ᠬᠤᠷᠴᠢᠨ ᠪᠠᠷᠠᠭᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ ﹇2020﹈ 14 ᠳ᠋ᠦ᠋ᠭᠡᠷ ᠲᠣᠭᠠᠲᠤ | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ | ᠪᠦᠬᠦᠢ ᠰᠠᠯᠠᠭ᠎ᠠ ᠮᠥᠴᠢᠷ ᠲᠤ᠄ | ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2024 ᠣᠨ ᠳᠤ ᠮᠠᠯᠴᠢᠨ ᠲᠠᠷᠢᠶᠠᠴᠢᠨ ᠤ | ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠢ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | 2024 ᠣᠨ ᠤ 3 ᠰᠠᠷ᠎ᠠ ᠶᠢᠨ 28 ᠤ ᠡᠳᠦᠷ | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠳᠤ ᠮᠠᠯᠴᠢᠨ ᠲᠠᠷᠢᠶᠠᠴᠢᠨ ᠤ ᠣᠷᠣᠯᠭ᠎ᠠ ᠶᠢ | ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠬᠡᠷᠡᠭᠵᠢᠭᠦᠯᠬᠦ ᠲᠥᠰᠦᠯ | | ᠥᠷᠭᠡᠨ ᠣᠯᠠᠨ ᠮᠠᠯᠴᠢᠨ ᠲᠠᠷᠢᠶᠠᠴᠢᠨ ᠲᠦᠮᠡᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠰᠠᠭᠤᠷᠢ ᠶᠢ | ᠲᠠᠰᠤᠷᠠᠯᠲᠠ ᠥᠬᠡᠶ ᠪᠠᠬᠢᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ | ᠦᠷᠭᠦᠯᠵᠢᠯᠡᠨ ᠥᠷᠭᠡᠳᠬᠡᠵᠦ᠂ ᠮᠠᠯᠴᠢᠨ ᠲᠠᠷᠢᠶᠠᠴᠢᠨ ᠤ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ | ᠳᠡᠭᠡᠭᠰᠢᠯᠡᠭᠦᠯᠦᠨ᠂ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠲᠤᠬᠠᠢ ᠶᠢᠨ | ᠭᠠᠵᠠᠷ ᠤᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠠᠶᠢᠯᠭᠠᠬᠤ ᠶᠢ ᠦᠨᠡᠨ ᠬᠦ | ᠪᠠᠲᠤᠯᠠᠬᠤ ᠶᠢᠨ ᠲᠥᠯᠥᠭᠡ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠠᠷᠢᠶᠠᠴᠢᠳ ᠤᠨ ᠣᠷᠣᠯᠭ᠎ᠠ ᠶᠢᠨ | ᠨᠡᠮᠡᠭᠳᠡᠯ ᠤᠨ ᠬᠤᠷᠳᠤᠴᠠ ᠶᠢ ᠪᠦᠬᠦ ᠤᠯᠤᠰ᠂ ᠪᠦᠬᠦ ᠣᠷᠣᠨ ᠤ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠨ | ᠬᠤᠷᠳᠤᠴᠠ ᠠᠴᠠ ᠥᠨᠳᠥᠷ ᠪᠣᠯᠭᠠᠬᠤ ᠬᠠᠷᠠᠯᠲᠠ ᠶᠢ ᠪᠡᠶᠡᠯᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠤᠯᠠᠮ ᠠᠴᠠ | ᠤᠯᠠᠮ ᠬᠦᠴᠦᠨ ᠲᠠᠢ ᠪᠣᠯᠭᠠᠵᠤ᠂ ᠠᠮᠢᠳᠤᠷᠠᠯ ᠢᠶᠠᠨ ᠡᠳᠦᠷ ᠠᠴᠠ ᠡᠳᠦᠷ ᠥᠭᠡᠳᠡᠯᠡᠭᠦᠯᠬᠦ ᠬᠡᠷᠡᠭᠲᠡᠢ᠃ ᠲᠥᠪ ᠤᠨ | ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢ᠊ ᠡᠶ᠎ᠡ ᠵᠠᠰᠠᠭ ᠤᠨ ᠣᠷᠳᠣᠨ ᠤ ᠮᠠᠯᠴᠢᠨ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠬᠦ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠤ | ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠠᠷᠭ᠎ᠠ ᠬᠡᠮᠵᠢᠶ᠎ᠡ ᠶᠢᠨ ᠪᠣᠳᠠᠲᠠᠢ ᠦᠷ᠎ᠡ ᠪᠦᠲᠦᠮᠵᠢ ᠶᠢ | ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠵᠦ᠂ ᠲᠤᠰ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ | ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠡᠷᠦᠩᠬᠡᠢ | ᠴᠢᠭᠯᠡᠯᠲᠡ ᠶᠢ ᠪᠠᠷᠢᠮᠲᠠᠯᠠᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠣᠯᠤᠨ ᠬᠢᠨᠠᠨ ᠬᠡᠮᠵᠢᠬᠦ ᠡᠲᠡᠭᠡᠳ ᠢᠶᠠᠷ | ᠭᠤᠣᠯᠳᠠᠯᠭ᠎ᠠ ᠪᠣᠯᠭᠠᠵᠤ᠂ ︽ᠬᠤᠶᠠᠷ ᠢ ᠥᠨᠳᠥᠷ ᠪᠠᠶᠢᠯᠭᠠᠬᠤ︾ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ | ᠣᠷᠣᠯᠭ᠎ᠠ ᠶᠢᠨ ᠨᠡᠮᠡᠭᠳᠡᠯ ᠤᠨ ᠳᠠᠯᠳᠠ ᠬᠦᠴᠦᠨ ᠢ ᠬᠦᠴᠦᠯᠡᠨ ᠠᠭᠤᠳᠠᠯᠵᠤ᠂ ᠣᠷᠣᠯᠭ᠎ᠠ ᠶᠢᠨ ᠨᠡᠮᠡᠭᠳᠡᠯ ᠤᠨ | ᠬᠠᠨᠳᠤᠰᠢ ᠶᠢ ᠲᠣᠭᠲᠠᠪᠤᠷᠢᠵᠢᠭᠤᠯᠵᠤ᠂ ᠮᠠᠯᠴᠢᠨ ᠲᠠᠷᠢᠶᠠᠴᠢᠨ ᠤ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠬᠦ ᠶᠢ | ᠦᠨᠡᠨ ᠬᠦ ᠪᠠᠲᠤᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠮᠠᠯᠴᠢᠨ ᠲᠠᠷᠢᠶᠠᠴᠢᠨ ᠤ | ᠣᠷᠣᠯᠭ᠎ᠠ ᠶᠢᠨ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠬᠦ ᠶᠢ ᠠᠬᠢᠭᠤᠯᠵᠤ᠂ ᠬᠥᠳᠡᠭᠡ ᠲᠣᠰᠬᠤᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠤᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠬᠦᠷᠢᠶ᠎ᠡ ᠬᠠᠰᠢᠶᠠᠨ ᠤ ᠠᠵᠤ ᠠᠬᠤᠢ ᠶᠢ ᠣᠨᠴᠠᠯᠢᠬᠵᠢᠭᠤᠯᠬᠤ ᠵᠢᠱᠢᠶ᠎ᠡ ᠦᠵᠡᠭᠦᠯᠬᠦ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ | ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠵᠤ ᠲᠥᠷᠥᠯ ᠬᠤᠪᠢᠶᠠᠨ ᠵᠢᠯᠣᠭᠤᠳᠬᠤ ᠶᠢ ᠪᠠᠷᠢᠮᠲᠠᠯᠠᠵᠤ᠃ | ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠬᠦ ᠰᠠᠭᠤᠷᠢ ᠪᠠ ᠨᠥᠬᠦᠴᠡᠯ ᠢ ᠰᠢᠨᠵᠢᠯᠡᠬᠦ ᠤᠬᠠᠭᠠᠨᠴᠢ ᠪᠠᠷ | ᠡᠵᠡᠮᠳᠡᠵᠦ᠂ ᠲᠣᠬᠢᠷᠠᠮᠵᠢᠲᠠᠢ ᠭᠠᠵᠠᠷ ᠣᠷᠣᠨ ᠳᠤ ᠴᠢᠨᠠᠷ ᠰᠠᠶᠢᠲᠠᠢ ᠬᠦᠷᠢᠶ᠎ᠡ ᠬᠠᠰᠢᠶᠠᠨ ᠤ ᠠᠵᠤ ᠠᠬᠤᠢ ᠶᠢ | ᠬᠦᠴᠦᠯᠡᠨ ᠠᠬᠢᠭᠤᠯᠤᠨ᠎ᠠ᠃ ᠪᠣᠳᠠᠲᠠᠢ ᠠᠴᠠ ᠡᠭᠦᠰᠴᠦ᠂ ᠨᠤᠲᠤᠭ ᠤᠨ ᠣᠨᠴᠠᠯᠢᠭ ᠢ ᠳᠣᠪᠤᠶᠢᠯᠭᠠᠨ᠂ | ᠣᠨᠴᠠᠯᠢᠬᠵᠢᠭᠰᠠᠨ᠂ ᠵᠥᠷᠢᠶᠡᠴᠢᠯᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠲᠠᠷᠢᠬᠤ ᠳᠤ ᠳᠣᠭᠢᠷᠠᠪᠠᠯ ᠲᠠᠷᠢᠵᠤ᠂ | ᠲᠡᠵᠢᠭᠡᠬᠦ ᠳᠤ ᠳᠣᠭᠢᠷᠠᠪᠠᠯ ᠲᠡᠵᠢᠭᠡᠵᠦ᠂ ᠡᠳ᠋ᠰᠢᠭᠦᠯᠬᠦ ᠳᠤ ᠳᠣᠭᠢᠷᠠᠪᠠᠯ ᠨᠡᠮᠡᠵᠦ᠂ ᠬᠤᠳᠠᠯᠳᠤᠭ᠎ᠠ ᠡᠷᠬᠢᠯᠡᠬᠦ ᠳᠤ | ᠳᠣᠭᠢᠷᠠᠪᠠᠯ ᠬᠤᠳᠠᠯᠳᠤᠭ᠎ᠠ ᠡᠷᠬᠢᠯᠡᠵᠦ᠂ ᠣᠯᠠᠨ ᠲᠥᠷᠥᠯ ᠤᠨ ᠬᠦᠷᠢᠶᠡᠨ ᠤ ᠠᠵᠤ ᠠᠬᠤᠢ ᠶᠢ ᠰᠦᠪᠡᠭᠴᠢᠯᠡᠨ | ᠬᠥᠭᠵᠢᠭᠦᠯᠦᠨ᠎ᠡ᠃ ᠡᠬᠢ ᠪᠠᠶᠠᠯᠢᠭ ᠤᠨ ᠨᠥᠬᠦᠴᠡᠯ ᠪᠠ ᠵᠠᠬ᠎ᠠ ᠳᠡᠯᠭᠡᠭᠦᠷ ᠤᠨ ᠬᠡᠷᠡᠭᠴᠡᠭᠡ ᠳᠤ ᠰᠠᠭᠤᠷᠢᠯᠠᠨ᠂ ᠠᠵᠤ | ᠦᠢᠯᠡᠰ ᠤᠨ ᠬᠥᠭᠵᠢᠯᠲᠡ ᠶᠢᠨ ᠵᠢᠮ᠎ᠡ ᠶᠣᠰᠣ ᠶᠢ ᠳᠠᠭᠠᠵᠤ᠂ ᠡᠵᠡᠩᠨᠡᠯᠲᠡ ᠶᠢᠨ ᠠᠷᠭ᠎ᠠ ᠮᠠᠶ᠋ᠢᠭ ᠤᠨ ᠰᠢᠨ᠎ᠡ ᠶᠢ | ᠡᠭᠦᠳᠴᠦ᠂ ᠬᠦᠷᠢᠶ᠎ᠡ ᠬᠠᠰᠢᠶᠠᠨ ᠤ ᠠᠵᠤ ᠠᠬᠤᠢ ᠶᠢᠨ ᠡᠵᠡᠩᠨᠡᠯᠲᠡ ᠶᠢᠨ ᠡᠷᠦᠬᠡ ᠬᠢᠭᠡᠳ ᠬᠥᠲᠥᠴᠢ ᠠᠵᠤ | ᠠᠬᠤᠶᠢᠯᠠᠯ᠂ ᠲᠠᠷᠢᠶᠠᠴᠢᠳ ᠤᠨ ᠲᠤᠰᠬᠠᠢ ᠠᠵᠢᠯ ᠤᠨ ᠬᠤᠷᠰᠢ᠊ ᠡᠶ᠎ᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ | ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠠᠵᠢᠯ ᠬᠤᠪᠢᠶᠠᠷᠢᠯᠠᠨ ᠬᠠᠮᠵᠢᠯᠴᠠᠬᠤ ᠪᠠ ᠠᠰᠢᠭ | ᠲᠤᠰᠠ ᠶᠢᠨ ᠬᠤᠯᠪᠣᠭᠠᠯᠠᠯ ᠢ ᠴᠢᠩᠭᠠᠷᠠᠭᠤᠯᠤᠨ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠴᠢᠩᠭᠠᠷᠠᠭᠤᠯᠵᠤ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠵᠠᠬ᠎ᠠ ᠳᠡᠯᠭᠡᠭᠦᠷ ᠤᠨ | ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ ᠰᠢᠨᠵᠢᠯᠡᠬᠦ ᠤᠬᠠᠭᠠᠨᠴᠢ ᠪᠠᠷ ᠨᠤᠲᠠᠯᠠᠬᠤ ᠶᠢ | ᠴᠢᠩᠭᠠᠳᠬᠠᠵᠤ᠂ ᠨᠡᠶᠢᠲᠡᠯᠢᠭ ᠵᠢᠱᠢᠶ᠎ᠡ ᠪᠠᠷ ᠵᠠᠮᠴᠢᠯᠠᠬᠤ ᠶᠢ ᠴᠢᠬᠤᠯᠠᠴᠢᠯᠠᠵᠤ᠂ ᠬᠥᠭᠵᠢᠯᠲᠡ ᠶᠢᠨ ᠵᠠᠭᠪᠤᠷ ᠪᠣᠯᠤᠨ | ᠬᠠᠷᠠᠯᠲᠠ ᠶᠢ ᠵᠦᠢ ᠵᠣᠬᠢᠰᠲᠠᠢ ᠲᠣᠭᠲᠠᠭᠠᠨ᠎ᠠ᠃ 2024 ᠣᠨ ᠳᠤ᠂ ᠪᠦᠬᠦ ᠬᠤᠰᠢᠭᠤᠨ ᠤ ᠬᠦᠷᠢᠶ᠎ᠡ ᠬᠠᠰᠢᠶᠠᠨ ᠤ | ᠠᠵᠤ ᠠᠬᠤᠢ ᠶᠢᠨ ᠲᠥᠷᠥᠯ ᠵᠦᠢᠯ ᠨᠢ 1 ᠲᠦᠮᠡᠨ ᠡᠷᠦᠬᠡ ᠠᠴᠠ ᠳᠡᠭᠡᠭᠰᠢ ᠮᠠᠯᠴᠢᠨ ᠲᠠᠷᠢᠶᠠᠴᠢᠨ ᠢ ᠬᠠᠮᠤᠷᠴᠤ᠂ | ᠬᠦᠷᠢᠶ᠎ᠡ ᠬᠠᠰᠢᠶᠠᠨ ᠤ ᠠᠵᠤ ᠠᠬᠤᠢ ᠶᠢᠨ ᠵᠢᠱᠢᠶ᠎ᠡ ᠦᠵᠡᠭᠦᠯᠬᠦ ᠲᠣᠰᠬᠤᠨ ᠢ 17 ᠠᠴᠠ ᠳᠡᠭᠡᠭᠰᠢ ᠪᠠᠶᠢᠭᠤᠯᠤᠨ᠎ᠠ᠃ | ᠳᠡᠮᠵᠢᠬᠦ ᠴᠢᠭᠯᠡᠯ᠄ ᠬᠦᠷᠢᠶ᠎ᠡ ᠬᠠᠰᠢᠶ᠎ᠠ ᠶᠢᠨ ᠣᠨᠴᠠᠯᠢᠭᠲᠤ ᠲᠠᠷᠢᠮᠠᠯ ᠤᠨ ᠵᠥᠷᠢᠶᠡᠴᠢᠯᠡᠭᠰᠡᠨ᠂ ᠬᠠᠷᠢᠯᠴᠠᠨ | ᠨᠥᠬᠦᠪᠥᠷᠢᠯᠡᠬᠦ ᠴᠢᠨᠠᠷᠲᠠᠢ ᠬᠥᠭᠵᠢᠭᠦᠯᠦᠭᠰᠡᠨ ᠣᠨᠴᠠᠯᠢᠭᠲᠤ ᠠᠵᠤ ᠠᠬᠤᠢ ᠶᠢᠨ ᠲᠠᠷᠢᠮᠠᠯ ᠤᠨ ᠲᠥᠷᠥᠯ ᠵᠦᠢᠯ ᠢ | ᠭᠤᠣᠯᠳᠠᠯᠭ᠎ᠠ ᠲᠠᠢ ᠳᠡᠮᠵᠢᠨ᠎ᠡ︔ ᠬᠦᠷᠢᠶ᠎ᠡ ᠬᠠᠰᠢᠶ᠎ᠠ ᠶᠢᠨ ᠣᠨᠴᠠᠯᠢᠭᠲᠤ ᠲᠡᠵᠢᠭᠡᠨ ᠦᠷᠡᠵᠢᠭᠦᠯᠬᠦ ᠲᠠᠯ᠎ᠠ ᠪᠠᠷ | ᠮᠠᠯᠵᠢᠬᠤ ᠲᠠᠷᠢᠶᠠᠯᠠᠬᠤ ᠡᠷᠦᠬᠡ ᠶᠢᠨ ᠬᠦᠷᠢᠶ᠎ᠡ ᠬᠠᠰᠢᠶ᠎ᠠ ᠶᠢᠨ ᠳᠣᠲᠣᠷᠠᠬᠢ ᠬᠥᠮᠦᠨ ᠮᠠᠯ ᠢ ᠰᠠᠯᠭᠠᠬᠤ ᠲᠥᠷᠥᠯ ᠵᠦᠢᠯ᠂ | ᠮᠠᠯ ᠤᠨ ᠡᠭᠦᠯᠳᠡᠷ ᠢ ᠰᠠᠶᠢᠵᠢᠷᠠᠭᠤᠯᠬᠤ ᠵᠡᠷᠭᠡ ᠶᠢ ᠭᠤᠣᠯᠳᠠᠯᠭ᠎ᠠ ᠲᠠᠢ ᠳᠡᠮᠵᠢᠨ᠎ᠡ︔ ᠬᠦᠷᠢᠶ᠎ᠡ ᠬᠠᠰᠢᠶ᠎ᠠ ᠶᠢᠨ | ᠣᠨᠴᠠᠯᠢᠭᠲᠤ ᠭᠠᠷ ᠤᠷᠠᠯᠠᠯ ᠤᠨ ᠲᠠᠯ᠎ᠠ ᠪᠠᠷ ᠬᠥᠳᠡᠭᠡ ᠲᠣᠰᠬᠤᠨ ᠤ ᠣᠨᠴᠠᠯᠢᠭᠲᠤ ᠡᠬᠢ ᠪᠠᠶᠠᠯᠢᠭ᠂ | ᠪᠦᠲᠦᠭᠡᠭᠳᠡᠬᠦᠨ ᠤ ᠢᠯᠡ ᠲᠣᠳᠣ ᠣᠨᠴᠠᠯᠢᠭ ᠲᠠᠢ ᠪᠥᠭᠡᠳ ᠵᠠᠬ᠎ᠠ ᠳᠡᠯᠭᠡᠭᠦᠷ ᠤᠨ ᠠᠩᠬ᠎ᠠ ᠠᠯᠬᠤᠮ ᠬᠡᠪᠴᠢᠶᠡᠵᠢᠭᠰᠡᠨ | ᠣᠨᠴᠠᠯᠢᠭᠲᠤ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠬᠦ ᠲᠥᠷᠥᠯ ᠵᠦᠢᠯ ᠢ ᠭᠤᠣᠯᠳᠠᠯᠭ᠎ᠠ ᠲᠠᠢ ᠳᠡᠮᠵᠢᠨ᠎ᠡ︔ | ᠣᠨᠴᠠᠯᠢᠭᠲᠤ ᠰᠡᠯᠡᠭᠦᠴᠡᠯ ᠵᠢᠭᠤᠯᠴᠢᠯᠠᠯ ᠤᠨ ᠲᠠᠯ᠎ᠠ ᠪᠠᠷ ᠰᠡᠯᠡᠭᠦᠴᠡᠯ ᠤᠨ ᠲᠠᠷᠢᠶᠠᠯᠠᠩ᠂ ᠠᠷᠠᠳ ᠤᠨ ᠣᠷᠣᠨ | ᠰᠠᠭᠤᠴᠠ ᠶᠢᠨ ᠵᠢᠭᠤᠯᠴᠢᠯᠠᠯ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠭᠤᠰᠤᠯᠴᠠᠨ ᠬᠥᠭᠵᠢᠬᠦ᠂ ᠴᠢᠳᠠᠮᠵᠢ | ᠣᠯᠠᠨ ᠶᠠᠩᠵᠤ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠳᠡᠮᠵᠢᠨ᠎ᠡ᠃ | ᠵᠣᠬᠢᠶᠠᠨ ᠪᠠᠶᠢᠭᠤᠯᠤᠨ ᠬᠡᠷᠡᠭᠵᠢᠭᠦᠯᠬᠦ ᠨᠢ᠄ ︽ᠡᠷᠦᠬᠡ ᠭᠤᠶᠤᠴᠢᠯᠠᠬᠤ᠂ ᠭᠠᠴᠠᠭ᠎ᠠ ᠭᠤᠶᠤᠴᠢᠯᠠᠨ ᠮᠡᠳᠡᠭᠦᠯᠬᠦ᠂ | ᠰᠤᠮᠤ ᠪᠠᠯᠭᠠᠰᠤ ᠶᠢ ᠬᠢᠨᠠᠨ ᠬᠠᠷᠭᠤᠭᠤᠯᠬᠤ᠂ ᠬᠤᠰᠢᠭᠤᠨ ᠤ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠤᠨ ᠶᠣᠰᠣᠭᠠᠷ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠥᠷᠥᠯ ᠵᠦᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ ᠠᠴᠠ ᠬᠢᠨᠠᠨ ᠵᠢᠯᠣᠭᠤᠳᠬᠤ ᠶᠢ ᠬᠠᠷᠢᠭᠤᠴᠠᠵᠤ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠨᠢ ᠬᠡᠷᠡᠭᠵᠢᠭᠦᠯᠬᠦ ᠭᠤᠣᠯ ᠴᠣᠭᠴᠠ ᠶᠢᠨ ᠬᠤᠪᠢ ᠪᠠᠷ ᠡᠯ᠎ᠡ ᠭᠠᠴᠠᠭᠠᠨ ᠤ ᠬᠦᠷᠢᠶ᠎ᠡ ᠬᠠᠰᠢᠶᠠᠨ ᠤ ᠠᠵᠤ | ᠠᠬᠤᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠬᠢᠨᠠᠨ ᠵᠢᠯᠣᠭᠤᠳᠤᠨ᠎ᠠ᠃ ᠡᠷᠦᠬᠡ ᠭᠤᠶᠤᠴᠢᠯᠠᠬᠤ᠄ | ᠮᠠᠯᠵᠢᠬᠤ ᠲᠠᠷᠢᠶᠠᠯᠠᠬᠤ ᠡᠷᠦᠬᠡ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠬᠦ ᠱᠠᠩᠨᠠᠯ | ᠨᠥᠬᠦᠪᠥᠷᠢ ᠶᠢᠨ ᠭᠠᠷᠴᠠᠭ ᠢ ᠦᠨᠳᠦᠰᠦᠯᠡᠨ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠡᠷᠡᠭᠵᠢᠭᠦᠯᠬᠦ ᠲᠥᠷᠥᠯ | ᠵᠦᠢᠯ ᠢ ᠰᠣᠩᠭᠤᠨ᠎ᠠ᠃ ᠭᠠᠴᠠᠭ᠎ᠠ᠄ ᠭᠠᠴᠠᠭ᠎ᠠ ᠮᠠᠯᠵᠢᠬᠤ ᠲᠠᠷᠢᠶᠠᠯᠠᠬᠤ ᠡᠷᠦᠬᠡ ᠶᠢᠨ ᠭᠤᠶᠤᠴᠢᠯᠠᠭᠰᠠᠨ ᠪᠠᠶᠢᠳᠠᠯ ᠢ | ᠦᠨᠳᠦᠰᠦᠯᠡᠨ ᠭᠠᠴᠠᠭ᠎ᠠ ᠲᠣᠰᠬᠤᠨ ᠤ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠥᠷᠥᠯ ᠵᠦᠢᠯ ᠤᠨ | ᠬᠥᠭᠵᠢᠯᠲᠡ ᠶᠢᠨ ᠲᠥᠷᠥᠯ ᠵᠦᠢᠯ ᠤᠨ ᠲᠥᠯᠥᠪᠯᠡᠭᠡ ᠶᠢᠨ ᠬᠦᠰᠦᠨᠦᠭᠲᠦ ᠶᠢ ᠪᠦᠷᠢᠯᠳᠦᠭᠦᠯᠵᠦ᠂ ᠬᠠᠮᠢᠶ᠎ᠠ ᠪᠦᠬᠦᠢ | ᠢᠯᠡ ᠨᠡᠶᠢᠲᠡᠯᠡᠬᠦ ᠳᠡᠰ ᠳᠠᠷᠠᠭᠠᠯᠠᠯ ᠢ ᠭᠦᠢᠴᠡᠳᠬᠡᠭᠰᠡᠨ ᠤ ᠳᠠᠷᠠᠭ᠎ᠠ᠂ ᠰᠤᠮᠤ ᠪᠠᠯᠭᠠᠰᠤᠨ ᠳᠤ ᠨᠢᠭᠡᠳᠦᠯᠲᠡᠢ | ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠤᠨ᠎ᠠ᠃ ᠰᠤᠮᠤ ᠪᠠᠯᠭᠠᠰᠤ᠄ ᠰᠤᠮᠤ ᠪᠠᠯᠭᠠᠰᠤ ᠨᠢ ᠡᠯ᠎ᠡ ᠭᠠᠴᠠᠭᠠᠨ ᠤ | ᠳᠡᠭᠡᠭᠰᠢ ᠮᠡᠳᠡᠭᠦᠯᠦᠭᠰᠡᠨ ᠮᠡᠳᠡᠭᠡ ᠵᠠᠩᠭᠢ ᠲᠠᠢ ᠤᠶᠠᠯᠳᠤᠭᠤᠯᠤᠨ᠂ ᠪᠦᠬᠦ ᠰᠤᠮᠤ ᠪᠠᠯᠭᠠᠰᠤᠨ ᠤ ᠬᠦᠷᠢᠶ᠎ᠡ ᠬᠠᠰᠢᠶᠠᠨ ᠤ | ᠠᠵᠤ ᠠᠬᠤᠢ ᠶᠢᠨ ᠣᠨᠴᠠᠯᠢᠭ ᠲᠠᠢ ᠵᠢᠱᠢᠶ᠎ᠡ ᠦᠵᠡᠭᠦᠯᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠬᠡᠷᠡᠭᠵᠢᠭᠦᠯᠬᠦ ᠲᠥᠰᠦᠯ ᠢ ᠬᠤᠷᠢᠶᠠᠩᠭᠤᠶᠢᠯᠠᠨ ᠪᠦᠷᠢᠯᠳᠦᠭᠦᠯᠵᠦ᠂ ᠰᠤᠮᠤ ᠪᠠᠯᠭᠠᠰᠤᠨ ᠤ ᠨᠠᠮ ᠤᠨ ᠬᠤᠷᠢᠶᠠᠨ ᠤ | ᠬᠤᠷᠠᠯ ᠢᠶᠠᠷ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠬᠤᠰᠢᠭᠤᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ | ᠬᠡᠷᠡᠭᠲᠡᠢ᠃ ᠬᠤᠰᠢᠭᠤᠨ ᠤ ᠬᠢᠨᠠᠨ ᠵᠥᠪᠰᠢᠶᠡᠷᠡᠯ᠄ ᠬᠤᠰᠢᠭᠤᠨ ᠤ ᠵᠠᠰᠠᠭ ᠤᠨ ᠣᠷᠳᠣᠨ ᠰᠤᠮᠤ ᠪᠠᠯᠭᠠᠰᠤᠨ ᠤ | ᠳᠡᠭᠡᠭᠰᠢ ᠮᠡᠳᠡᠭᠦᠯᠦᠭᠰᠡᠨ ᠬᠡᠷᠡᠭᠵᠢᠭᠦᠯᠬᠦ ᠲᠥᠰᠦᠯ ᠢ ᠣᠯᠤᠭᠰᠠᠨ ᠤ ᠳᠠᠷᠠᠭ᠎ᠠ᠂ ᠴᠠᠭ ᠲᠤᠬᠠᠢ ᠳᠤᠨᠢ ᠬᠤᠷᠠᠯ | ᠬᠤᠷᠠᠯᠳᠤᠭᠤᠯᠵᠤ ᠡᠯ᠎ᠡ ᠰᠤᠮᠤ ᠪᠠᠯᠭᠠᠰᠤᠨ ᠤ ᠬᠦᠷᠢᠶᠡᠨ ᠤ ᠠᠵᠤ ᠠᠬᠤᠢ ᠶᠢᠨ ᠣᠨᠴᠠᠯᠢᠭ ᠲᠠᠢ ᠵᠢᠱᠢᠶ᠎ᠡ ᠦᠵᠡᠭᠦᠯᠬᠦ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠨ ᠤ ᠬᠡᠷᠡᠭᠵᠢᠭᠦᠯᠬᠦ ᠲᠥᠰᠦᠯ ᠢ ᠬᠢᠨᠠᠨ ᠵᠥᠪᠰᠢᠶᠡᠷᠡᠪᠡ᠃ | ᠲᠥᠷᠥᠯ ᠵᠦᠢᠯ ᠢ ᠬᠢᠨᠠᠨ ᠵᠥᠪᠰᠢᠶᠡᠷᠡᠵᠦ ᠪᠠᠲᠤᠯᠠᠭᠰᠠᠨ ᠤ ᠳᠠᠷᠠᠭ᠎ᠠ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ | ᠪᠠᠶᠢᠳᠠᠯ ᠢ ᠦᠨᠳᠦᠰᠦᠯᠡᠨ ᠲᠥᠷᠥᠯ ᠵᠦᠢᠯ ᠤᠨ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ ᠰᠤᠮᠤ ᠪᠠᠯᠭᠠᠰᠤᠨ ᠳᠤ | ᠤᠷᠢᠳᠴᠢᠯᠠᠨ ᠰᠠᠯᠭᠠᠨ ᠥᠭᠭᠦᠨ᠎ᠡ᠃ ᠪᠡᠯᠡ ᠮᠥᠩᠭᠦ ᠶᠢᠨ ᠢᠷᠡᠯᠲᠡ ᠳᠤ ᠡᠯ᠎ᠡ ᠱᠠᠲᠤᠨ ᠤ ᠵᠣᠯᠭᠠᠭᠤᠯᠬᠤ ᠪᠡᠯᠡ | ᠮᠥᠩᠭᠦ ᠵᠢᠴᠢ ᠪᠡᠭᠡᠵᠢᠩ ᠥᠪᠥᠷ ᠮᠣᠩᠭᠤᠯ ᠤᠨ ᠵᠡᠭᠦᠨ ᠪᠠᠷᠠᠭᠤᠨ ᠣᠷᠣᠨ ᠤ ᠬᠠᠮᠵᠢᠯᠴᠠᠬᠤ ᠪᠡᠯᠡ ᠮᠥᠩᠭᠦ ᠪᠠᠭᠲᠠᠨ᠎ᠠ | ᠃ ᠲᠥᠷᠥᠯ ᠵᠦᠢᠯ ᠤᠨ ᠲᠣᠬᠢᠷᠠᠭᠤᠯᠤᠯᠲᠠ᠄ ᠲᠥᠷᠥᠯ ᠵᠦᠢᠯ ᠢ ᠪᠦᠬᠦ ᠬᠤᠰᠢᠭᠤᠨ ᠤ 12 ᠰᠤᠮᠤ ᠪᠠᠯᠭᠠᠰᠤ ᠶᠢᠨ | 173 ᠭᠠᠴᠠᠭ᠎ᠠ ᠶᠢ ᠬᠠᠮᠤᠷᠪᠠ᠃ 2024 ᠣᠨ ᠤ 4 ᠰᠠᠷ᠎ᠠ ᠠᠴᠠ ᠡᠮᠦᠨ᠎ᠡ ᠡᠯ᠎ᠡ ᠰᠤᠮᠤ ᠪᠠᠯᠭᠠᠰᠤ ᠲᠥᠷᠥᠯ | ᠵᠦᠢᠯ ᠢ ᠭᠤᠶᠤᠴᠢᠯᠠᠨ ᠮᠡᠳᠡᠭᠦᠯᠬᠦ ᠵᠢᠴᠢ ᠬᠢᠨᠠᠨ ᠵᠥᠪᠰᠢᠶᠡᠷᠡᠬᠦ ᠶᠢ ᠪᠡᠶᠡᠯᠡᠭᠦᠯᠵᠦ᠂ 5 ᠰᠠᠷ᠎ᠠ ᠠᠴᠠ 8 ᠰᠠᠷ᠎ᠠ | ᠪᠣᠯᠲᠠᠯ᠎ᠠ ᠲᠥᠷᠥᠯ ᠵᠦᠢᠯ ᠢ ᠬᠡᠷᠡᠭᠵᠢᠭᠦᠯᠬᠦ ᠱᠠᠲᠤ ᠦᠶ᠎ᠡ ᠪᠣᠯᠤᠨ᠎ᠠ᠂ 9 ᠰᠠᠷ᠎ᠠ ᠶᠢᠨ ᠰᠡᠭᠦᠯᠴᠢ ᠠᠴᠠ ᠡᠮᠦᠨ᠎ᠡ | ᠰᠢᠯᠭᠠᠨ ᠬᠤᠷᠢᠶᠠᠵᠤ ᠰᠢᠯᠵᠢᠭᠦᠯᠦᠨ ᠲᠤᠰᠢᠶᠠᠬᠤ ᠶᠢ ᠪᠡᠶᠡᠯᠡᠭᠦᠯᠬᠦ ᠶᠢᠨ ᠬᠠᠮᠲᠤ ᠬᠦᠷᠢᠶ᠎ᠡ ᠬᠠᠰᠢᠶᠠᠨ ᠤ ᠠᠵᠤ | ᠠᠬᠤᠢ ᠶᠢᠨ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ ᠲᠠᠷᠬᠠᠭᠠᠬᠤ ᠠᠵᠢᠯ ᠢ ᠪᠡᠶᠡᠯᠡᠭᠦᠯᠦᠨ᠎ᠡ᠃ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ᠄ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠥᠷᠥᠯ ᠵᠦᠢᠯ ᠤᠨ ᠱᠠᠩᠨᠠᠵᠤ | ᠨᠥᠬᠦᠪᠥᠷᠢᠯᠡᠬᠦ ᠪᠠᠷᠢᠮᠵᠢᠶ᠎ᠠ ᠶᠣᠰᠣᠭᠠᠷ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠢᠳᠡᠪᠬᠢᠲᠡᠢ ᠬᠡᠷᠡᠭᠵᠢᠭᠦᠯᠦᠭᠰᠡᠨ ᠮᠠᠯᠵᠢᠬᠤ ᠲᠠᠷᠢᠶᠠᠯᠠᠬᠤ ᠡᠷᠦᠬᠡ ᠳᠤ ︽ᠤᠷᠢᠳᠠᠪᠠᠷ ᠪᠠᠶᠢᠭᠤᠯᠵᠤ | ᠳᠠᠷᠠᠭ᠎ᠠ ᠨᠢ ᠨᠥᠬᠦᠪᠥᠷᠢ ᠥᠭᠬᠦ︾ ᠠᠷᠭ᠎ᠠ ᠮᠠᠶ᠋ᠢᠭ ᠶᠣᠰᠣᠭᠠᠷ ᠵᠥᠷᠢᠶᠡᠴᠢᠯᠡᠭᠰᠡᠨ ᠨᠥᠬᠦᠪᠥᠷᠢ ᠣᠯᠭᠤᠵᠤ᠂ ᠲᠥᠷᠥᠯ | ᠵᠦᠢᠯ ᠤᠨ ᠱᠠᠩᠨᠠᠯ ᠨᠥᠬᠦᠪᠥᠷᠢ ᠳᠤ ᠨᠥᠬᠦᠪᠥᠷᠢ ᠥᠭᠬᠦ ᠪᠠᠷᠢᠮᠵᠢᠶ᠎ᠠ ᠶᠢ ᠲᠣᠬᠢᠷᠠᠭᠤᠯᠤᠨ᠂ ᠮᠠᠯᠴᠢᠨ ᠲᠠᠷᠢᠶᠠᠴᠢᠨ | ᠡᠷᠦᠬᠡ ᠶᠢᠨ ᠪᠡᠶ᠎ᠡ ᠪᠠᠨ ᠳᠠᠭᠠᠭᠠᠵᠤ ᠰᠣᠩᠭᠤᠭᠰᠠᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠠᠭᠤᠯᠭ᠎ᠠ ᠵᠢᠴᠢ ᠬᠡᠪᠴᠢᠶ᠎ᠡ ᠶᠢ ᠦᠨᠳᠦᠰᠦᠯᠡᠨ᠂ ︽ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ 2024 ᠣᠨ ᠤ ᠴᠢᠨᠠᠷ ᠰᠠᠶᠢᠲᠠᠢ ᠬᠥᠭᠵᠢᠯᠲᠡ ᠶᠢᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ | ᠱᠠᠩᠨᠠᠯ ᠨᠥᠬᠦᠪᠥᠷᠢ ᠶᠢᠨ ᠭᠠᠷᠴᠠᠭ︾ ᠤᠨ ᠲᠣᠭᠲᠠᠭᠠᠯ ᠢᠶᠠᠷ ᠯᠠᠪᠯᠠᠯᠲᠠ ᠪᠣᠯᠭᠠᠨ ᠱᠠᠩᠨᠠᠵᠤ ᠨᠥᠬᠦᠪᠥᠷᠢᠯᠡᠬᠦ | ᠵᠣᠭᠤᠰ ᠤᠨ ᠲᠤᠭ᠎ᠠ ︵ᠱᠠᠩᠨᠠᠵᠤ ᠨᠥᠬᠦᠪᠥᠷᠢᠯᠡᠬᠦ ᠭᠠᠷᠴᠠᠭ ᠠᠴᠠ ᠭᠠᠳᠠᠨᠠᠬᠢ ᠪᠠᠶᠢᠪᠠᠯ ᠪᠣᠳᠠᠲᠠᠢ ᠪᠠᠶᠢᠳᠠᠯ ᠢ | ᠦᠨᠳᠦᠰᠦᠯᠡᠨ ᠨᠥᠬᠦᠪᠥᠷᠢ ᠥᠭᠴᠦ ᠪᠣᠯᠤᠨ᠎ᠠ︔ ᠲᠠᠷᠢᠶᠠᠴᠢᠨ ᠡᠷᠦᠬᠡ ᠶᠢᠨ ᠭᠡᠷ ᠪᠦᠷᠢ ᠳᠤ 4500 ᠲᠥᠭᠦᠷᠢᠭ ᠤᠨ | ᠨᠥᠬᠦᠪᠥᠷᠢ ᠥᠭᠭᠦᠨ᠎ᠡ︔ ᠲᠠᠷᠢᠶᠠᠴᠢᠨ ᠡᠷᠦᠬᠡ ᠶᠢᠨ ᠵᠢᠭᠤᠯᠴᠢᠯᠠᠯ᠂ ᠠᠷᠠᠳ ᠤᠨ ᠣᠷᠣᠨ ᠰᠠᠭᠤᠴᠠ ᠶᠢᠨ ᠲᠥᠷᠥᠯ | ᠵᠦᠢᠯ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠲᠥᠷᠥᠯ ᠵᠦᠢᠯ ᠢ ᠬᠢᠨᠠᠨ ᠬᠡᠮᠵᠢᠨ᠎ᠡ᠃ ᠡᠯ᠎ᠡ ᠰᠤᠮᠤ | ᠪᠠᠯᠭᠠᠰᠤ ᠨᠢ ᠴᠢᠨᠠᠷ ᠰᠠᠶᠢᠲᠠᠢ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠬᠦ ᠶᠢ ᠥᠷᠭᠡᠨ ᠣᠯᠠᠨ ᠮᠠᠯᠴᠢᠨ | ᠲᠠᠷᠢᠶᠠᠴᠢᠨ ᠲᠦᠮᠡᠨ ᠤ ᠣᠷᠣᠯᠭ᠎ᠠ ᠶᠢᠨ ᠢᠷᠡᠯᠲᠡ ᠶᠢ ᠦᠷᠭᠦᠯᠵᠢᠯᠡᠨ ᠨᠡᠮᠡᠭᠳᠡᠭᠦᠯᠬᠦ ᠴᠢᠬᠤᠯᠠ ᠭᠠᠷᠳᠠᠴᠠ ᠪᠣᠯᠭᠠᠵᠤ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠬᠤ ᠪᠠᠷ ᠳᠠᠮᠵᠢᠭᠤᠯᠤᠨ᠂ ᠬᠦᠷᠢᠶ᠎ᠡ ᠬᠠᠰᠢᠶᠠᠨ ᠤ ᠠᠵᠤ | ᠠᠬᠤᠢ ᠶᠢᠨ ᠬᠤᠭᠤᠰᠣᠨ ᠡᠷᠦᠬᠡ ᠪᠠ ᠰᠤᠯᠠ ᠪᠠᠶᠢᠭ᠎ᠠ ᠡᠷᠦᠬᠡ ᠶᠢ ᠬᠦᠴᠦᠯᠡᠨ ᠠᠷᠢᠯᠭᠠᠵᠤ᠂ ᠨᠥᠬᠦᠴᠡᠯ ᠲᠠᠢ | ᠭᠠᠴᠠᠭ᠎ᠠ ᠨᠢ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠤᠷᠢᠳᠠᠪᠠᠷ ᠳᠡᠮᠵᠢᠵᠦ᠂ ︽ᠨᠢᠭᠡ ᠰᠢᠶᠠᠩ ᠨᠢᠭᠡ ᠦᠢᠯᠡᠰ᠂ ᠨᠢᠭᠡ ᠲᠣᠰᠬᠤᠨ ᠨᠢᠭᠡ ᠦᠢᠯᠡᠳᠬᠦᠨ︾ ᠤ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠣᠢ ᠪᠣᠯᠭᠠᠬᠤ ᠬᠡᠷᠡᠭᠲᠡᠢ᠃ | ︵ᠬᠤᠶᠠᠷ︶ ᠠᠭᠯᠠᠭ ᠠᠭᠤᠯᠠ ᠡᠵᠡᠭᠦᠢ ᠪᠠᠯ ᠤᠨ ᠣᠷᠣᠨ ᠪᠦᠰᠡᠵᠢᠭᠰᠡᠨ ᠠᠮᠢ ᠠᠬᠤᠢ ᠶᠢᠨ | ᠵᠠᠰᠠᠯᠲᠠ ᠶᠢ ᠠᠬᠢᠭᠤᠯᠬᠤ ᠬᠡᠷᠡᠭᠲᠡᠢ | ︽ᠰᠠᠯᠬᠢ ᠭᠡᠷᠡᠯ ᠢ ᠬᠠᠷᠢᠯᠴᠠᠨ ᠨᠥᠬᠦᠪᠥᠷᠢᠯᠡᠵᠦ ᠴᠠᠬᠢᠯᠭᠠᠨ ᠭᠠᠷᠭᠠᠬᠤ᠂ ᠬᠠᠳᠠᠭᠠᠯᠠᠬᠤ ᠶᠢ ᠳᠡᠭᠡᠭᠰᠢᠯᠡᠭᠦᠯᠦᠨ | ᠤᠰᠤ ᠬᠠᠩᠭᠠᠬᠤ᠂ ᠣᠢ ᠰᠢᠭᠤᠢ ᠡᠮ ᠡᠪᠡᠰᠦ ᠶᠢ ᠨᠡᠶᠢᠯᠡᠭᠦᠯᠦᠨ ᠲᠠᠷᠢᠬᠤ︾ ᠤᠰᠤ ᠠᠷᠪᠢᠯᠠᠬᠤ ᠣᠢ ᠰᠢᠭᠤᠢ | ᠡᠪᠡᠰᠦ ᠪᠡᠯᠴᠢᠭᠡᠷ ᠤᠨ ᠬᠥᠭᠵᠢᠯᠲᠡ ᠶᠢᠨ ᠵᠠᠭᠪᠤᠷ ᠶᠣᠰᠣᠭᠠᠷ ᠠᠵᠤ ᠠᠬᠤᠢ ᠶᠢᠨ ᠣᠢ ᠶᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠬᠠᠮᠲᠤ᠂ ᠤᠰᠤ ᠠᠷᠪᠢᠯᠠᠬᠤ ᠤᠰᠤᠯᠠᠯᠲᠠ ᠶᠢᠨ | ᠢᠨᠵᠧᠨᠧᠷᠢᠩ ᠳᠤ ᠲᠦᠰᠢᠭᠯᠡᠨ ᠤᠰᠤ ᠪᠠᠷ ᠭᠤᠣᠯ ᠪᠣᠯᠭᠠᠭᠰᠠᠨ᠂ ᠰᠠᠪᠠ ᠭᠠᠵᠠᠷ ᠢᠶᠠᠷ ᠨᠢᠭᠡᠴᠢ ᠪᠣᠯᠭᠠᠭᠰᠠᠨ ᠠᠭᠤᠯᠠ | ᠤᠰᠤ ᠣᠢ ᠰᠢᠭᠤᠢ ᠲᠠᠷᠢᠶᠠᠨ ᠭᠠᠵᠠᠷ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ | ᠦᠵᠡᠭᠦᠯᠬᠦ ᠣᠷᠣᠨ ᠢ ᠶᠡᠷᠦᠩᠬᠡᠶᠢᠯᠡᠨ ᠵᠠᠰᠠᠬᠤ ᠶᠢ ᠰᠦᠪᠡᠭᠴᠢᠯᠡᠵᠦ᠂ ︽ᠠᠵᠢᠯ ᠣᠯᠭᠤᠯᠲᠠ ᠪᠠᠷ ᠲᠡᠳᠬᠦᠮᠵᠢ ᠶᠢ | ᠣᠷᠣᠯᠠᠭᠤᠯᠬᠤ ᠡᠷᠬᠡ ᠶᠢ ᠡᠷᠦᠬᠡ ᠳᠤ ᠬᠦᠷᠦᠭᠦᠯᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠤ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠬᠥᠭᠵᠢᠭᠡᠬᠦ ᠶᠢ ᠵᠣᠷᠢᠭᠵᠢᠭᠤᠯᠵᠤ᠂ | ︽ᠬᠥᠬᠡᠮᠳᠦᠭ ᠨᠣᠭᠤᠭᠠᠨ ᠠᠭᠤᠯᠠ ᠤᠰᠤ︾ ᠶᠢ ︽ᠠᠯᠲᠠ ᠮᠥᠩᠭᠦᠨ ᠠᠭᠤᠯᠠ︾ ᠪᠣᠯᠭᠠᠨ ᠬᠤᠪᠢᠷᠠᠭᠤᠯᠬᠤ | ᠠᠷᠭ᠎ᠠ ᠵᠠᠮ ᠢ ᠦᠷᠭᠦᠯᠵᠢᠯᠡᠨ ᠨᠡᠪᠲᠡᠷᠡᠭᠦᠯᠦᠨ᠎ᠡ᠃ 2024 ᠣᠨ ᠳᠤ᠂ ᠪᠦᠬᠦ ᠬᠤᠰᠢᠭᠤᠨ ᠤ ᠪᠦᠲᠦᠭᠡᠨ | ᠪᠠᠶᠢᠭᠤᠯᠤᠯᠲᠠ ᠶᠢᠨ ᠠᠵᠤ ᠠᠬᠤᠢ ᠶᠢᠨ ᠣᠢ ︵ᠡᠪᠡᠰᠦ︶ ᠶᠢ 5000 ᠮᠥ ᠠᠴᠠ ᠳᠣᠣᠷ᠎ᠠ ᠪᠠᠶᠢᠯᠭᠠᠵᠤ ᠪᠣᠯᠬᠤ | ᠦᠭᠡᠢ᠂ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠤᠨ ᠨᠥᠯᠥᠭᠡᠯᠡᠨ ᠳᠠᠶᠢᠴᠢᠯᠠᠬᠤ ᠲᠠᠷᠢᠶᠠᠨ ᠭᠠᠵᠠᠷ ᠢ 1 | ᠲᠦᠮᠡᠨ ᠮᠦ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠠᠵᠢᠯ ᠣᠯᠭᠤᠵᠤ ᠲᠡᠩᠬᠡᠷᠡᠭᠦᠯᠬᠦ ᠠᠷᠭ᠎ᠠ ᠮᠠᠶ᠋ᠢᠭ ᠢᠶᠠᠷ | ᠳᠠᠮᠵᠢᠭᠤᠯᠤᠨ ᠲᠠᠷᠢᠶᠠᠴᠢᠨ ᠡᠷᠦᠬᠡ ᠶᠢ 3200 ᠡᠷᠦᠬᠡ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ | ᠳᠡᠮᠵᠢᠬᠦ ᠴᠢᠭᠯᠡᠯ᠄ ᠤᠰᠤ ᠠᠷᠪᠢᠯᠠᠬᠤ ᠤᠰᠤᠯᠠᠯᠲᠠ ᠶᠢᠨ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠂ | ᠨᠥᠬᠦᠴᠡᠯ ᠲᠠᠢ ᠭᠠᠵᠠᠷ ᠣᠷᠣᠨ ᠨᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠰᠤ | ᠠᠷᠪᠢᠯᠠᠬᠤ ᠤᠰᠤᠯᠠᠯᠲᠠ ᠶᠢᠨ ᠪᠠᠷᠢᠯᠭ᠎ᠠ ᠪᠠᠶᠢᠭᠤᠯᠬᠤ ᠶᠢ ᠳᠡᠮᠵᠢᠨ᠎ᠡ᠃ ᠠᠵᠤ ᠠᠬᠤᠢ ᠶᠢᠨ ᠣᠢ ︵ᠡᠪᠡᠰᠦ︶ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠠᠯ᠎ᠠ ᠪᠠᠷ᠂ ᠣᠢ ᠰᠢᠭᠤᠢ ᠶᠢᠨ ᠡᠮ᠂ ᠣᠢ ᠰᠢᠭᠤᠢ ᠡᠪᠡᠰᠦ | ᠪᠡᠯᠴᠢᠭᠡᠷ ᠤᠨ ᠠᠯᠠᠭᠯᠠᠨ ᠲᠠᠷᠢᠬᠤ ᠵᠠᠭᠪᠤᠷ ᠢ ᠭᠤᠣᠯᠳᠠᠯᠭ᠎ᠠ ᠲᠠᠢ ᠳᠡᠮᠵᠢᠵᠦ᠂ ᠠᠵᠤ ᠠᠬᠤᠢ ᠶᠢᠨ ᠣᠢ ᠶᠢᠨ ᠲᠥᠷᠥᠯ | ᠵᠦᠢᠯ ᠢ ᠰᠣᠩᠭᠤᠬᠤ ᠲᠠᠯ᠎ᠠ ᠪᠠᠷ ᠬᠠᠶᠢᠯᠠᠷ ᠨᠠᠷᠠᠰᠤ ᠶᠢ ᠤᠯᠠᠭᠠᠨ ᠨᠠᠷᠠᠰᠤ ᠲᠠᠢ ᠵᠠᠯᠭᠠᠵᠤ᠂ ᠬᠡᠭᠡᠷ᠎ᠡ ᠶᠢᠨ ᠭᠦᠢᠯᠡᠰᠦ ᠶᠢ | ᠲᠣᠮᠣ ᠬᠠᠪᠲᠠᠭᠠᠢ ᠭᠦᠢᠯᠡᠰᠦ᠂ ᠰᠢᠳ ᠰᠢᠳ᠂ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠵᠡᠷᠭᠡ ᠬᠠᠲᠠᠭᠠᠮᠠᠯ ᠵᠢᠮᠢᠰ ᠤᠨ | ᠲᠥᠷᠥᠯ ᠤᠨ ᠠᠵᠤ ᠠᠬᠤᠢ ᠶᠢᠨ ᠣᠢ ᠲᠠᠢ ᠵᠠᠯᠭᠠᠬᠤ ᠶᠢ ᠳᠡᠮᠵᠢᠨ᠎ᠡ᠃ | ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠪᠣᠳᠠᠲᠠᠢ ᠬᠢᠵᠦ᠂ ᠡᠯ᠎ᠡ ᠰᠤᠮᠤ ᠪᠠᠯᠭᠠᠰᠤ ᠨᠢ | ᠬᠠᠷᠢᠶ᠎ᠠ ᠣᠷᠣᠨ ᠤ ᠪᠠᠨ ᠠᠵᠤ ᠠᠬᠤᠢ ᠶᠢᠨ ᠣᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠡᠷᠡᠭᠵᠢᠭᠦᠯᠬᠦ ᠭᠠᠵᠠᠷ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠥᠯᠥᠪᠯᠡᠭᠡ ᠶᠢ ᠬᠡᠷᠡᠭᠵᠢᠭᠦᠯᠬᠦ ᠲᠥᠷᠥᠯ | ᠵᠦᠢᠯ ᠤᠨ ᠮᠡᠳᠡᠭᠡ ᠵᠠᠩᠭᠢ ᠶᠢ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠬᠡᠷᠡᠭᠲᠡᠢ᠃ | ᠬᠤᠰᠢᠭᠤᠨ ᠤ ᠵᠠᠰᠠᠭ ᠤᠨ ᠣᠷᠳᠣᠨ ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ ᠤᠨ ᠠᠵᠢᠯᠲᠠᠨ ᠢ | ᠵᠣᠬᠢᠶᠠᠨ ᠪᠠᠶᠢᠭᠤᠯᠵᠤ ᠰᠤᠮᠤ ᠪᠠᠯᠭᠠᠰᠤᠨ ᠤ ᠲᠥᠯᠥᠪᠯᠡᠭᠡ ᠶᠢ ᠬᠡᠷᠡᠭᠵᠢᠭᠦᠯᠬᠦ ᠲᠥᠷᠥᠯ ᠵᠦᠢᠯ ᠤᠨ ᠭᠠᠵᠠᠷ ᠢ ᠨᠢᠭᠡᠳ | ᠨᠢᠭᠡ ᠪᠠᠷ ᠪᠠᠶᠢᠴᠠᠭᠠᠨ ᠨᠤᠲᠠᠯᠠᠵᠤ᠂ ᠪᠦᠲᠦᠭᠡᠨ ᠪᠠᠶᠢᠭᠤᠯᠬᠤ ᠨᠥᠬᠦᠴᠡᠯ ᠳᠤ ᠨᠡᠶᠢᠴᠡᠬᠦ ᠳᠤᠨᠢ ᠲᠤᠬᠠᠢ ᠶᠢᠨ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠡᠷᠡᠭᠵᠢᠭᠦᠯᠬᠦ ᠲᠥᠰᠦᠯ ᠲᠣᠭᠲᠠᠭᠠᠵᠤ᠂ ᠬᠠᠮᠢᠶ᠎ᠠ ᠪᠦᠬᠦᠢ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠵᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠪᠠ᠃ | ᠬᠥᠭᠵᠢᠭᠦᠯᠦᠯᠲᠡ ᠥᠭᠡᠷᠡᠴᠢᠯᠡᠯᠲᠡ᠂ ᠣᠢ ᠰᠢᠭᠤᠢ ᠡᠪᠡᠰᠦ ᠪᠡᠯᠴᠢᠭᠡᠷ᠂ ᠤᠰᠤᠨ ᠠᠰᠢᠭᠯᠠᠯᠲᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠰᠠᠯᠠᠭ᠎ᠠ ᠮᠥᠴᠢᠷ ᠤᠳ ᠡᠮᠬᠢᠯᠡᠨ ᠨᠡᠶᠢᠯᠡᠭᠦᠯᠬᠦ ᠲᠥᠷᠥᠯ ᠵᠦᠢᠯ ᠢ | ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ᠂ ᠠᠵᠢᠯ ᠤᠨ ᠨᠡᠶᠢᠯᠡᠮᠡᠯ ᠬᠦᠴᠦᠨ ᠢ ᠦᠨᠡᠨᠬᠦ ᠪᠦᠷᠢᠯᠳᠦᠭᠦᠯᠦᠨ᠎ᠡ᠃ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠄ ᠪᠡᠯᠡ ᠮᠥᠩᠭᠦ ᠶᠢ ᠵᠣᠯᠭᠠᠭᠤᠯᠬᠤ᠂ ᠪᠡᠭᠡᠵᠢᠩ ᠥᠪᠥᠷ | ᠮᠣᠩᠭᠤᠯ ᠤᠨ ᠪᠡᠯᠡ ᠮᠥᠩᠭᠦ ᠶᠢ ᠭᠡᠷᠡᠯ ᠤᠨ ᠡᠨᠧᠷᠭᠢ ᠪᠠᠷ ᠴᠠᠬᠢᠯᠭᠠᠨ ᠭᠠᠷᠭᠠᠬᠤ᠂ ᠤᠰᠤ ᠠᠷᠪᠢᠯᠠᠬᠤ | ᠤᠰᠤᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠤᠷᠢᠳᠠᠪᠠᠷ ᠳᠡᠮᠵᠢᠨ᠎ᠡ᠃ ᠣᠢ ᠰᠢᠭᠤᠢ ᠪᠠ | ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠪᠠ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠪᠡᠯᠡ | ᠮᠥᠩᠭᠦ ᠪᠠᠷ ᠣᠶᠢᠵᠢᠭᠤᠯᠬᠤ᠂ ᠬᠠᠮᠢᠶᠠᠷᠴᠤ ᠬᠠᠮᠠᠭᠠᠯᠠᠬᠤ ᠲᠥᠷᠥᠯ ᠵᠦᠢᠯ ᠢ ᠤᠷᠢᠳᠠᠪᠠᠷ ᠳᠡᠮᠵᠢᠨ᠎ᠡ᠃ ᠠᠵᠤ | ᠠᠬᠤᠢ ᠶᠢᠨ ᠣᠢ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠲᠡᠭᠰᠢᠯᠡᠬᠦ᠂ ᠨᠦᠬᠡ ᠮᠠᠯᠲᠠᠬᠤ᠂ ᠮᠣᠳᠣ ᠲᠠᠷᠢᠬᠤ᠂ | ᠬᠠᠮᠢᠶᠠᠷᠴᠤ ᠬᠠᠮᠠᠭᠠᠯᠠᠬᠤ ᠡᠯ᠎ᠡ ᠭᠤᠭᠴᠤᠭ᠎ᠠ ᠳᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ | ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠤ ᠣᠶᠢᠷ᠎ᠠ ᠬᠠᠪᠢ ᠳᠠᠭᠠᠨ ᠠᠵᠢᠯ ᠣᠯᠬᠤ ᠶᠢ ᠵᠣᠷᠢᠭᠵᠢᠭᠤᠯᠵᠤ᠂ | ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ︵ᠬᠢᠨᠠᠨ ᠬᠡᠮᠵᠢᠬᠦ ᠡᠲᠡᠭᠡᠳ︶ ᠶᠢᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠤᠷᠢᠳᠠᠪᠠᠷ ᠳᠡᠮᠵᠢᠨ᠎ᠡ᠃ | ︵ᠭᠤᠷᠪᠠ︶ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠠᠷᠢᠯᠢᠭ ᠣᠨᠣᠪᠴᠢᠲᠠᠢ ᠪᠠᠷ ᠪᠤᠶᠢᠵᠢᠭᠤᠯᠤᠨ | ᠳᠡᠭᠡᠭᠰᠢᠯᠡᠭᠦᠯᠬᠦ ᠶᠢ ᠠᠬᠢᠭᠤᠯᠤᠨ᠎ᠠ | ᠡᠯ᠎ᠡ ᠲᠥᠷᠥᠯ ᠤᠨ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ | ᠲᠠᠷᠢᠶᠠᠴᠢᠳ ᠯᠤᠭ᠎ᠠ ᠲᠣᠭᠲᠠᠭᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠪᠠᠶᠢᠭᠤᠯᠬᠤ ᠶᠢ ᠵᠣᠷᠢᠭᠵᠢᠭᠤᠯᠵᠤ | ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠦᠷ᠎ᠡ ᠠᠰᠢᠭ ᠢᠶᠠᠷ ᠨᠡᠯᠢᠶᠡᠳ ᠰᠠᠶᠢᠨ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠂ | ᠥᠷᠭᠡᠨ ᠣᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠠᠷᠢᠶᠠᠴᠢᠨ ᠡᠷᠦᠬᠡ ᠶᠢᠨ ᠬᠠᠮᠲᠤ ᠪᠠᠷ ᠬᠥᠭᠵᠢᠬᠦ | ᠢᠳᠡᠪᠬᠢᠵᠢᠯ ᠢ ᠭᠦᠢᠴᠡᠳ ᠳᠠᠶᠢᠴᠢᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠷ᠎ᠡ ᠠᠰᠢᠭ ᠢ | ᠨᠡᠮᠡᠭᠳᠡᠭᠦᠯᠬᠦ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ 2024 ᠣᠨ ᠳᠤ᠂ | ᠪᠦᠬᠦ ᠬᠤᠰᠢᠭᠤᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ 5 ᠠᠴᠠ ᠳᠡᠭᠡᠭᠰᠢ ᠳᠡᠮᠵᠢᠨ᠎ᠡ᠃ | ᠳᠡᠮᠵᠢᠬᠦ ᠴᠢᠭᠯᠡᠯ᠄ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ | ᠬᠤᠰᠢᠭᠤᠨ ᠤ ᠨᠠᠮ ᠤᠨ ᠬᠤᠷᠢ᠊ ᠡᠶ᠎ᠡ ᠶᠢᠨ ᠵᠣᠬᠢᠶᠠᠨ ᠪᠠᠶᠢᠭᠤᠯᠬᠤ ᠬᠡᠯᠲᠡᠰ ᠨᠢ ᠰᠠᠶᠢᠨ ᠰᠠᠶᠢᠬᠠᠨ ᠲᠠᠷᠢᠶᠠᠯᠠᠩ ᠲᠠᠢ | ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠴᠢᠳᠠᠪᠤᠷᠢ ᠲᠠᠢ ᠠᠵᠤ ᠠᠬᠤᠶᠢᠯᠠᠯ᠂ ᠬᠤᠷᠰᠢᠶ᠎ᠠ᠂ ᠰᠢᠶᠣᠤ ᠵᠢᠩ | ᠲᠥᠯᠥᠪᠯᠡᠭᠡ ᠲᠠᠢ ᠪᠠᠶᠠᠵᠢᠯ ᠤᠨ ᠳᠠᠭᠠᠭᠤᠯᠤᠭᠴᠢ ᠶᠢ ᠰᠣᠩᠭᠤᠨ ᠲᠣᠭᠲᠠᠭᠠᠵᠤ᠂ ᠬᠥᠲᠥᠴᠢ ᠠᠵᠤ ᠠᠬᠤᠶᠢᠯᠠᠯ᠂ | ᠲᠠᠷᠢᠶᠠᠴᠢᠨ ᠤ ᠲᠤᠰᠬᠠᠢ ᠬᠤᠷᠰᠢ᠊ ᠡᠶ᠎ᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠤᠰᠬᠠᠢ ᠲᠣᠮᠣ ᠡᠷᠦᠬᠡ | ᠵᠡᠷᠭᠡ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢ ᠬᠥᠲᠥᠯᠥᠨ ᠵᠢᠯᠣᠭᠤᠳᠴᠤ ᠪᠠᠶᠢᠭᠠᠳ ᠮᠠᠯᠴᠢᠨ | ᠲᠠᠷᠢᠶᠠᠴᠢᠨ ᠡᠷᠦᠬᠡ ᠲᠠᠢ ᠠᠵᠢᠯ ᠣᠯᠭᠤᠬᠤ᠂ ᠵᠠᠬᠢᠶᠠᠯᠠᠭ᠎ᠠ ᠶᠢᠨ ᠦᠢᠯᠡᠳᠪᠦᠷᠢᠯᠡᠯ᠂ ᠨᠠᠶᠢᠳᠠᠨ ᠲᠡᠵᠢᠭᠡᠯᠭᠡᠬᠦ ᠨᠠᠶᠢᠳᠠᠨ | ᠬᠠᠮᠢᠶᠠᠷᠤᠭᠤᠯᠬᠤ᠂ ᠦᠢᠯᠡᠳᠬᠦᠨ ᠢ ᠣᠷᠣᠯᠠᠨ ᠪᠣᠷᠣᠯᠠᠭᠤᠯᠬᠤ᠂ ᠬᠠᠮᠠᠭᠠᠯᠠᠯᠲᠠ ᠶᠢᠨ ᠦᠨ᠎ᠡ ᠪᠠᠷ ᠬᠤᠳᠠᠯᠳᠤᠨ ᠠᠪᠬᠤ | ᠂ ᠪᠣᠯᠪᠠᠰᠤᠷᠠᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠢᠶᠠᠯᠠᠩ ᠲᠠᠢ ᠬᠤᠯᠪᠣᠭᠠᠯᠠᠵᠤ | ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠪᠠᠶᠢᠭᠤᠯᠵᠤ᠂ ᠡᠴᠦᠰ ᠲᠡᠭᠡᠨ ᠠᠰᠢᠭ ᠲᠤᠰᠠ ᠶᠢ ᠬᠤᠯᠪᠣᠭᠳᠠᠭᠤᠯᠬᠤ | ᠠᠷᠭ᠎ᠠ ᠮᠠᠶ᠋ᠢᠭ ᠢ ᠦᠨᠳᠦᠰᠦᠯᠡᠨ ᠠᠵᠤ ᠠᠬᠤᠶᠢᠯᠠᠯ ᠳᠤ ᠱᠠᠩᠨᠠᠯ ᠨᠥᠬᠦᠪᠥᠷᠢ ᠣᠯᠭᠤᠨ᠎ᠠ᠃ | ᠲᠥᠷᠥᠯ ᠵᠦᠢᠯ ᠤᠨ ᠲᠣᠬᠢᠷᠠᠭᠤᠯᠤᠯᠲᠠ᠄ ᠲᠥᠷᠥᠯ ᠵᠦᠢᠯ ᠢ ᠪᠦᠬᠦ ᠬᠤᠰᠢᠭᠤᠨ ᠤ 12 ᠰᠤᠮᠤ ᠪᠠᠯᠭᠠᠰᠤ ᠶᠢ | ᠬᠠᠮᠤᠷᠪᠠ᠃ 2024 ᠣᠨ ᠤ 6 ᠰᠠᠷ᠎ᠠ ᠠᠴᠠ ᠡᠮᠦᠨ᠎ᠡ ᠡᠯ᠎ᠡ ᠰᠤᠮᠤ ᠪᠠᠯᠭᠠᠰᠤ ᠭᠤᠶᠤᠴᠢᠯᠠᠨ ᠮᠡᠳᠡᠭᠦᠯᠬᠦ ᠪᠠ ᠬᠢᠨᠠᠨ | ᠵᠥᠪᠰᠢᠶᠡᠷᠡᠬᠦ ᠶᠢ ᠪᠡᠶᠡᠯᠡᠭᠦᠯᠵᠦ᠂ 7 ᠰᠠᠷ᠎ᠠ ᠠᠴᠠ 11 ᠰᠠᠷ᠎ᠠ ᠪᠣᠯᠲᠠᠯ᠎ᠠ ᠲᠥᠷᠥᠯ ᠵᠦᠢᠯ ᠢ ᠬᠡᠷᠡᠭᠵᠢᠭᠦᠯᠬᠦ ᠱᠠᠲᠤ | ᠦᠶ᠎ᠡ ᠪᠣᠯᠤᠨ᠎ᠠ᠂ 12 ᠰᠠᠷ᠎ᠠ ᠶᠢᠨ ᠰᠡᠭᠦᠯᠴᠢ ᠠᠴᠠ ᠡᠮᠦᠨ᠎ᠡ ᠰᠢᠯᠭᠠᠨ ᠬᠤᠷᠢᠶᠠᠵᠤ ᠰᠢᠯᠵᠢᠭᠦᠯᠦᠨ ᠲᠤᠰᠢᠶᠠᠬᠤ ᠶᠢ | ᠪᠡᠶᠡᠯᠡᠭᠦᠯᠬᠦ ᠶᠢᠨ ᠬᠠᠮᠲᠤ ᠱᠠᠩᠨᠠᠯ ᠨᠥᠬᠦᠪᠥᠷᠢ ᠶᠢᠨ ᠪᠡᠯᠡ ᠮᠥᠩᠭᠦ ᠣᠯᠭᠤᠬᠤ ᠠᠵᠢᠯ ᠢ ᠪᠡᠶᠡᠯᠡᠭᠦᠯᠦᠨ᠎ᠡ᠃ | ᠵᠣᠬᠢᠶᠠᠨ ᠪᠠᠶᠢᠭᠤᠯᠤᠨ ᠬᠡᠷᠡᠭᠵᠢᠭᠦᠯᠬᠦ᠄ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠤᠮᠤ ᠪᠠᠯᠭᠠᠰᠤᠨ ᠳᠤ | ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠵᠦ᠂ ᠰᠤᠮᠤ ᠪᠠᠯᠭᠠᠰᠤ ᠨᠢ ᠲᠠᠷᠢᠶᠠᠯᠠᠩ ᠲᠠᠢ ᠬᠤᠯᠪᠣᠭᠠᠯᠠᠵᠤ | ᠲᠠᠷᠢᠶᠠᠯᠠᠩ ᠢ ᠳᠠᠶᠢᠴᠢᠯᠠᠬᠤ ᠴᠢᠳᠠᠪᠤᠷᠢ ᠪᠠ ᠬᠦᠰᠡᠯ ᠡᠷᠡᠮᠡᠯᠵᠡᠯ ᠲᠠᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠡᠵᠡᠩᠨᠡᠯᠲᠡ ᠶᠢᠨ ᠪᠠᠶᠢᠳᠠᠯ᠂ ᠡᠳ᠋ ᠬᠥᠷᠥᠩᠭᠡ ᠶᠢᠨ ᠶᠡᠷᠦᠩᠬᠡᠢ ᠬᠡᠮᠵᠢᠶ᠎ᠡ ᠵᠡᠷᠭᠡ ᠶᠢ ᠬᠢᠨᠠᠨ ᠬᠠᠷᠭᠤᠭᠤᠯᠵᠤ᠂ ᠢᠯᠡ | ᠨᠡᠶᠢᠲᠡᠯᠡᠭᠡᠳ ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ᠂ ᠬᠤᠰᠢᠭᠤᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠤᠰᠢᠭᠤᠨ ᠤ ᠨᠠᠮ ᠤᠨ ᠬᠤᠷᠢ᠊ ᠡᠶ᠎ᠡ ᠶᠢᠨ ᠵᠣᠬᠢᠶᠠᠨ ᠪᠠᠶᠢᠭᠤᠯᠬᠤ | ᠬᠡᠯᠲᠡᠰ ᠳᠤ ᠮᠡᠳᠡᠭᠦᠯᠦᠨ ᠬᠢᠨᠠᠨ ᠬᠠᠷᠭᠤᠭᠤᠯᠬᠤ ᠶᠢᠨ ᠬᠠᠮᠲᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ | ᠤᠳᠤᠷᠢᠳᠬᠤ ᠳᠤᠭᠤᠶᠢᠯᠠᠩ ᠳᠤ ᠬᠢᠨᠠᠨ ᠵᠥᠪᠯᠡᠭᠦᠯᠵᠦ᠂ ᠬᠢᠨᠠᠨ ᠵᠥᠪᠯᠡᠵᠦ ᠪᠠᠲᠤᠯᠠᠭᠰᠠᠨ ᠤ ᠳᠠᠷᠠᠭ᠎ᠠ ᠬᠠᠮᠤᠭ ᠤᠨ | ᠡᠴᠦᠰ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠨᠡᠷᠡᠰ ᠵᠢᠴᠢ ᠵᠣᠬᠢᠴᠠᠩᠭᠤᠢ ᠲᠥᠷᠥ ᠶᠢᠨ ᠪᠣᠳᠣᠯᠭ᠎ᠠ ᠶᠢᠨ | ᠲᠡᠳᠬᠦᠨ ᠳᠡᠮᠵᠢᠬᠦ ᠲᠤᠭ᠎ᠠ ᠬᠡᠮᠵᠢᠶ᠎ᠡ ᠶᠢ ᠲᠣᠭᠲᠠᠭᠠᠨ᠎ᠠ᠃ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠄ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠨᠢ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠠ ᠬᠢᠨᠠᠨ ᠬᠡᠮᠵᠢᠭᠰᠡᠨ ᠡᠲᠡᠭᠡᠳ ᠢ ᠭᠤᠣᠯᠳᠠᠯᠭ᠎ᠠ ᠲᠠᠢ ᠳᠠᠶᠢᠴᠢᠯᠠᠨ | ᠬᠠᠪᠰᠤᠷᠤᠨ ᠲᠡᠳᠬᠦᠵᠦ᠂ ᠡᠭᠦᠨ ᠤ ᠰᠠᠭᠤᠷᠢᠨ ᠳᠡᠭᠡᠷ᠎ᠡ᠂ ᠪᠤᠰᠤᠳ ᠲᠠᠷᠢᠶᠠᠴᠢᠨ ᠡᠷᠦᠬᠡ ᠶᠢᠨ ᠬᠥᠭᠵᠢᠯᠲᠡ ᠶᠢ ᠡᠮᠬᠢ | ᠵᠢᠷᠤᠮ ᠲᠠᠢ ᠪᠠᠷ ᠳᠠᠶᠢᠴᠢᠯᠠᠨ᠎ᠠ᠃ ᠨᠢᠭᠡ ᠲᠠᠯ᠎ᠠ ᠪᠠᠷ ᠬᠢᠨᠠᠨ ᠰᠢᠯᠭᠠᠬᠤ ᠨᠠᠷᠢᠨ ᠳᠦᠷᠢᠮ ᠳᠤ ᠳᠠᠶᠢᠴᠢᠯᠠᠬᠤ ᠠᠷᠭ᠎ᠠ | ᠮᠠᠶ᠋ᠢᠭ ᠵᠢᠴᠢ ᠬᠠᠷᠠᠯᠲᠠ ᠡᠭᠦᠷᠭᠡ ᠶᠢ ᠲᠣᠳᠣᠷᠬᠠᠶᠢᠯᠠᠬᠤ ᠶᠢᠨ ᠬᠠᠮᠲᠤ ᠳᠠᠭᠠᠭᠤᠯᠤᠭᠴᠢ ᠶᠢᠨ ᠱᠠᠩᠨᠠᠵᠤ ᠨᠥᠬᠦᠪᠥᠷᠢᠯᠡᠬᠦ | ᠲᠥᠷᠥ ᠶᠢᠨ ᠪᠣᠳᠣᠯᠭ᠎ᠠ ᠶᠢ ᠲᠣᠳᠣᠷᠬᠠᠶᠢᠯᠠᠵᠤ᠂ ᠪᠡᠯᠡ ᠮᠥᠩᠭᠦ ᠶᠢ ᠵᠣᠯᠭᠠᠭᠤᠯᠬᠤ ᠬᠠᠮᠢᠶᠠᠷᠤᠯᠲᠠ ᠶᠢᠨ ᠠᠷᠭ᠎ᠠ ᠶᠢᠨ | ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠳᠣᠣᠷ᠎ᠠ᠂ ᠲᠠᠷᠢᠶᠠᠴᠢᠨ ᠡᠷᠦᠬᠡ ᠪᠣᠯᠤᠨ ᠠᠵᠤ ᠠᠬᠤᠶᠢᠯᠠᠯ ᠤᠨ ᠬᠠᠷᠢᠯᠴᠠᠨ | ᠠᠰᠢᠭᠲᠠᠢ ᠬᠤᠶᠠᠷ ᠲᠠᠯ᠎ᠠ ᠪᠠᠷ ᠢᠶᠠᠨ ᠠᠰᠢᠭ ᠬᠦᠷᠲᠡᠬᠦ ᠶᠢ ᠪᠡᠶᠡᠯᠡᠭᠦᠯᠵᠦ᠂ ᠨᠥᠭᠦᠭᠡ ᠲᠠᠯ᠎ᠠ ᠪᠠᠷ᠂ ᠬᠢᠨᠠᠨ ᠰᠢᠯᠭᠠᠬᠤ | ᠨᠠᠷᠢᠨ ᠳᠦᠷᠢᠮ ᠳᠤ ᠪᠠᠰᠠ ᠳᠠᠭᠠᠭᠤᠯᠤᠭᠴᠢ ᠶᠢᠨ ᠵᠢᠱᠢᠭᠰᠡᠨ ᠦᠷ᠎ᠡ ᠠᠰᠢᠭ ᠲᠤ ᠬᠦᠷᠴᠦ ᠳᠡᠶᠢᠯᠦᠭᠰᠡᠨ ᠦᠭᠡᠢ | ᠦᠶ᠎ᠡ ᠳᠤ ᠠᠪᠤᠭᠰᠠᠨ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ ᠬᠡᠷᠡᠭᠲᠡᠢ᠃ ᠲᠥᠷᠥᠯ ᠵᠦᠢᠯ ᠢ ᠬᠤᠰᠢᠭᠤᠨ ᠤ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ ᠠᠴᠠ ᠪᠣᠳᠠᠲᠠᠢ ᠬᠡᠷᠡᠭᠵᠢᠭᠦᠯᠬᠦ ᠶᠢ ᠬᠠᠷᠢᠭᠤᠴᠠᠵᠤ᠂ ᠬᠡᠮᠵᠢᠶᠡᠵᠢᠭᠦᠯᠦᠨ ᠰᠢᠯᠭᠠᠨ ᠬᠢᠨᠠᠬᠤ ᠪᠠᠷᠢᠮᠵᠢᠶ᠎ᠠ ᠶᠢ | ᠲᠣᠭᠲᠠᠭᠠᠨ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠡᠭᠦᠷᠭᠡ ᠶᠢ ᠲᠣᠳᠣᠷᠬᠠᠶᠢᠯᠠᠵᠤ᠂ | ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠬᠠᠷᠠᠯᠲᠠ ᠡᠭᠦᠷᠭᠡ ᠶᠢ ᠪᠠᠷᠢᠮᠵᠢᠶ᠎ᠠ ᠳᠤ ᠬᠦᠷᠦᠭᠦᠯᠵᠦ᠂ ᠭᠤᠣᠯ | ᠴᠣᠭᠴᠠ ᠨᠢ ᠦᠷ᠎ᠡ ᠠᠰᠢᠭ ᠢᠶᠠᠷ ᠰᠠᠶᠢᠨ ᠠᠵᠤ ᠠᠬᠤᠶᠢᠯᠠᠯ᠂ ᠬᠤᠷᠰᠢᠶ᠎ᠠ᠂ ᠰᠢᠶᠣᠤ ᠵᠢᠩ ᠲᠥᠯᠥᠪᠯᠡᠭᠡ ᠶᠢᠨ | ᠳᠠᠭᠠᠭᠤᠯᠤᠭᠴᠢ ᠵᠡᠷᠭᠡ ᠡᠵᠡᠩᠨᠡᠯᠲᠡ ᠶᠢᠨ ᠭᠤᠣᠯ ᠴᠣᠭᠴᠠ ᠶᠢ ᠳᠠᠶᠢᠴᠢᠯᠠᠵᠤ᠂ ᠱᠠᠩᠨᠠᠵᠤ ᠨᠥᠬᠦᠪᠥᠷᠢᠯᠡᠬᠦ | ᠬᠡᠯᠪᠡᠷᠢ ᠪᠠᠷ ᠲᠡᠳᠬᠦᠨ᠎ᠡ᠃ | ︵ᠳᠥᠷᠪᠡ︶ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠬᠦ ᠶᠡᠷᠦᠩᠬᠡᠶᠢᠯᠡᠭᠰᠡᠨ ᠦᠢᠯᠡᠴᠢᠯᠡᠭᠡ ᠶᠢ | ᠲᠦᠯᠬᠢᠨ ᠠᠬᠢᠭᠤᠯᠤᠨ᠎ᠠ | ︽ᠪᠦᠬᠦ ᠡᠯᠧᠮᠧᠨ᠋ᠲ ᠤᠨ ᠬᠠᠩᠭᠠᠯᠭ᠎ᠠ᠂ ᠪᠦᠬᠦ ᠶᠠᠪᠤᠴᠠ ᠳᠤ ᠦᠢᠯᠡᠴᠢᠯᠡᠬᠦ︾ ᠠᠵᠢᠯ ᠤᠨ ᠰᠡᠳᠬᠢᠴᠡ ᠶᠣᠰᠣᠭᠠᠷ | ᠂ ︽ᠬᠥᠲᠥᠴᠢ ᠠᠵᠤ ᠠᠬᠤᠶᠢᠯᠠᠯ ᠤᠨ ᠲᠠᠷᠢᠶᠠᠯᠠᠩ ᠤᠨ ᠮᠠᠰᠢᠨ ᠤ ᠲᠤᠰᠬᠠᠢ ᠠᠵᠢᠯ ᠤᠨ ᠬᠤᠷᠰᠢ᠊ ᠡᠶ᠎ᠡ ᠲᠠᠷᠢᠶᠠᠴᠢᠨ | ᠡᠷᠦᠬᠡ︾ ᠶᠢᠨ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ᠂ ᠠᠰᠢᠭ ᠲᠤᠰᠠ ᠶᠢ ᠬᠠᠮᠲᠤ ᠪᠠᠷ ᠡᠳ᠋ᠯᠡᠬᠦ ᠲᠠᠷᠢᠶᠠᠯᠠᠩ ᠤᠨ | ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ᠂ ᠲᠠᠷᠢᠶᠠᠨ ᠭᠠᠵᠠᠷ ᠤᠨ ᠬᠠᠮᠢᠶᠠᠷᠤᠯᠲᠠ᠂ | ᠬᠤᠳᠠᠯᠳᠤᠨ ᠠᠪᠴᠤ ᠨᠥᠭᠡᠴᠡᠯᠡᠬᠦ ᠪᠣᠷᠣᠯᠠᠭᠤᠯᠭ᠎ᠠ ᠶᠢᠨ ᠪᠦᠬᠦ ᠶᠠᠪᠤᠴᠠ ᠶᠢᠨ ᠦᠢᠯᠡᠴᠢᠯᠡᠭᠡᠨ ᠤ ᠬᠡᠯᠬᠢᠶ᠎ᠡ ᠶᠢ | ᠦᠷᠭᠦᠯᠵᠢᠯᠡᠨ ᠪᠦᠷᠢᠨᠰᠢᠭᠦᠯᠵᠦ᠂ ᠵᠢᠵᠢᠭ ᠲᠠᠷᠢᠶᠠᠴᠢᠨ ᠡᠷᠦᠬᠡ ᠶᠢᠨ ᠲᠠᠷᠢᠶᠠᠨ ᠭᠠᠵᠠᠷ ᠤᠨ ᠬᠡᠪᠴᠢᠶ᠎ᠡ ᠪᠠᠭ᠎ᠠ᠂ | ᠥᠪᠡᠷ ᠤᠨ ᠥᠷᠲᠡᠭ ᠥᠨᠳᠥᠷ᠂ ᠦᠷ᠎ᠡ ᠠᠰᠢᠭ ᠳᠣᠣᠷ᠎ᠠ᠂ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠠᠨᠠᠢ ᠵᠡᠷᠭᠡ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠦᠷ᠎ᠡ | ᠠᠰᠢᠭ ᠢ ᠳᠡᠭᠡᠭᠰᠢᠯᠡᠭᠦᠯᠦᠨ᠂ ᠨᠡᠩ ᠣᠯᠠᠨ ᠲᠠᠷᠢᠶᠠᠴᠢᠳ ᠤᠨ ᠦᠷ᠎ᠡ ᠠᠰᠢᠭ ᠳᠣᠣᠷ᠎ᠠ ᠲᠠᠷᠢᠶᠠᠯᠠᠩ ᠤᠨ | ᠦᠢᠯᠡᠳᠪᠦᠷᠢᠯᠡᠯ ᠠᠴᠠ ᠴᠢᠯᠥᠭᠡᠯᠡᠬᠦ ᠶᠢ ᠠᠬᠢᠭᠤᠯᠵᠤ᠂ ᠣᠯᠠᠨ ᠲᠦᠮᠡᠨ ᠤ ᠣᠷᠣᠯᠭ᠎ᠠ ᠶᠢ ᠡᠳ᠋ ᠬᠥᠷᠥᠩᠭᠡ ᠶᠢᠨ | ᠴᠢᠨᠠᠷᠲᠠᠢ ᠣᠷᠣᠯᠭ᠎ᠠ ᠠᠴᠠ ᠡᠵᠡᠩᠨᠡᠯᠲᠡ ᠶᠢᠨ ᠴᠢᠨᠠᠷᠲᠠᠢ ᠣᠷᠣᠯᠭ᠎ᠠ ᠪᠠ ᠴᠠᠯᠢᠩ ᠤᠨ ᠴᠢᠨᠠᠷᠲᠠᠢ ᠣᠷᠣᠯᠭ᠎ᠠ ᠲᠡᠰᠢ | ᠬᠤᠪᠢᠷᠠᠭᠤᠯᠬᠤ ᠶᠢ ᠠᠬᠢᠭᠤᠯᠤᠨ᠎ᠠ᠃ 2024 ᠣᠨ ᠳᠤ᠂ ᠪᠦᠬᠦ ᠬᠤᠰᠢᠭᠤᠨ ᠤ ᠲᠠᠷᠢᠶᠠᠯᠠᠩ ᠤᠨ | ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠢᠶᠠᠷ ᠲᠠᠷᠢᠶᠠᠴᠢᠨ ᠡᠷᠦᠬᠡ ᠶᠢ 9500 | ᠡᠷᠦᠬᠡ ᠠᠴᠠ ᠳᠤᠲᠠᠭᠤ ᠦᠭᠡᠢ ᠳᠠᠶᠢᠴᠢᠯᠠᠵᠤ᠂ ᠡᠭᠦᠨ ᠳᠤ ᠪᠦᠬᠦ ᠡᠷᠦᠬᠡ ᠶᠢᠨ ᠬᠥᠳᠡᠯᠮᠦᠷᠢᠯᠡᠬᠦ ᠴᠢᠳᠠᠪᠤᠷᠢ ᠦᠭᠡᠢ | ᠡᠷᠦᠬᠡ 1250 ᠪᠠᠶᠢᠵᠤ᠂ 47 ᠲᠦᠮᠡᠨ ᠮᠦ ᠲᠠᠷᠢᠶᠠᠨ ᠭᠠᠵᠠᠷ ᠢ ᠬᠠᠮᠤᠷᠪᠠ᠃ | ᠳᠡᠮᠵᠢᠬᠦ ᠴᠢᠭᠯᠡᠯ᠄ ᠵᠦᠩ ᠶᠠᠩ ᠲᠠᠷᠢᠶᠠᠯᠠᠩ ᠵᠡᠷᠭᠡ ᠬᠥᠲᠥᠴᠢ ᠠᠵᠤ ᠠᠬᠤᠶᠢᠯᠠᠯ᠂ ᠬᠤᠷᠰᠢ᠊ ᠡᠶ᠎ᠡ ᠶᠢᠨ | ᠲᠠᠷᠢᠶᠠᠴᠢᠨ ᠡᠷᠦᠬᠡ ᠳᠤ ᠦᠢᠯᠡᠳᠪᠦᠷᠢᠯᠡᠯ ᠤᠨ ᠲᠦᠭᠦᠬᠡᠢ ᠮᠠᠲ᠋ᠧᠷᠢᠶᠠᠯ᠂ ᠮᠥᠩᠭᠦᠨ ᠭᠦᠢᠯᠭᠡᠭᠡᠨ ᠤ ᠦᠢᠯᠡᠴᠢᠯᠡᠭᠡ | ᠵᠢᠴᠢ ᠲᠠᠷᠢᠮᠠᠯ ᠤᠨ ᠦᠢᠯᠡᠰ ᠤᠨ ᠮᠡᠷᠭᠡᠵᠢᠯ ᠤᠨ ᠪᠦᠬᠦ ᠶᠠᠪᠤᠴᠠ ᠶᠢᠨ ᠵᠢᠯᠣᠭᠤᠳᠣᠯᠭ᠎ᠠ ᠬᠠᠩᠭᠠᠬᠤ ᠶᠢ ᠳᠡᠮᠵᠢᠨ᠎ᠡ᠃ | ᠲᠠᠷᠢᠶᠠᠯᠠᠩ ᠤᠨ ᠮᠠᠰᠢᠨ ᠤ ᠲᠤᠰᠬᠠᠢ ᠠᠵᠢᠯ ᠤᠨ ᠬᠤᠷᠰᠢ᠊ ᠡᠶ᠎ᠡ ᠬᠢᠭᠡᠳ ᠬᠥᠲᠥᠴᠢ ᠠᠵᠤ ᠠᠬᠤᠶᠢᠯᠠᠯ ᠤᠨ | ᠬᠠᠮᠲᠤᠷᠠᠯᠴᠠᠭ᠎ᠠ ᠶᠢ ᠳᠡᠮᠵᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠳᠤ | ᠣᠷᠣᠯᠴᠠᠭᠰᠠᠨ ᠲᠠᠷᠢᠶᠠᠴᠢᠨ ᠡᠷᠦᠬᠡ ᠳᠤ ᠲᠠᠷᠢᠶᠠᠯᠠᠬᠤ᠂ ᠲᠠᠷᠢᠬᠤ᠂ ᠰᠡᠷᠭᠡᠶᠢᠯᠡᠬᠦ᠂ ᠬᠤᠷᠢᠶᠠᠬᠤ ᠪᠦᠬᠦ ᠶᠠᠪᠤᠴᠠ ᠶᠢᠨ | ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠦᠢᠯᠡᠴᠢᠯᠡᠭᠡ ᠬᠠᠩᠭᠠᠨ᠎ᠠ᠃ ᠱᠠᠩᠨᠠᠵᠤ ᠲᠤᠰᠠᠯᠠᠬᠤ ᠵᠡᠷᠭᠡ ᠠᠷᠭ᠎ᠠ | ᠮᠠᠶ᠋ᠢᠭ ᠢ ᠠᠪᠴᠤ ᠬᠥᠳᠡᠯᠮᠦᠷᠢᠯᠡᠬᠦ ᠴᠢᠳᠠᠪᠤᠷᠢ ᠦᠭᠡᠢ᠂ ᠬᠥᠳᠡᠯᠮᠦᠷᠢᠯᠡᠬᠦ ᠴᠢᠳᠠᠪᠤᠷᠢ ᠪᠠᠷ ᠪᠠᠭᠤᠷᠠᠢ ᠲᠠᠷᠢᠶᠠᠯᠠᠬᠤ | ᠡᠷᠦᠬᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠳᠤ | ᠢᠳᠡᠪᠬᠢᠲᠡᠢ ᠣᠷᠣᠯᠴᠠᠬᠤ ᠶᠢ ᠳᠡᠮᠵᠢᠨ᠎ᠡ᠃ | ᠲᠥᠷᠥᠯ ᠵᠦᠢᠯ ᠤᠨ ᠲᠣᠬᠢᠷᠠᠭᠤᠯᠤᠯᠲᠠ᠄ ᠲᠥᠷᠥᠯ ᠵᠦᠢᠯ ᠢ ᠪᠦᠬᠦ ᠬᠤᠰᠢᠭᠤᠨ ᠤ 12 ᠰᠤᠮᠤ ᠪᠠᠯᠭᠠᠰᠤ ᠶᠢᠨ | 173 ᠭᠠᠴᠠᠭ᠎ᠠ ᠶᠢ ᠬᠠᠮᠤᠷᠪᠠ᠃ 2024 ᠣᠨ ᠤ 4 ᠰᠠᠷ᠎ᠠ ᠠᠴᠠ ᠡᠮᠦᠨ᠎ᠡ ᠡᠯ᠎ᠡ ᠰᠤᠮᠤ ᠪᠠᠯᠭᠠᠰᠤ ᠲᠥᠷᠥᠯ | ᠵᠦᠢᠯ ᠢ ᠭᠤᠶᠤᠴᠢᠯᠠᠨ ᠮᠡᠳᠡᠭᠦᠯᠬᠦ ᠵᠢᠴᠢ ᠬᠢᠨᠠᠨ ᠵᠥᠪᠰᠢᠶᠡᠷᠡᠬᠦ ᠶᠢ ᠪᠡᠶᠡᠯᠡᠭᠦᠯᠵᠦ᠂ 5 ᠰᠠᠷ᠎ᠠ ᠠᠴᠠ 8 ᠰᠠᠷ᠎ᠠ | ᠪᠣᠯᠲᠠᠯ᠎ᠠ ᠲᠥᠷᠥᠯ ᠵᠦᠢᠯ ᠢ ᠬᠡᠷᠡᠭᠵᠢᠭᠦᠯᠬᠦ ᠱᠠᠲᠤ ᠦᠶ᠎ᠡ ᠪᠣᠯᠤᠨ᠎ᠠ᠂ 9 ᠰᠠᠷ᠎ᠠ ᠶᠢᠨ ᠰᠡᠭᠦᠯᠴᠢ ᠠᠴᠠ ᠡᠮᠦᠨ᠎ᠡ | ᠰᠢᠯᠭᠠᠨ ᠬᠤᠷᠢᠶᠠᠵᠤ ᠰᠢᠯᠵᠢᠭᠦᠯᠦᠨ ᠲᠤᠰᠢᠶᠠᠬᠤ ᠶᠢ ᠪᠡᠶᠡᠯᠡᠭᠦᠯᠬᠦ ᠶᠢᠨ ᠬᠠᠮᠲᠤ ᠣᠷᠣᠯᠠᠨ ᠬᠠᠭᠠᠯᠪᠤᠷᠢᠯᠠᠵᠤ ᠣᠷᠣᠯᠠᠨ | ᠳᠠᠷᠢᠬᠤ ᠱᠠᠩᠨᠠᠯ ᠨᠥᠬᠦᠪᠥᠷᠢ ᠶᠢᠨ ᠪᠡᠯᠡ ᠮᠥᠩᠭᠦ ᠣᠯᠭᠤᠬᠤ ᠠᠵᠢᠯ ᠢ ᠪᠡᠶᠡᠯᠡᠭᠦᠯᠦᠨ᠎ᠡ᠃ | ᠵᠣᠬᠢᠶᠠᠨ ᠪᠠᠶᠢᠭᠤᠯᠤᠨ ᠬᠡᠷᠡᠭᠵᠢᠭᠦᠯᠬᠦ ᠨᠢ᠄ ᠭᠡᠷ᠎ᠡ ᠲᠣᠭᠲᠠᠭᠠᠬᠤ ᠶᠢ ᠵᠣᠬᠢᠶᠠᠨ ᠪᠠᠶᠢᠭᠤᠯᠵᠤ᠂ ᠡᠯ᠎ᠡ ᠰᠤᠮᠤ | ᠪᠠᠯᠭᠠᠰᠤ ᠨᠢ ᠬᠥᠲᠥᠴᠢ ᠠᠵᠤ ᠠᠬᠤᠶᠢᠯᠠᠯ᠂ ᠲᠠᠷᠢᠶᠠᠯᠠᠩ ᠤᠨ ᠮᠠᠰᠢᠨ ᠤ ᠬᠤᠷᠰᠢ᠊ ᠡᠶ᠎ᠡ ᠪᠠ ᠲᠠᠷᠢᠶᠠᠴᠢᠨ ᠡᠷᠦᠬᠡ | ᠭᠤᠷᠪᠠᠨ ᠲᠠᠯ᠎ᠠ ᠶᠢ ᠵᠣᠯᠭᠠᠭᠤᠯᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠡᠬᠢ ᠪᠠᠶᠠᠯᠢᠭ ᠢ ᠡᠮᠬᠢᠯᠡᠨ | ᠨᠡᠶᠢᠯᠡᠭᠦᠯᠬᠦ ᠶᠢ ᠴᠢᠩᠭᠠᠳᠬᠠᠨ᠂ ᠣᠷᠣᠨ ᠪᠦᠰᠡ ᠶᠢᠨ ᠳᠣᠲᠣᠷᠠᠬᠢ ᠲᠠᠷᠢᠶᠠᠯᠠᠩ ᠤᠨ ᠨᠡᠶᠢᠭᠡᠮᠴᠢᠯᠡᠭᠰᠡᠨ | ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ | ᠠᠬᠢᠭᠤᠯᠬᠤ ᠬᠡᠷᠡᠭᠲᠡᠢ᠃ ᠮᠠᠨ ᠤ ᠬᠤᠰᠢᠭᠤᠨ ᠤ ᠭᠤᠣᠯᠯᠠᠬᠤ ᠠᠵᠤ ᠦᠢᠯᠡᠰ ᠤᠨ ᠰᠠᠭᠤᠷᠢ ᠪᠠ ᠨᠤᠲᠤᠭ ᠤᠨ | ᠣᠨᠴᠠᠯᠢᠭ ᠲᠠᠢ ᠤᠶᠠᠯᠳᠤᠭᠤᠯᠤᠨ᠂ ᠡᠷᠳᠡᠨᠢ ᠰᠢᠰᠢ᠂ ᠤᠰᠤᠨ ᠲᠤᠲᠤᠷᠭ᠎ᠠ᠂ ᠡᠯᠳᠡᠪ ᠠᠮᠤ ᠪᠤᠷᠴᠠᠭ ᠵᠡᠷᠭᠡ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠲᠣᠭᠤᠷᠢᠨ ᠳᠤ᠂ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠩᠭᠢᠯᠠᠭ᠎ᠠ ᠶᠢᠨ ᠭᠤᠭᠴᠤᠭ᠎ᠠ ᠪᠠ ᠪᠠᠭᠤᠷᠠᠢ ᠲᠠᠯ᠎ᠠ ᠶᠢ | ᠳᠡᠮᠵᠢᠵᠦ᠂ ᠠᠵᠤ ᠠᠬᠤᠶᠢᠯᠠᠯ᠂ ᠬᠤᠷᠰᠢᠶ᠎ᠠ᠂ ᠴᠢᠳᠠᠪᠤᠷᠢᠲᠠᠨ ᠤ ᠲᠣᠮᠣ ᠡᠷᠦᠬᠡ ᠵᠡᠷᠭᠡ ᠳᠤ ᠲᠦᠰᠢᠭᠯᠡᠨ ᠣᠷᠣᠯᠠᠨ | ᠬᠠᠭᠠᠯᠪᠤᠷᠢᠯᠠᠵᠤ ᠣᠷᠣᠯᠠᠨ ᠳᠠᠷᠢᠬᠤ ᠡᠵᠡᠩᠨᠡᠯᠲᠡ ᠶᠢᠨ ᠭᠤᠣᠯ ᠴᠣᠭᠴᠠ ᠳᠤ ᠲᠦᠰᠢᠭᠯᠡᠨ ᠬᠥᠳᠡᠯᠮᠦᠷᠢᠯᠡᠬᠦ ᠴᠢᠳᠠᠪᠤᠷᠢ | ᠦᠭᠡᠢ ᠮᠠᠯᠵᠢᠬᠤ ᠲᠠᠷᠢᠶᠠᠯᠠᠬᠤ ᠡᠷᠦᠬᠡ ᠳᠤ ᠣᠷᠣᠯᠠᠨ ᠬᠠᠭᠠᠯᠪᠤᠷᠢᠯᠠᠵᠤ ᠣᠷᠣᠯᠠᠨ ᠳᠠᠷᠢᠬᠤ ᠨᠡᠶᠢᠭᠡᠮᠴᠢᠯᠡᠭᠰᠡᠨ | ᠦᠢᠯᠡᠴᠢᠯᠡᠭᠡ ᠬᠡᠷᠡᠭᠵᠢᠭᠦᠯᠦᠨ᠎ᠡ᠃ | ᠡᠯ᠎ᠡ ᠰᠤᠮᠤ ᠪᠠᠯᠭᠠᠰᠤ᠂ ᠭᠠᠴᠠᠭ᠎ᠠ ᠣᠷᠣᠯᠠᠨ ᠬᠠᠭᠠᠯᠪᠤᠷᠢᠯᠠᠵᠤ ᠣᠷᠣᠯᠠᠨ ᠳᠠᠷᠢᠬᠤ ᠭᠤᠣᠯ | ᠴᠣᠭᠴᠠ ᠶᠢ ᠰᠣᠩᠭᠤᠬᠤ ᠳᠠᠭᠠᠨ ᠰᠠᠶᠢᠨ ᠰᠠᠶᠢᠬᠠᠨ ᠡᠵᠡᠩᠨᠡᠯᠲᠡ ᠶᠢᠨ ᠴᠢᠳᠠᠪᠤᠷᠢ ᠶᠢ ᠰᠣᠩᠭᠤᠵᠤ᠂ ᠢᠲᠡᠭᠡᠯ | ᠬᠦᠨᠳᠦ ᠪᠠᠷ ᠰᠠᠶᠢᠨ ᠠᠵᠤ ᠠᠬᠤᠶᠢᠯᠠᠯ᠂ ᠬᠤᠷᠰᠢ᠊ ᠡᠶ᠎ᠡ ᠶᠢ ᠰᠣᠩᠭᠤᠨ ᠡᠵᠡᠩᠨᠡᠯᠲᠡ ᠶᠢᠨ ᠦᠨᠡᠮᠯᠡᠯ ᠲᠠᠢ ᠮᠥᠷᠲᠡᠭᠡᠨ | ᠬᠡᠪ ᠤᠨ ᠡᠵᠡᠩᠨᠡᠯᠲᠡ ᠶᠢᠨ ᠪᠠᠶᠢᠳᠠᠯ ᠳᠤ ᠪᠠᠶᠢᠯᠭᠠᠵᠤ᠂ ᠡᠵᠡᠩᠨᠡᠯᠲᠡ ᠶᠢᠨ ᠭᠤᠣᠯ ᠴᠣᠭᠴᠠ ᠳᠤ ᠣᠷᠣᠭᠤᠯᠬᠤ | ᠬᠡᠷᠡᠭᠲᠡᠢ︔ ᠣᠯᠠᠨ ᠲᠦᠮᠡᠨ ᠢ ᠳᠠᠶᠢᠴᠢᠯᠠᠬᠤ ᠠᠵᠢᠯ ᠢ ᠰᠠᠶᠢᠲᠤᠷ ᠬᠢᠵᠦ᠂ ᠲᠤᠰ ᠬᠠᠷᠢᠶ᠎ᠠ ᠣᠷᠣᠨ ᠤ ᠪᠠᠨ | ᠬᠥᠳᠡᠯᠮᠦᠷᠢ ᠬᠦᠴᠦᠨ ᠤ ᠡᠷᠦᠬᠡ ᠶᠢᠨ ᠮᠡᠳᠡᠭᠡ ᠵᠠᠩᠭᠢ᠂ ᠲᠠᠷᠢᠶᠠᠯᠠᠬᠤ ᠨᠥᠬᠦᠴᠡᠯ ᠵᠢᠴᠢ ᠣᠷᠣᠯᠠᠨ ᠳᠠᠷᠢᠬᠤ ᠭᠤᠣᠯ | ᠴᠣᠭᠴᠠ ᠶᠢ ᠤᠷᠢᠳᠴᠢᠯᠠᠨ ᠴᠤᠭᠯᠠᠭᠤᠯᠵᠤ᠂ ᠲᠥᠷᠥᠯ ᠵᠦᠢᠯ ᠤᠨ ᠡᠷᠦᠬᠡ ᠶᠢᠨ ᠬᠦᠰᠡᠯ ᠰᠠᠨᠠᠭ᠎ᠠ ᠶᠢ | ᠲᠠᠷᠢᠶᠠᠯᠠᠩ ᠤᠨ ᠠᠵᠤ ᠠᠬᠤᠢ ᠶᠢᠨ ᠰᠠᠯᠠᠭ᠎ᠠ ᠮᠥᠴᠢᠷ ᠯᠦᠭᠡ ᠵᠣᠯᠭᠠᠭᠤᠯᠵᠤ᠂ ᠲᠥᠷᠥᠯ ᠵᠦᠢᠯ ᠤᠨ ᠠᠰᠢᠭ ᠬᠦᠷᠲᠡᠬᠦ | ᠡᠷᠦᠬᠡ ᠬᠢᠭᠡᠳ ᠲᠠᠷᠢᠶᠠᠯᠠᠩ ᠤᠨ ᠠᠵᠤ ᠠᠬᠤᠢ ᠶᠢᠨ ᠰᠠᠯᠠᠭ᠎ᠠ ᠮᠥᠴᠢᠷ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ | ᠠᠰᠢᠭ ᠬᠦᠷᠲᠡᠬᠦ ᠡᠷᠦᠬᠡ ᠯᠦᠭᠡ ᠲᠥᠷᠥ ᠶᠢᠨ ᠪᠣᠳᠣᠯᠭ᠎ᠠ ᠶᠢ ᠳᠠᠪᠬᠤᠷᠳᠠᠭᠤᠯᠤᠨ ᠬᠦᠷᠲᠡᠬᠦ ᠦᠭᠡᠢ ᠪᠠᠶᠢᠬᠤ ᠶᠢ | ᠦᠨᠡᠨᠬᠦ ᠪᠠᠲᠤᠯᠠᠪᠠ︔ ︵ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠶᠡᠷᠦᠩᠬᠡᠶᠢᠯᠡᠭᠰᠡᠨ | ᠦᠢᠯᠡᠴᠢᠯᠡᠭᠡ ᠶᠢ ᠠᠬᠢᠭᠤᠯᠬᠤ ᠬᠠᠮᠢᠶ᠎ᠠ ᠪᠦᠬᠦᠢ ᠬᠦᠰᠦᠨᠦᠭᠲᠦ ᠶᠢᠨ ᠳᠠᠭᠠᠯᠳᠤᠭᠤᠯᠤᠯ 2.1 - 2.2︶ | ︵ᠲᠠᠪᠤ︶ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠤᠰᠭᠠᠢᠵᠢᠭᠰᠠᠨ ᠬᠡᠯᠪᠡᠷᠢ ᠪᠠᠨ ᠬᠤᠪᠢᠷᠠᠭᠤᠯᠵᠤ ᠳᠡᠰ | ᠳᠡᠪᠰᠢᠬᠦ ᠶᠢ ᠲᠦᠯᠬᠢᠨ ᠠᠬᠢᠭᠤᠯᠤᠨ᠎ᠠ | ︽ᠡᠭᠦᠯᠳᠡᠷ ᠰᠠᠶᠢᠵᠢᠷᠠᠭᠤᠯᠵᠤ ᠬᠠᠰᠢᠶᠠᠯᠠᠨ ᠲᠡᠵᠢᠭᠡᠵᠦ ᠦᠷᠡᠵᠢᠭᠦᠯᠬᠦ︾ ᠴᠢᠭᠯᠡᠯ ᠶᠣᠰᠣᠭᠠᠷ ᠤᠯᠠᠮᠵᠢᠯᠠᠯᠲᠤ ᠮᠠᠯ | ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠵᠤ᠂ ︽ᠬᠥᠲᠥᠴᠢ ᠠᠵᠤ | ᠠᠬᠤᠶᠢᠯᠠᠯ ᠤᠨ ᠵᠢᠱᠢᠶ᠎ᠡ ᠦᠵᠡᠭᠦᠯᠬᠦ ᠡᠷᠦᠬᠡ ᠲᠡᠵᠢᠭᠡᠨ ᠦᠷᠡᠵᠢᠭᠦᠯᠬᠦ ᠡᠷᠦᠬᠡ︾ ᠶᠢᠨ ᠠᠵᠤ ᠦᠢᠯᠡᠰ ᠤᠨ | ᠬᠥᠭᠵᠢᠯᠲᠡ ᠶᠢᠨ ᠵᠠᠭᠪᠤᠷ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠭᠤᠭᠴᠤᠭ᠎ᠠ ᠶᠢᠨ ᠠᠰᠢᠭ ᠲᠤᠰᠠ ᠶᠢᠨ | ᠬᠤᠯᠪᠣᠭ᠎ᠠ ᠶᠢ ᠴᠢᠩᠭᠠᠷᠠᠭᠤᠯᠤᠨ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠮᠠᠯ ᠲᠡᠵᠢᠭᠡᠨ | ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠦᠨ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ | ᠮᠠᠯᠵᠢᠬᠤ ᠶᠢ ᠰᠡᠷᠭᠡᠶᠢᠯᠡᠬᠦ ᠬᠡᠷᠡᠭᠲᠡᠢ᠃ 2024 ᠣᠨ ᠳᠤ᠂ ᠪᠦᠬᠦ ᠬᠤᠰᠢᠭᠤᠨ ᠤ ᠮᠠᠯ ᠲᠡᠵᠢᠭᠡᠪᠦᠷᠢ ᠶᠢᠨ ᠵᠢᠱᠢᠶ᠎ᠡ | ᠦᠵᠡᠭᠦᠯᠬᠦ ᠡᠷᠦᠬᠡ ᠶᠢ 340 ᠡᠷᠦᠬᠡ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠮᠠᠯ ᠲᠡᠵᠢᠭᠡᠪᠦᠷᠢ ᠶᠢᠨ ᠵᠢᠱᠢᠶ᠎ᠡ | ᠦᠵᠡᠭᠦᠯᠬᠦ ᠲᠣᠰᠬᠤᠨ ᠢ 5 ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ | ᠳᠡᠮᠵᠢᠬᠦ ᠴᠢᠭᠯᠡᠯ᠄ ᠡᠯ᠎ᠡ ᠰᠤᠮᠤ ᠪᠠᠯᠭᠠᠰᠤ ᠬᠠᠷᠢᠶ᠎ᠠ ᠣᠷᠣᠨ ᠳᠠᠭᠠᠨ ᠪᠣᠯᠪᠠᠰᠤᠷᠠᠩᠭᠤᠢ ᠪᠣᠯᠤᠭᠰᠠᠨ ᠲᠡᠵᠢᠭᠡᠨ | ᠦᠷᠡᠵᠢᠭᠦᠯᠬᠦ ᠵᠢᠱᠢᠶ᠎ᠡ ᠦᠵᠡᠭᠦᠯᠬᠦ ᠡᠷᠦᠬᠡ ᠶᠢ ᠵᠣᠬᠢᠶᠠᠨ ᠪᠠᠶᠢᠭᠤᠯᠵᠤ᠂ ᠰᠠᠭᠤᠭ᠎ᠠ ᠭᠠᠵᠠᠷ ᠤᠨ ᠢᠶᠠᠨ ᠭᠠᠴᠠᠭᠠᠨ ᠤ | ᠬᠠᠰᠢᠶᠠᠯᠠᠨ ᠲᠡᠵᠢᠭᠡᠵᠦ ᠦᠷᠡᠵᠢᠭᠦᠯᠬᠦ᠂ ᠮᠠᠯ ᠤᠨ ᠡᠭᠦᠯᠳᠡᠷ ᠰᠠᠶᠢᠵᠢᠷᠠᠭᠤᠯᠬᠤ ᠮᠡᠷᠭᠡᠵᠢᠯ ᠤᠨ ᠵᠢᠯᠣᠭᠤᠳᠣᠯᠭ᠎ᠠ ᠬᠢᠭᠡᠳ | ᠦᠢᠯᠡᠴᠢᠯᠡᠭᠡ ᠶᠢ ᠳᠡᠯᠭᠡᠷᠡᠭᠦᠯᠬᠦ ᠶᠢ ᠬᠠᠷᠢᠭᠤᠴᠠᠬᠤ ᠶᠢᠨ ᠬᠠᠮᠲᠤ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ | ᠡᠷᠦᠬᠡ ᠶᠢ ᠠᠯᠬᠤᠮ ᠠᠯᠬᠤᠮ ᠢᠶᠠᠷ ᠮᠠᠯ ᠤᠨ ᠡᠭᠦᠯᠳᠡᠷ ᠢ ᠰᠠᠶᠢᠵᠢᠷᠠᠭᠤᠯᠬᠤ ᠵᠢᠱᠢᠶ᠎ᠡ ᠦᠵᠡᠭᠦᠯᠦᠭᠴᠢ᠂ ᠬᠢᠵᠢᠭ | ᠡᠪᠡᠳᠴᠢᠨ ᠢ ᠰᠡᠷᠭᠡᠶᠢᠯᠡᠨ ᠵᠠᠰᠠᠭᠴᠢ᠂ ᠬᠠᠰᠢᠶᠠᠯᠠᠨ ᠲᠡᠵᠢᠭᠡᠵᠦ ᠦᠷᠡᠵᠢᠭᠦᠯᠬᠦ ᠮᠡᠷᠭᠡᠵᠢᠯ ᠢ ᠳᠡᠯᠭᠡᠷᠡᠭᠦᠯᠬᠦ ᠠᠵᠢᠯᠲᠠᠨ | ᠪᠣᠯᠭᠠᠨ ᠪᠤᠶᠢᠵᠢᠭᠤᠯᠤᠨ᠎ᠠ᠃ | ᠮᠠᠯ ᠲᠡᠵᠢᠭᠡᠪᠦᠷᠢ ᠶᠢᠨ ᠵᠢᠱᠢᠶ᠎ᠡ ᠦᠵᠡᠭᠦᠯᠬᠦ ᠡᠷᠦᠬᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︽ | ᠡᠷᠦᠬᠡ ᠪᠠᠷ ᠭᠤᠶᠤᠴᠢᠯᠠᠬᠤ᠂ ᠭᠠᠴᠠᠭ᠎ᠠ ᠠᠴᠠ ᠲᠠᠨᠢᠯᠴᠠᠭᠤᠯᠬᠤ᠂ ᠰᠤᠮᠤ ᠪᠠᠯᠭᠠᠰᠤ ᠠᠴᠠ ᠬᠢᠨᠠᠨ ᠬᠠᠷᠭᠤᠭᠤᠯᠬᠤ᠂ | ᠬᠤᠰᠢᠭᠤᠨ ᠠᠴᠠ ᠬᠢᠨᠠᠨ ᠲᠣᠭᠲᠠᠭᠠᠬᠤ᠂ ᠠᠶᠢᠮᠠᠭ ᠠᠴᠠ ᠪᠦᠷᠢᠳᠬᠡᠨ ᠳᠠᠩᠰᠠᠯᠠᠬᠤ︾ ᠶᠠᠪᠤᠴᠠ ᠶᠣᠰᠣᠭᠠᠷ ᠮᠠᠯ | ᠲᠡᠵᠢᠭᠡᠪᠦᠷᠢ ᠶᠢᠨ ᠵᠢᠱᠢᠶ᠎ᠡ ᠦᠵᠡᠭᠦᠯᠬᠦ ᠡᠷᠦᠬᠡ ᠶᠢ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠦᠨ᠎ᠡ᠃ ᠡᠭᠦᠨ ᠳᠤ᠂ | ᠡᠷᠦᠬᠡ ᠭᠤᠶᠤᠴᠢᠯᠠᠬᠤ᠄ ᠲᠡᠵᠢᠭᠡᠨ ᠦᠷᠡᠵᠢᠭᠦᠯᠬᠦ ᠡᠷᠦᠬᠡ ᠰᠠᠶᠢᠨ ᠳᠤᠷ᠎ᠠ ᠶᠢᠨ ᠵᠠᠷᠴᠢᠮ ᠶᠣᠰᠣᠭᠠᠷ ᠭᠠᠴᠠᠭ᠎ᠠ ᠳᠤ | ᠭᠤᠶᠤᠴᠢᠯᠠᠯ ᠢᠶᠠᠨ ᠳᠡᠪᠰᠢᠭᠦᠯᠪᠡ᠃ ᠭᠠᠴᠠᠭᠠᠨ ᠤ ᠲᠠᠨᠢᠯᠴᠠᠭᠤᠯᠭ᠎ᠠ᠄ ︽ᠳᠥᠷᠪᠡ ᠶᠢ ᠵᠥᠪᠯᠡᠵᠦ ᠬᠤᠶᠠᠷ ᠢ ᠢᠯᠡ | ᠨᠡᠶᠢᠲᠡᠯᠡᠬᠦ︾ ᠳᠡᠰ ᠳᠠᠷᠠᠭᠠᠯᠠᠯ ᠢᠶᠠᠷ ᠳᠠᠮᠵᠢᠭᠤᠯᠤᠨ ᠵᠢᠱᠢᠶ᠎ᠡ ᠦᠵᠡᠭᠦᠯᠬᠦ ᠡᠷᠦᠬᠡ ᠶᠢ ᠰᠣᠩᠭᠤᠬᠤ ᠶᠢᠨ ᠬᠠᠮᠲᠤ ᠰᠤᠮᠤ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠪᠠᠲᠤᠯᠠᠨ ᠲᠠᠨᠢᠯᠴᠠᠭᠤᠯᠵᠤ᠂ ᠵᠠᠷᠴᠢᠮ ᠳᠡᠭᠡᠷ᠎ᠡ ᠪᠠᠨ ᠭᠠᠴᠠᠭ᠎ᠠ | ᠲᠣᠰᠬᠤᠨ ᠨᠢᠭᠡᠪᠦᠷᠢ ᠶᠢᠨ ᠲᠠᠨᠢᠯᠴᠠᠭᠤᠯᠤᠭᠰᠠᠨ ᠵᠢᠱᠢᠶ᠎ᠡ ᠦᠵᠡᠭᠦᠯᠬᠦ ᠡᠷᠦᠬᠡ ᠶᠢᠨ ᠲᠤᠭ᠎ᠠ ᠬᠡᠮᠵᠢᠶ᠎ᠡ ᠶᠢ 2 | ᠡᠷᠦᠬᠡ ᠠᠴᠠ ᠬᠡᠲᠦᠷᠡᠭᠦᠯᠵᠦ ᠪᠣᠯᠬᠤ ᠦᠭᠡᠢ᠂ ᠲᠠᠨᠢᠯᠴᠠᠭᠤᠯᠬᠤ ᠪᠠᠷ ᠪᠠᠶᠢᠭ᠎ᠠ ᠵᠢᠱᠢᠶ᠎ᠡ ᠦᠵᠡᠭᠦᠯᠬᠦ ᠡᠷᠦᠬᠡ ᠨᠢ | ᠲᠡᠵᠢᠭᠡᠨ ᠦᠷᠡᠵᠢᠭᠦᠯᠬᠦ ᠲᠤᠷᠰᠢᠯᠭ᠎ᠠ ᠶᠢ 3 ᠵᠢᠯ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠪᠦᠬᠦ ᠵᠢᠯ ᠤᠨ | ᠬᠠᠰᠢᠶᠠᠯᠠᠨ ᠲᠡᠵᠢᠭᠡᠵᠦ ᠲᠡᠵᠢᠭᠡᠨ ᠦᠷᠡᠵᠢᠭᠦᠯᠬᠦ ᠬᠦᠰᠡᠯ ᠰᠠᠨᠠᠭ᠎ᠠ ᠲᠠᠢ ᠪᠠᠶᠢᠳᠠᠭ᠂ ᠭᠡᠷ ᠪᠦᠯᠢ ᠶᠢᠨ ᠪᠦᠷᠢᠯᠳᠦᠬᠦᠨ ᠤ | ᠳᠣᠲᠣᠷ᠎ᠠ 45 ᠨᠠᠰᠤᠨ ᠠᠴᠠ ᠳᠣᠷᠣᠭᠰᠢᠬᠢ ᠬᠥᠳᠡᠯᠮᠦᠷᠢᠯᠡᠬᠦ ᠴᠢᠳᠠᠪᠤᠷᠢ ᠲᠠᠢ ᠪᠠᠶᠢᠵᠤ᠂ ᠦᠬᠡᠷ ᠤᠨ ᠲᠤᠭ᠎ᠠ | ᠬᠡᠮᠵᠢᠶ᠎ᠡ ᠶᠢ 50 ᠲᠣᠯᠣᠭᠠᠢ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠬᠤᠨᠢᠨ ᠤ ᠲᠤᠭ᠎ᠠ ᠬᠡᠮᠵᠢᠶ᠎ᠡ ᠶᠢ 200 | ᠡᠷᠦᠬᠡ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠰᠤᠮᠤ ᠪᠠᠯᠭᠠᠰᠤ᠄ ᠡᠯ᠎ᠡ ᠰᠤᠮᠤ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ ᠬᠠᠮᠢᠶ᠎ᠠ ᠪᠦᠬᠦᠢ ᠬᠥᠮᠦᠰ ᠢ ᠵᠣᠬᠢᠶᠠᠨ ᠪᠠᠶᠢᠭᠤᠯᠤᠨ ᠡᠯ᠎ᠡ ᠭᠠᠴᠠᠭᠠᠨ ᠤ ᠵᠢᠱᠢᠶ᠎ᠡ ᠦᠵᠡᠭᠦᠯᠬᠦ | ᠡᠷᠦᠬᠡ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠵᠤ᠂ ᠠᠯᠳᠠᠭ᠎ᠠ ᠦᠭᠡᠢ ᠪᠠᠶᠢᠬᠤ ᠶᠢ ᠨᠤᠲᠠᠯᠠᠭᠰᠠᠨ ᠤ ᠳᠠᠷᠠᠭ᠎ᠠ | ᠨᠠᠮ ᠤᠨ ᠬᠤᠷᠢᠶᠠᠨ ᠤ ᠬᠤᠷᠠᠯ ᠬᠤᠷᠠᠯᠳᠤᠭᠤᠯᠵᠤ ᠬᠢᠨᠠᠨ ᠵᠥᠪᠯᠡᠵᠦ ᠪᠠᠲᠤᠯᠠᠬᠤ ᠶᠢᠨ ᠬᠠᠮᠲᠤ ᠵᠠᠷᠯᠠᠨ ᠨᠡᠶᠢᠲᠡᠯᠡᠵᠦ᠂ | ᠨᠡᠶᠢᠲᠡᠯᠡᠭᠡᠳ ᠣᠨᠳᠣᠣ ᠰᠠᠨᠠᠯ ᠦᠭᠡᠢ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠬᠦᠷᠭᠡᠨ᠎ᠡ᠃ ᠬᠤᠰᠢᠭᠤᠨ ᠤ ᠬᠢᠨᠠᠨ ᠲᠣᠭᠲᠠᠭᠠᠯᠲᠠ᠄ ᠬᠤᠰᠢᠭᠤᠨ ᠤ ᠵᠠᠰᠠᠭ ᠤᠨ ᠣᠷᠳᠣᠨ ᠬᠠᠮᠢᠶ᠎ᠠ ᠪᠦᠬᠦᠢ | ᠬᠥᠮᠦᠰ ᠢ ᠵᠣᠬᠢᠶᠠᠨ ᠪᠠᠶᠢᠭᠤᠯᠤᠨ ᠰᠤᠮᠤ ᠪᠠᠯᠭᠠᠰᠤᠨ ᠤ ᠳᠡᠭᠡᠭᠰᠢ ᠮᠡᠳᠡᠭᠦᠯᠦᠭᠰᠡᠨ ᠮᠡᠳᠡᠭᠡ ᠵᠠᠩᠭᠢ ᠶᠢ ᠰᠤᠭᠤᠴᠢᠨ | ᠪᠠᠶᠢᠴᠠᠭᠠᠵᠤ ᠬᠢᠨᠠᠨ ᠬᠠᠷᠭᠤᠭᠤᠯᠵᠤ᠂ ᠠᠯᠳᠠᠭ᠎ᠠ ᠦᠭᠡᠢ ᠪᠠᠶᠢᠬᠤ ᠶᠢ ᠨᠤᠲᠠᠯᠠᠭᠰᠠᠨ ᠤ ᠳᠠᠷᠠᠭ᠎ᠠ ᠮᠠᠯᠵᠢᠬᠤ | ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠠᠴᠠ ᠰᠤᠳᠤᠯᠤᠨ ᠬᠢᠨᠠᠨ ᠵᠥᠪᠯᠡᠵᠦ᠂ ᠬᠢᠨᠠᠨ | ᠵᠥᠪᠯᠡᠵᠦ ᠪᠠᠲᠤᠯᠠᠭᠰᠠᠨ ᠤ ᠳᠠᠷᠠᠭ᠎ᠠ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ | ᠳᠤᠭᠤᠶᠢᠯᠠᠩ ᠳᠤ ᠮᠡᠳᠡᠭᠦᠯᠦᠨ ᠬᠦᠷᠭᠡᠵᠦ ᠳᠠᠩᠰᠠᠯᠠᠭᠤᠯᠤᠨ᠎ᠠ᠃ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠄ ᠪᠦᠬᠦ ᠬᠤᠰᠢᠭᠤᠨ ᠤ ᠬᠡᠪᠴᠢᠶᠡᠨ ᠳᠤ ᠮᠠᠭᠠᠳᠯᠠᠨ | ᠲᠣᠭᠲᠠᠭᠠᠭᠰᠠᠨ ᠮᠠᠯ ᠲᠡᠵᠢᠭᠡᠪᠦᠷᠢ ᠶᠢᠨ ᠵᠢᠱᠢᠶ᠎ᠡ ᠦᠵᠡᠭᠦᠯᠬᠦ ᠡᠷᠦᠬᠡ ᠶᠢ ᠠᠶᠢᠮᠠᠭ᠂ ᠬᠤᠰᠢᠭᠤᠨ ᠤ ᠠᠵᠢᠯ | ᠲᠥᠷᠥᠯ ᠤᠨ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠲᠡᠵᠢᠭᠡᠨ ᠦᠷᠡᠵᠢᠭᠦᠯᠬᠦ ᠮᠡᠷᠭᠡᠵᠢᠯ ᠤᠨ | ᠪᠣᠯᠪᠠᠰᠤᠷᠠᠯ ᠤᠨ ᠠᠩᠭᠢ ᠪᠠ ᠭᠠᠳᠠᠭᠰᠢ ᠭᠠᠷᠴᠤ ᠰᠢᠨᠵᠢᠯᠡᠨ ᠪᠠᠶᠢᠴᠠᠭᠠᠵᠤ ᠰᠤᠷᠤᠯᠴᠠᠬᠤ ᠳᠤ ᠰᠦᠢᠳᠬᠡᠯ ᠬᠤᠷᠢᠶᠠᠬᠤ | ᠦᠭᠡᠢ ᠪᠠᠷ ᠣᠷᠣᠯᠴᠠᠵᠤ ᠪᠣᠯᠤᠨ᠎ᠠ᠃ ᠨᠤᠲᠠᠯᠠᠭᠰᠠᠨ ᠮᠠᠯ ᠲᠡᠵᠢᠭᠡᠪᠦᠷᠢ ᠶᠢᠨ ᠵᠢᠱᠢ᠊ ᠡᠶ᠎ᠡ ᠦᠵᠡᠭᠦᠯᠬᠦ ᠡᠷᠦᠬᠡ ᠪᠤᠶᠤ | ᠡᠭᠦᠯᠳᠡᠷ ᠰᠠᠶᠢᠵᠢᠷᠠᠭᠤᠯᠬᠤ ᠶᠢ ᠬᠡᠷᠡᠭᠵᠢᠭᠦᠯᠦᠭᠰᠡᠨ ᠪᠤᠰᠤᠳ ᠮᠠᠯᠵᠢᠬᠤ ᠲᠠᠷᠢᠶᠠᠯᠠᠬᠤ ᠡᠷᠦᠬᠡ ᠳᠤ ᠮᠠᠯ ᠤᠨ | ᠰᠠᠶᠢᠵᠢᠷᠠᠭᠤᠯᠤᠯᠲᠠ ᠶᠢᠨ ᠵᠥᠷᠢᠶᠡᠵᠢᠭᠦᠯᠦᠭᠰᠡᠨ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ | ᠣᠯᠭᠤᠨ᠎ᠠ᠃ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ | ᠱᠠᠩᠨᠠᠵᠤ ᠨᠥᠬᠦᠪᠥᠷᠢᠯᠡᠬᠦ ᠭᠠᠷᠴᠠᠭ ᠲᠤ ᠨᠠᠷᠢᠨ ᠦᠵᠡᠵᠦ᠂ ᠱᠠᠩᠨᠠᠵᠤ ᠨᠥᠬᠦᠪᠥᠷᠢᠯᠡᠬᠦ ᠪᠡᠯᠡ ᠮᠥᠩᠭᠦ ᠶᠢ ᠡᠯ᠎ᠡ | ᠱᠠᠲᠤᠨ ᠠᠴᠠ ᠵᠣᠯᠭᠠᠭᠤᠯᠬᠤ ᠪᠡᠯᠡ ᠮᠥᠩᠭᠦ ᠵᠢᠴᠢ ᠪᠡᠭᠡᠵᠢᠩ ᠥᠪᠥᠷ ᠮᠣᠩᠭᠤᠯ ᠤᠨ ᠪᠡᠯᠡ ᠮᠥᠩᠭᠦ ᠶᠢᠨ | ᠳᠣᠲᠣᠷ᠎ᠠ ᠠᠴᠠ ᠭᠠᠷᠭᠠᠵᠤ᠂ ᠱᠠᠩᠨᠠᠵᠤ ᠨᠥᠬᠦᠪᠥᠷᠢᠯᠡᠬᠦ ᠳᠡᠭᠡᠳᠦ ᠬᠢᠵᠠᠭᠠᠷ ᠢ 3 ᠲᠦᠮᠡᠨ ᠲᠥᠭᠦᠷᠢᠭ ᠲᠣᠭᠲᠠᠭᠠᠵᠤ᠂ | ᠬᠠᠰᠢᠶᠠᠯᠠᠨ ᠲᠡᠵᠢᠭᠡᠵᠦ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠡᠷᠦᠬᠡ ᠬᠢᠭᠡᠳ ᠵᠢᠱᠢᠶ᠎ᠡ ᠦᠵᠡᠭᠦᠯᠬᠦ ᠪᠤᠰᠤ | ᠡᠷᠦᠬᠡ ᠶᠢᠨ ᠡᠭᠦᠯᠳᠡᠷ ᠰᠠᠶᠢᠵᠢᠷᠠᠭᠤᠯᠤᠭᠠᠳ ᠱᠠᠩᠨᠠᠵᠤ ᠨᠥᠬᠦᠪᠥᠷᠢᠯᠡᠬᠦ ᠬᠢᠵᠠᠭᠠᠷ ᠲᠤᠭ᠎ᠠ ᠶᠢ ᠠᠰ ᠲᠤᠨᠢ ᠪᠣᠳᠣᠵᠤ᠂ | ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠱᠠᠩᠨᠠᠵᠤ ᠨᠥᠬᠦᠪᠥᠷᠢᠯᠡᠬᠦ ᠳᠡᠭᠡᠷ᠎ᠡ ᠲᠠᠯ᠎ᠠ ᠶᠢᠨ ᠬᠢᠵᠠᠭᠠᠷ ᠲᠤᠭ᠎ᠠ ᠳᠤ | ᠣᠷᠣᠭᠤᠯᠬᠤ ᠦᠭᠡᠢ᠃ | ︵ᠵᠢᠷᠭᠤᠭ᠎ᠠ︶ ᠠᠵᠢᠯ ᠣᠯᠭᠤᠯᠲᠠ ᠶᠢᠨ ᠠᠷᠭ᠎ᠠ ᠵᠠᠮ ᠢ ᠣᠯᠠᠨ ᠡᠰᠢᠵᠢᠭᠦᠯᠦᠨ ᠥᠷᠭᠡᠳᠬᠡᠵᠦ ᠰᠠᠭᠠᠳ ᠦᠭᠡᠢ | ᠨᠡᠪᠲᠡᠷᠡᠭᠦᠯᠬᠦ ᠶᠢ ᠲᠦᠯᠬᠢᠨ ᠠᠬᠢᠭᠤᠯᠤᠨ᠎ᠠ | ︽ᠦᠯᠡᠳᠡᠭᠡᠯ ᠬᠡᠮᠵᠢᠶ᠎ᠡ ᠶᠢ ᠲᠣᠭᠲᠠᠪᠤᠷᠢᠵᠢᠭᠤᠯᠬᠤ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ | ᠳᠡᠭᠡᠭᠰᠢᠯᠡᠭᠦᠯᠬᠦ︾ ᠱᠠᠭᠠᠷᠳᠠᠯᠭ᠎ᠠ ᠶᠣᠰᠣᠭᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠶᠢ | ᠠᠬᠢᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠭᠠᠳᠠᠭᠰᠢ ᠭᠠᠷᠴᠤ ᠠᠵᠢᠯ ᠣᠯᠭᠤᠵᠤ ᠠᠵᠢᠯ | ᠣᠯᠭᠤᠬᠤ ᠶᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠪᠤᠷᠢᠵᠢᠭᠤᠯᠵᠤ᠂ ᠣᠶᠢᠷ᠎ᠠ ᠬᠠᠪᠢ ᠶᠢᠨ | ᠠᠵᠢᠯ ᠣᠯᠭᠤᠬᠤ ᠠᠵᠢᠯ ᠤᠨ ᠪᠠᠶᠢᠷᠢ ᠶᠢ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠭᠡᠨ ᠤ ᠮᠡᠷᠭᠡᠵᠢᠯ | ᠴᠢᠳᠠᠪᠤᠷᠢ ᠶᠢᠨ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠷᠠᠭᠤᠯᠤᠨ᠂ ᠨᠡᠩ ᠣᠯᠠᠨ ᠮᠠᠯᠴᠢᠨ | ᠲᠠᠷᠢᠶᠠᠴᠢᠨ ᠳᠤ ᠭᠦᠢᠴᠡᠳ ᠠᠵᠢᠯ ᠣᠯᠭᠤᠬᠤ᠂ ᠴᠢᠨᠠᠷ ᠰᠠᠶᠢᠲᠠᠢ ᠠᠵᠢᠯ ᠣᠯᠭᠤᠬᠤ ᠶᠢ ᠠᠬᠢᠭᠤᠯᠤᠨ᠎ᠠ᠃ 2024 | ᠣᠨ ᠳᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠠᠴᠠ ᠭᠠᠳᠠᠨ᠎ᠠ᠂ ᠪᠦᠬᠦ ᠬᠤᠰᠢᠭᠤᠨ ᠤ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ | ᠣᠯᠭᠤᠭᠰᠠᠨ ᠬᠥᠮᠦᠨ ᠤ ᠲᠤᠭ᠎ᠠ 1550 ᠬᠥᠮᠦᠨ ᠳᠤ ᠬᠦᠷᠪᠡ᠃ | ᠳᠡᠮᠵᠢᠬᠦ ᠴᠢᠭᠯᠡᠯ᠄ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ᠂ ᠵᠠᠮ ᠬᠠᠷᠢᠯᠴᠠᠭᠠᠨ ᠤ | ᠨᠥᠬᠦᠪᠥᠷᠢ ᠵᠡᠷᠭᠡ ᠪᠠᠷ ᠭᠠᠷᠳᠠᠴᠠ ᠪᠣᠯᠭᠠᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ︵ᠬᠢᠨᠠᠨ ᠬᠡᠮᠵᠢᠬᠦ | ᠡᠲᠡᠭᠡᠳ︶ ᠶᠢᠨ ᠢᠳᠡᠪᠬᠢᠲᠡᠢ ᠪᠠᠷ ᠭᠠᠳᠠᠭᠰᠢ ᠭᠠᠷᠴᠤ ᠠᠵᠢᠯ ᠬᠢᠵᠦ ᠠᠵᠢᠯ ᠣᠯᠬᠤ ᠶᠢ ᠳᠡᠮᠵᠢᠨ᠎ᠡ᠃ | ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠶᠡᠷᠦᠩᠬᠡᠶᠢᠯᠡᠭᠰᠡᠨ ᠦᠢᠯᠡᠴᠢᠯᠡᠭᠡᠨ ᠤ ᠢᠨᠵᠧᠨᠧᠷᠢᠩ ᠳᠤ | ᠲᠦᠰᠢᠭᠯᠡᠨ ᠬᠥᠳᠡᠯᠮᠦᠷᠢ ᠬᠦᠴᠦᠨ ᠤ ᠳᠠᠯᠳᠠ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠠᠭᠤᠳᠠᠯᠬᠤ ᠪᠠ | ᠪᠠᠳᠠᠷᠠᠭᠤᠯᠵᠤ᠂ ᠦᠯᠡᠭᠦᠦ ᠬᠥᠳᠡᠯᠮᠦᠷᠢ ᠬᠦᠴᠦᠨ ᠤ ᠠᠭᠯᠠᠭ ᠠᠭᠤᠯᠠ ᠡᠵᠡᠭᠦᠢ ᠪᠠᠯ ᠤᠨ ᠣᠷᠣᠨ ᠪᠦᠰᠡᠵᠢᠭᠰᠡᠨ ᠠᠮᠢ | ᠠᠬᠤᠢ ᠶᠢᠨ ᠵᠠᠰᠠᠯᠲᠠ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠨᠠᠷᠢᠯᠢᠭ ᠣᠨᠣᠪᠴᠢᠲᠠᠢ ᠪᠠᠷ ᠪᠤᠶᠢᠵᠢᠭᠤᠯᠤᠨ | ᠳᠡᠭᠡᠭᠰᠢᠯᠡᠭᠦᠯᠬᠦ ᠶᠢ ᠳᠡᠮᠵᠢᠵᠦ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠢᠯ ᠵᠡᠷᠭᠡ | ᠢᠨᠵᠧᠨᠧᠷᠢᠩ ᠢ ᠳᠡᠯᠭᠡᠷᠡᠭᠦᠯᠦᠨ ᠠᠵᠢᠯ ᠣᠯᠭᠤᠵᠤ᠂ ᠠᠵᠢᠯ ᠬᠥᠳᠡᠯᠮᠦᠷᠢ ᠬᠢᠵᠦ ᠪᠠᠶᠢᠭ᠎ᠠ ᠣᠯᠠᠨ ᠲᠦᠮᠡᠨ ᠤ ᠣᠶᠢᠷ᠎ᠠ | ᠬᠠᠪᠢ ᠳᠠᠭᠠᠨ ᠠᠵᠢᠯ ᠣᠯᠤᠭᠰᠠᠳ ᠤᠨ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠲᠤᠰᠬᠠᠢ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ᠮᠠᠯᠴᠢᠨ | ᠲᠠᠷᠢᠶᠠᠴᠢᠨ ᠤ ᠬᠥᠳᠡᠯᠮᠦᠷᠢ ᠶᠢᠨ ᠮᠡᠷᠭᠡᠵᠢᠯ ᠤᠨ ᠴᠢᠳᠠᠪᠤᠷᠢ ᠶᠢᠨ ᠬᠢᠷᠢ ᠬᠡᠮᠵᠢᠶ᠎ᠡ ᠪᠣᠯᠤᠨ ᠠᠳᠠᠯ ᠦᠢᠯᠡᠰ ᠴᠣᠭᠴᠠᠯᠠᠨ | ᠠᠵᠢᠯ ᠣᠯᠭᠤᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠄ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ᠃ ᠡᠯ᠎ᠡ ᠰᠤᠮᠤ ᠪᠠᠯᠭᠠᠰᠤ ᠨᠢ ᠭᠠᠴᠠᠭᠠᠨ ᠤ ︽ᠬᠤᠶᠠᠷ ᠵᠥᠪᠯᠡᠯ︾ | ᠪᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠵᠣᠬᠢᠶᠠᠨ ᠪᠠᠶᠢᠭᠤᠯᠵᠤ ᠸᠢᠴᠠᠲ᠂ ᠡᠷᠦᠬᠡ ᠳᠤ ᠣᠷᠣᠭᠤᠯᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠲᠥᠷᠥ ᠶᠢᠨ | ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠵᠦ᠂ ᠡᠯ᠎ᠡ ᠲᠥᠷᠥᠯ ᠤᠨ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠪᠠ᠃ ᠣᠶᠢᠷ᠎ᠠ ᠬᠠᠪᠢ ᠪᠠᠷ ᠠᠵᠢᠯ | ᠣᠯᠭᠤᠬᠤ ᠶᠢ ᠬᠥᠲᠥᠯᠥᠨ ᠵᠢᠯᠣᠭᠤᠳᠬᠤ ᠶᠢ ᠴᠢᠩᠭᠠᠷᠠᠭᠤᠯᠵᠤ᠂ ᠠᠵᠢᠯ ᠣᠯᠬᠤ ᠬᠦᠰᠡᠯ ᠲᠠᠢ ᠠᠵᠢᠯ ᠣᠯᠬᠤ | ᠴᠢᠳᠠᠪᠤᠷᠢ ᠲᠠᠢ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ ᠪᠠᠶᠢᠭᠠᠳ ᠠᠵᠢᠯ ᠣᠯᠭᠤᠬᠤ ᠪᠠᠷ ᠲᠡᠳᠬᠦᠮᠵᠢ ᠶᠢ | ᠣᠷᠣᠯᠠᠭᠤᠯᠬᠤ ᠢᠨᠵᠧᠨᠧᠷᠢᠩ ᠤᠨ ᠲᠥᠷᠥᠯ ᠵᠦᠢᠯ ᠵᠡᠷᠭᠡ ᠣᠶᠢᠷ᠎ᠠ ᠬᠠᠪᠢ ᠳᠤᠨᠢ ᠠᠵᠢᠯ ᠣᠯᠭᠤᠨ᠎ᠠ᠃ ᠬᠥᠳᠡᠯᠮᠦᠷᠢ | ᠬᠦᠴᠦᠨ ᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠤᠰᠤᠳ | ᠲᠠᠯ᠎ᠠ ᠶᠢᠨ ᠲᠣᠭᠤᠷᠢᠨ ᠳᠤ ᠣᠷᠣᠯᠭ᠎ᠠ ᠪᠠᠨ ᠨᠡᠮᠡᠭᠳᠡᠭᠦᠯᠵᠦ ᠪᠠᠶᠢᠭ᠎ᠠ ᠵᠦᠢᠯ ᠤᠳ ᠢ ᠢᠳᠡᠪᠬᠢᠲᠡᠢ ᠵᠣᠬᠢᠶᠠᠨ | ᠪᠠᠶᠢᠭᠤᠯᠵᠤ᠂ ᠣᠯᠠᠨ ᠲᠦᠮᠡᠨ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠪᠠᠶᠢᠭᠠᠳ ᠮᠠᠯ ᠳᠤ ᠣᠷᠣᠯᠴᠠᠭᠤᠯᠪᠠ᠃ | ᠮᠠᠯ ᠲᠡᠵᠢᠭᠡᠨ ᠦᠷᠡᠵᠢᠭᠦᠯᠬᠦ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ ᠪᠣᠯᠪᠠᠰᠤᠷᠠᠯ ᠤᠨ | ᠠᠩᠭᠢ ᠮᠠᠯᠴᠢᠨ ᠲᠠᠷᠢᠶᠠᠴᠢᠨ ᠤ ᠠᠵᠢᠯ ᠣᠯᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠄ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ︵ᠬᠢᠨᠠᠨ | ᠬᠡᠮᠵᠢᠬᠦ ᠡᠲᠡᠭᠡᠳ︶ ᠳᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠃ ᠣᠨ ᠤ ᠳᠣᠲᠣᠷ᠎ᠠ 3 ᠰᠠᠷ᠎ᠠ ᠠᠴᠠ | ᠳᠡᠭᠡᠭᠰᠢ ᠲᠣᠭᠲᠠᠪᠤᠷᠢᠲᠠᠢ ᠠᠵᠢᠯ ᠣᠯᠤᠭᠰᠠᠨ ᠮᠥᠷᠲᠡᠭᠡᠨ ᠬᠥᠳᠡᠯᠮᠦᠷᠢ ᠦᠢᠯᠡᠴᠢᠯᠡᠭᠡᠨ ᠤ ᠭᠡᠷ᠎ᠡ ︵ᠠᠵᠢᠯ ᠣᠯᠭᠤᠬᠤ | ᠬᠡᠯᠡᠯᠴᠡᠭᠡᠷ︶ ᠪᠠ ᠴᠠᠯᠢᠩ ᠤᠨ ᠭᠡᠷᠡᠴᠢ ᠬᠠᠩᠭᠠᠵᠤ ᠳᠡᠶᠢᠯᠬᠦ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ︵ᠬᠢᠨᠠᠨ | ᠬᠡᠮᠵᠢᠭᠰᠡᠨ ᠡᠲᠡᠭᠡᠳ︶ ᠳᠤ ᠨᠢᠭᠡ ᠯᠡ ᠤᠳᠠᠭ᠎ᠠ ᠶᠢᠨ ᠴᠢᠨᠠᠷᠲᠠᠢ ᠵᠠᠮ ᠬᠠᠷᠢᠯᠴᠠᠭᠠᠨ ᠤ ᠨᠥᠬᠦᠪᠥᠷᠢ ᠪᠠ ᠬᠦᠴᠦ | ᠶᠠᠪᠤᠬᠤ ᠨᠥᠬᠦᠪᠥᠷᠢ ᠣᠯᠭᠤᠨ᠎ᠠ᠃ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠬᠦ᠂ ᠠᠵᠤ ᠠᠬᠤᠢ ᠶᠢᠨ | ᠣᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠳᠠᠶᠢᠴᠢᠯᠠᠬᠤ᠂ ᠮᠠᠯ ᠤᠨ ᠡᠭᠦᠯᠳᠡᠷ ᠢ ᠰᠠᠶᠢᠵᠢᠷᠠᠭᠤᠯᠬᠤ ᠶᠢ ᠬᠥᠭᠵᠢᠭᠦᠯᠬᠦ ᠪᠠᠷ ᠳᠠᠮᠵᠢᠭᠤᠯᠤᠨ ᠠᠵᠢᠯ | ᠣᠯᠤᠭᠰᠠᠨ ᠮᠠᠯᠴᠢᠨ ᠲᠠᠷᠢᠶᠠᠴᠢᠳ ᠲᠤ ᠲᠤᠰ ᠲᠤᠰ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠪᠠᠷ ᠯᠠᠪᠯᠠᠯᠲᠠ ᠪᠣᠯᠭᠠᠵᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠦᠨ᠎ᠡ᠃ | ᠭᠤᠷᠪᠠ᠂ ᠠᠵᠢᠯ ᠤᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠮᠠᠯᠴᠢᠨ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠬᠦ ᠶᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ | ᠭᠤᠣᠯ ᠡᠭᠦᠷᠭᠡ ᠪᠣᠯᠭᠠᠨ ᠠᠳᠬᠤᠬᠤ ᠶᠢ ᠪᠠᠷᠢᠮᠲᠠᠯᠠᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ | ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠪᠠᠨ ᠪᠦᠬᠦ ᠲᠠᠯ᠎ᠠ ᠪᠠᠷ ᠴᠢᠩᠭᠠᠳᠬᠠᠵᠤ᠂ ᠲᠤᠰ ᠲᠥᠰᠦᠯ ᠤᠨ ᠱᠠᠭᠠᠷᠳᠠᠯᠭ᠎ᠠ | ᠶᠣᠰᠣᠭᠠᠷ ᠠᠬᠢᠭᠤᠯᠬᠤ ᠠᠷᠭ᠎ᠠ ᠬᠡᠮᠵᠢᠶ᠎ᠡ ᠪᠣᠯᠤᠨ ᠠᠵᠢᠯᠯᠠᠬᠤ ᠴᠠᠭ ᠤᠨ ᠬᠢᠵᠠᠭᠠᠷ ᠢ ᠤᠯᠠᠮ ᠴᠢᠨᠠᠭᠰᠢᠳᠠ | ᠨᠠᠷᠢᠯᠢᠬᠵᠢᠭᠤᠯᠵᠤ᠂ ᠡᠯ᠎ᠡ ᠵᠦᠢᠯ ᠤᠨ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ᠂ ᠪᠦᠲᠦᠮᠵᠢᠲᠡᠢ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ︵ᠬᠤᠶᠠᠷ︶ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ᠃ ᠲᠥᠪ ᠪᠠ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ | ᠨᠥᠬᠦᠪᠥᠷᠢ ᠶᠢᠨ ᠪᠡᠯᠡ ᠮᠥᠩᠭᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠪᠡᠯᠡ ᠮᠥᠩᠭᠦ᠂ ᠲᠠᠷᠢᠶᠠᠯᠠᠩ ᠮᠠᠯ | ᠠᠵᠤ ᠠᠬᠤᠢ ᠳᠤ ᠬᠤᠯᠪᠣᠭᠳᠠᠬᠤ ᠡᠮᠬᠢᠯᠡᠨ ᠨᠡᠶᠢᠯᠡᠭᠦᠯᠬᠦ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠬᠡᠷᠡᠭᠯᠡᠬᠦ | ᠡᠷᠴᠢᠮ ᠢᠶᠠᠨ ᠴᠢᠩᠭᠠᠷᠠᠭᠤᠯᠵᠤ᠂ ᠪᠡᠯᠡ ᠮᠥᠩᠭᠦ ᠶᠢᠨ ᠣᠷᠣᠭᠤᠯᠤᠯᠲᠠ ᠶᠢ ᠪᠠᠲᠤᠯᠠᠬᠤ ᠪᠠᠷ ᠪᠠᠷᠠᠬᠤ ᠦᠭᠡᠢ ᠪᠠᠰᠠ | ᠲᠥᠷᠥᠯ ᠵᠦᠢᠯ ᠤᠨ ᠥᠨᠳᠥᠷ ᠪᠦᠲᠦᠮᠵᠢᠲᠡᠢ ᠪᠠᠶᠢᠬᠤ ᠶᠢ ᠪᠠᠲᠤᠯᠠᠵᠤ᠂ ᠣᠷᠣᠯᠭ᠎ᠠ ᠶᠢᠨ ᠨᠡᠮᠡᠭᠳᠡᠯ ᠤᠨ ᠦᠷ᠎ᠡ | ᠠᠰᠢᠭ ᠢ ᠬᠠᠮᠤᠭ ᠤᠨ ᠶᠡᠭᠡ ᠪᠠᠷ ᠨᠡᠮᠡᠭᠳᠡᠭᠦᠯᠬᠦ ᠬᠡᠷᠡᠭᠲᠡᠢ᠃ | ︵ᠭᠤᠷᠪᠠ︶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠷᠠᠭᠤᠯᠬᠤ ᠬᠡᠷᠡᠭᠲᠡᠢ᠃ ᠮᠠᠯᠴᠢᠨ | ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠢ ᠣᠨ ᠤ ᠰᠢᠯᠭᠠᠨ ᠬᠢᠨᠠᠬᠤ | ᠭᠤᠣᠯᠳᠠᠯᠭ᠎ᠠ ᠲᠠᠢ ᠠᠭᠤᠯᠭ᠎ᠠ ᠳᠤ ᠣᠷᠣᠭᠤᠯᠵᠤ᠂ ᠡᠳᠦᠷ ᠲᠤᠲᠤᠮ ᠤᠨ ᠲᠣᠬᠢᠷᠠᠭᠤᠯᠤᠯᠲᠠ ᠶᠢ ᠴᠢᠩᠭᠠᠳᠬᠠᠨ᠂ | ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ᠃ | |