠎ᠡ ᠳ᠋ᠦᠩ ᠢ ᠠᠯᠪᠠᠨ ᠵᠠᠷ ᠤᠨ ᠪᠤᠯᠤᠩ ᠳᠤ ᠵᠠᠷᠯᠠᠨ ᠨᠡᠶᠢᠲᠡᠯᠡᠨ᠎ᠡ︔ ︽ᠳᠥᠷᠪᠡᠨ ᠬᠢᠨᠠᠯᠲᠠ︾ ᠭᠡᠳᠡᠭ ᠨᠢ ᠳᠠᠷᠤᠢ ᠲᠠᠲᠠᠪᠤᠷᠢᠯᠠᠭᠳᠠᠭᠰᠠᠨ ᠬᠥᠮᠦᠰ ᠬᠢᠨᠠᠯᠲᠠ ᠲᠠᠯᠪᠢᠬᠤ᠂ ᠬᠢᠨᠠᠨ ᠪᠣᠳᠣᠬᠤ ᠬᠢᠨᠠᠯᠲᠠ ᠲᠠᠯᠪᠢᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ ᠲᠠᠯᠪᠢᠬᠤ ᠶᠠᠪᠤᠳᠠᠯ ᠪᠣᠯᠤᠨ᠎ᠠ᠃    ︵ᠵᠢᠷᠭᠤᠭ᠎ᠠ︶ ᠲᠤᠰ ᠲᠥᠰᠦᠯ ᠢ ᠭᠠᠵᠠᠷ ᠰᠢᠷᠣᠢ ᠲᠠᠲᠠᠪᠤᠷᠢᠯᠠᠬᠤ ᠰᠠᠯᠠᠭ᠎ᠠ ᠮᠥᠴᠢᠷ ᠬᠠᠷᠢᠭᠤᠴᠠᠨ ᠲᠠᠶᠢᠯᠪᠤᠷᠢᠯᠠᠨ᠎ᠠ᠃ ᠲᠤᠰ ᠲᠥᠰᠦᠯ ᠨᠢ ᠵᠥᠪᠬᠡᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠥᠪᠥᠷ ᠮᠣᠩᠭᠤᠯ ᠤᠨ ᠴᠤᠸᠠᠩ ᠶᠤᠸᠠᠨ ᠬᠤᠷᠴᠢᠨ ᠪᠠᠷᠠᠭᠤᠨ ᠭᠠᠷᠤᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ 140 MW ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠳᠤ ᠬᠢᠵᠠᠭᠠᠷᠯᠠᠭᠳᠠᠵᠤ᠂ ᠪᠤᠰᠤᠳ ᠭᠠᠵᠠᠷ ᠰᠢᠷᠣᠢ ᠲᠠᠲᠠᠪᠤᠷᠢᠯᠠᠬᠤ ᠲᠥᠷᠥᠯ ᠵᠦᠢᠯ ᠤᠨ ᠨᠥᠬᠦᠪᠥᠷᠢ ᠶᠢᠨ ᠪᠠᠷᠢᠮᠵᠢᠶ᠎ᠠ ᠶᠢ ᠬᠡᠷᠡᠭᠵᠢᠭᠦᠯᠬᠦ ᠦᠨᠳᠦᠰᠦᠯᠡᠯ ᠪᠣᠯᠭᠠᠵᠤ ᠪᠣᠯᠬᠤ ᠦᠭᠡᠢ᠃        
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号