ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠶᠡᠭᠡ ᠬᠡᠷᠡᠭ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2024/5/17
    ︵1  ᠰᠠᠷ᠎ᠠ ᠶᠢᠨ 1 ᠤ ᠡᠳᠦᠷ ᠠᠴᠠ 1 ᠳ᠋ᠦᠭᠡᠷ ᠰᠠᠷ᠎ᠠ ᠶᠢᠨ 31 ᠤ ᠡᠳᠦᠷ︶    1 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠮᠧᠩ ᠨᠧᠩ ᠵᠠᠭᠤᠨ ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠥᠷᠥᠯ ᠵᠦᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃    1 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢ᠊ ᠡᠶ᠎ᠡ ᠶᠢᠨ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠵᠣᠯᠭᠠᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ ᠂ ᠬᠠᠢ ᠨᠧᠢ ᠰᠢᠭᠤᠳ ᠪᠡᠯᠡ ᠣᠷᠣᠭᠤᠯᠬᠤ ︵ᠬᠠᠷᠠᠮᠥ᠋ᠷᠡᠨ︶ ᠬᠢᠵᠠᠭᠠᠷᠲᠤ ᠺᠣᠮᠫᠠᠨᠢ᠂ ᠵᠥᠩ ᠴᠤᠸᠠᠨ ᠬᠤᠸᠠ ᠰᠢᠶᠠ ︵ᠱᠧᠨᠵᠧᠨ︶ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠬᠤᠶᠠᠳᠤᠭᠠᠷ ᠠᠭᠠᠷ ᠤᠨ ᠠᠶᠠᠯᠠᠯ ᠤᠨ ᠲᠣᠪᠴᠢᠶ᠎ᠠ ᠶᠢᠨ ᠯᠦᠩ ᠵᠢᠶᠠᠩ ᠺᠣᠮᠫᠠᠨᠢ ᠶᠢᠨ ᠬᠤᠯᠪᠣᠭᠳᠠᠯ ᠪᠦᠬᠦᠢ ᠬᠥᠮᠦᠰ ᠬᠤᠷᠠᠯ ᠳᠤ ᠣᠷᠣᠯᠴᠠᠵᠠᠢ᠃    1 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ G1015 ᠰᠢᠨ ᠹᠠ ᠠᠴᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃    1 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠾᠧᠨᠠᠨ ᠤ ᠪᠢᠨ ᠬᠤᠤ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠬᠤ ᠲᠥᠷᠥᠯ ᠵᠦᠢᠯ ᠢ ᠵᠣᠯᠭᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃    1 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ︽ᠲᠠᠪᠤᠨ ᠶᠡᠭᠡ ᠡᠭᠦᠷᠭᠡ︾ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠩᠬᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃    1 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠣᠷᠣᠯᠴᠠᠭᠰᠠᠨ ᠪᠥᠭᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠪᠡ᠃    1 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠵᠢᠴᠢ 2024 ᠣᠨ ᠤ ᠰᠢᠨ᠎ᠡ ᠪᠠᠷ ᠪᠠᠶᠢᠭᠤᠯᠬᠤ ᠴᠢᠬᠤᠯᠠ ᠶᠡᠭᠡ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    1 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ︽ᠲᠠᠪᠤᠨ ᠶᠡᠭᠡ ᠡᠭᠦᠷᠭᠡ︾ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠶᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃    1 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃    1 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠰᠢᠭᠤ ᠰᠤᠮᠤ ︵ᠪᠠᠯᠭᠠᠰᠤ︶ ᠭᠠᠴᠠᠭᠠᠨ ᠤ ᠭᠤᠷᠪᠠᠨ ᠱᠠᠲᠤᠨ ᠤ ᠺᠠᠳ᠋ᠷ ᠵᠢᠴᠢ ᠲᠣᠰᠬᠤᠨ ᠤ ᠠᠷᠠᠳ ᠤᠨ ᠲᠥᠯᠥᠭᠡᠯᠡᠭᠴᠢ ᠶᠢᠨ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠪᠣᠯᠪᠠᠰᠤᠷᠠᠭᠤᠯᠤᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃    1 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠬᠡᠯᠪᠡᠷᠢ ᠪᠠᠷ ᠪᠦᠬᠦ ᠬᠤᠰᠢᠭᠤᠨ ᠤ ᠭᠤᠣᠯᠳᠠᠯᠭ᠎ᠠ ᠲᠠᠢ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃               ︵2 ᠳ᠋ᠤᠭᠠᠷ ᠰᠠᠷ᠎ᠠ ᠶᠢᠨ 1 ᠤ ᠡᠳᠦᠷ ᠠᠴᠠ 2 ᠳ᠋ᠤᠭᠠᠷ ᠰᠠᠷ᠎ᠠ ᠶᠢᠨ 29 ᠤ ᠡᠳᠦᠷ︶    2 ᠰᠠᠷ᠎ᠠ ᠶᠢᠨ 19 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠨ ᠤ ᠲᠠᠩᠭᠠᠷᠢᠭ ᠤᠨ ᠶᠡᠭᠡ ᠬᠤᠷᠠᠯ ᠬᠤᠷᠠᠯᠳᠤᠭᠤᠯᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠴᠢᠨ ᠬᠤᠸᠠ ᠵᠧᠨ᠂ ᠠᠶᠢᠮᠠᠭ ᠤᠨ ᠳᠡᠳ᠋ ᠳᠠᠷᠤᠭ᠎ᠠ ᠴᠢᠦᠢ ᠵᠧᠨ ᠨᠢᠶᠠᠨ᠂ ᠠᠶᠢᠮᠠᠭ ᠤᠨ ᠳᠡᠳ᠋ ᠳᠠᠷᠤᠭ᠎ᠠ ᠸᠠᠩ ᠴᠦᠨ ᠶᠢᠦ᠂ ᠠᠶᠢᠮᠠᠭ ᠤᠨ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠭᠧᠩ ᠲᠢᠶᠠᠨ ᠯᠢᠶᠠᠩ᠂ ᠳᠡᠳ᠋ ᠲᠣᠪᠴᠢᠶᠠᠨ ᠳᠠᠷᠤᠭ᠎ᠠ ᠯᠢᠦ ᠾᠧᠩ ᠨᠢᠶᠠᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃    2 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠲᠥᠷᠥᠯ ᠵᠦᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃    2 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠪᠦᠯᠬᠦᠮ ᠳᠠᠭᠠᠭᠤᠯᠤᠨ ᠭᠢᠷᠢᠨ ᠮᠤᠵᠢ ᠶᠢᠨ ᠰᠦᠩᠶᠤᠸᠠᠨ ᠬᠤᠲᠠ ᠶᠢᠨ ᠡᠮᠦᠨ᠎ᠡ ᠭᠤᠷᠯᠣᠰ ᠤᠨ ᠮᠣᠩᠭᠤᠯ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠳᠤ ᠬᠦᠷᠴᠦ ᠵᠣᠯᠭᠠᠭᠤᠯᠤᠭᠰᠠᠨ ᠪᠥᠭᠡᠳ ᠬᠤᠶᠠᠷ ᠭᠠᠵᠠᠷ ᠤᠨ ᠣᠷᠣᠨ ᠪᠦᠰᠡ ᠶᠢᠨ ᠬᠠᠮᠵᠢᠯᠴᠠᠭᠠᠨ ᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤ ᠨᠢ ᠡᠮᠦᠨᠡᠲᠦ ᠭᠤᠷᠯᠣᠰ ᠤᠨ ᠮᠣᠩᠭᠤᠯ ᠦᠠᠳᠣᠰᠣᠳᠠᠠ ᠶᠢᠨ ᠦᠪᠠᠷᠳᠠᠬᠡᠠ ᠵᠠᠰᠠᠬᠤ ᠱᠢᠶᠠᠨ ᠲᠠᠢ ᠨᠥᠬᠦᠷᠰᠡᠭ ᠬᠤᠲᠠ ᠶᠢᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠣᠭᠲᠠᠵᠤ᠂ ᠬᠤᠶᠠᠷ ᠲᠠᠯ᠎ᠠ ᠪᠠᠷ ᠢᠶᠠᠨ ᠰᠣᠶᠣᠯ ᠵᠢᠭᠤᠯᠴᠢᠯᠠᠯ᠂ ᠣᠳᠣ ᠦᠶ᠎ᠡ ᠶᠢᠨ ᠲᠠᠷᠢᠶᠠᠯᠠᠠ᠊ ᠡᠶ᠎ᠡ᠂ ᠨᠡᠶᠢᠭᠡᠮ ᠤᠨ ᠦᠢᠯᠡᠰ᠂ ᠦᠠᠳᠣᠰᠣᠳᠠᠠ ᠶᠢᠨ ᠡᠮ ᠡᠮᠨᠡᠯᠭᠡ ᠵᠠᠷᠭ᠍᠊ ᠡ᠎ᠠ ᠲᠠᠯ᠎ᠠ ᠪᠠᠷ ᠦᠷᠬᠡᠠ ᠳᠡᠯᠭᠡᠷ ᠬᠠᠮᠲᠤᠷᠠᠯᠴᠠᠭ᠎ᠠ ᠥᠷᠨᠢᠭᠦᠯᠬᠦ ᠪᠣᠯᠤᠨ᠎ᠠ᠃ 2 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠪᠦᠯᠬᠦᠮ ᠳᠠᠭᠠᠭᠤᠯᠤᠨ ᠴᠠᠭᠠᠨ ᠨᠠᠭᠤᠷ ᠤᠨ ᠠᠮᠢ ᠠᠬᠤᠢ ᠶᠢᠨ ᠵᠢᠵᠢᠭ ᠪᠠᠯᠭᠠᠰᠤ᠂ ᠴᠠᠭᠠᠨᠨᠠᠭᠤᠷ ᠤᠨ ᠠᠮᠢ ᠠᠬᠤᠢ ᠶᠢᠨ ᠤᠰᠤᠨ ᠤ ᠡᠷᠭᠢ᠂ ᠴᠠᠭᠠᠨᠨᠠᠭᠤᠷ ᠤᠨ ᠵᠢᠭᠠᠰᠤ ᠠᠩᠨᠠᠬᠤ ᠰᠣᠶᠣᠯ ᠤᠨ ᠮᠦᠽᠧᠢ ᠵᠡᠷᠭᠡ ᠭᠠᠵᠠᠷ ᠢᠶᠠᠷ ᠭᠦᠨᠵᠡᠭᠡᠶᠢᠷᠡᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ᠂ ᠠᠮᠢ ᠠᠬᠤᠢ ᠶᠢᠨ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠪᠡ᠃    2 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠲᠥᠪ ᠤᠨ ᠤᠬᠠᠭᠤᠯᠬᠤ ᠬᠡᠯᠲᠡᠰ ᠲᠤ ᠬᠦᠷᠴᠦ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠪᠠᠶᠢᠯᠳᠤᠭᠠᠨ ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠢ ᠬᠠᠷᠢᠭᠤ ᠮᠡᠳᠡᠭᠦᠯᠪᠡ᠃    2 ᠰᠠᠷ᠎ᠠ ᠶᠢᠨ 28 ᠤ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠬᠢᠭᠡᠳ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠨᠡᠮᠡᠷᠢᠯᠡᠬᠦ︾ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢᠨ ᠲᠤᠬᠠᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃    2 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠨ ᠤ ᠬᠠᠮᠢᠶ᠎ᠠ ᠪᠦᠬᠦᠢ ᠤᠴᠢᠷ ᠶᠠᠪᠤᠳᠠᠯ ᠤᠨ ᠲᠤᠬᠠᠢ ᠤᠯᠤᠰ ᠤᠨ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠳᠤ ᠬᠦᠷᠴᠦ ᠪᠠᠷᠠᠳᠠᠪᠠ᠃    2 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠳᠤᠮᠳᠠᠳᠤ ᠤᠯᠤᠰ ᠤᠨ ᠺᠢᠨᠣ᠋ ᠶᠢᠨ ᠪᠦᠯᠦᠭᠯᠡᠯ ᠳᠤ ᠬᠦᠷᠴᠦ ᠠᠵᠢᠯ ᠢ ᠵᠣᠯᠭᠠᠭᠤᠯᠪᠠ᠃ ᠳᠤᠮᠳᠠᠳᠤ ᠤᠯᠤᠰ ᠤᠨ ᠺᠢᠨᠣ᠋ ᠶᠢᠨ ᠨᠠᠮ ᠤᠨ ᠲᠡᠦᠬᠡ ᠶᠢᠨ ᠣᠷᠳᠣᠨ ᠤ ᠺᠢᠨᠣ᠋ ᠶᠢᠨ ᠣᠷᠳᠣᠨ ᠳᠤ ᠬᠦᠷᠴᠦ ᠲᠤᠬᠠᠢ ᠶᠢᠨ ᠭᠠᠵᠠᠷ ᠲᠤᠨᠢ ᠲᠣᠭᠤᠷᠢᠨ ᠦᠵᠡᠭᠰᠡᠨ ᠪᠥᠭᠡᠳ ᠳᠤᠮᠳᠠᠳᠤ ᠤᠯᠤᠰ ᠤᠨ ᠺᠢᠨᠣ᠋ ᠶᠢᠨ ᠪᠦᠯᠦᠭᠯᠡᠯ ᠳᠤ ᠶᠠᠷᠢᠯᠴᠠᠬᠤ ᠬᠤᠷᠠᠯ ᠬᠤᠷᠠᠯᠳᠤᠭᠤᠯᠪᠠ᠃           ︵3 ᠳ᠋ᠤᠭᠠᠷ ᠰᠠᠷ᠎ᠠ ᠶᠢᠨ 1 ᠤ ᠡᠳᠦᠷ ᠠᠴᠠ 3 ᠳ᠋ᠤᠭᠠᠷ ᠰᠠᠷ᠎ᠠ ᠶᠢᠨ 31 ᠤ ᠡᠳᠦᠷ︶    3 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠭᠢᠷᠢᠨ ᠮᠤᠵᠢ ᠶᠢᠨ ᠰᠢᠨ ᠬᠠᠩ ᠢᠦᠢ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠣᠯᠠᠨ ᠤᠯᠤᠰ ᠤᠨ ᠤᠶᠤᠨᠲᠤ ᠮᠥᠭᠦ ᠶᠢᠨ ᠲᠥᠷᠥᠯ ᠤᠨ ᠣᠳᠣᠬᠢᠴᠢᠯᠠᠭᠰᠠᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠲᠠᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃    3 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ 2024 ᠣᠨ ᠤ ᠠᠩᠬᠠᠳᠤᠭᠠᠷ ᠤᠳᠠᠭᠠᠨ ᠤ ᠪᠦᠭᠦᠳᠡ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠪᠠ ᠬᠠᠪᠤᠷ ᠤᠨ ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃    3 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ︽ᠲᠠᠪᠤᠨ ᠶᠡᠭᠡ ᠡᠭᠦᠷᠭᠡ︾ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃    3 ᠰᠠᠷ᠎ᠠ ᠶᠢᠨ 26 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠠᠯᠠᠢ ᠶᠢᠨ ᠰᠢᠭᠤᠳ ᠪᠡᠯᠡ ᠣᠷᠣᠭᠤᠯᠬᠤ ︵ᠥᠪᠥᠷ ᠮᠣᠩᠭᠤᠯ︶ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠲᠠᠢ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠵᠥᠪᠯᠡᠯᠴᠡᠬᠡᠷ ᠲᠣᠭᠲᠠᠬᠤ ᠶᠣᠰᠣᠯᠠᠯ ᠶᠠᠪᠤᠭᠤᠯᠪᠠ᠃    3 ᠰᠠᠷ᠎ᠠ ᠶᠢᠨ 26 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠭᠢᠷᠢᠨ ᠮᠤᠵᠢ ᠶᠢᠨ ᠰᠢᠨ ᠬᠠᠩ ᠢᠦᠢ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠲᠠᠢ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ᠃    3 ᠰᠠᠷ᠎ᠠ ᠶᠢᠨ 26 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠨᠾᠦ᠋ᠢ ᠶᠢᠨ ᠺᠠᠢ ᠨᠦᠸᠧ ᠴᠠᠬᠢᠯᠭᠠᠨ ᠳᠡᠭᠡᠰᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠰᠢᠨ᠎ᠡ ᠡᠨᠧᠷᠭᠢ ᠶᠢᠨ ᠴᠠᠬᠢᠯᠭᠠᠨ ᠳᠡᠭᠡᠰᠦ ᠶᠢᠨ ᠦᠢᠯᠡᠳᠪᠦᠷᠢᠯᠡᠯ ᠤᠨ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃    3 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠨ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃    3 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠠᠴᠠ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠳᠤ ᠬᠦᠷᠴᠦ ᠵᠢᠷ ᠤᠨ ᠴᠠᠬᠢᠯᠭᠠᠨ ᠬᠦᠷᠭᠡᠬᠦ ᠱᠤᠭᠤᠮ ᠤᠨ ᠢᠨᠵᠧᠨᠧᠷᠢᠩ᠂ ᠬᠤᠤᠯᠢᠩᠭᠤᠤᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠡᠮᠡᠵᠦ ᠲᠦᠭᠡᠭᠡᠬᠦ ᠴᠠᠬᠢᠯᠭᠠᠨ ᠤ ᠲᠣᠣᠷ ᠤᠨ ᠪᠣᠬᠢᠷᠲᠤᠯ ᠦᠭᠡᠢ ᠬᠠᠩᠭᠠᠬᠤ ᠬᠠᠷᠠᠯᠲᠠ ᠶᠢ 220KV ᠴᠠᠬᠢᠯᠭᠠᠨ ᠬᠦᠷᠭᠡᠬᠦ ᠱᠤᠭᠤᠮ ᠤᠨ ᠢᠨᠵᠧᠨᠧᠷᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠢᠨᠠᠨ ᠬᠠᠷᠭᠤᠭᠤᠯᠪᠠ᠃    3 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ 2024 ᠣᠨ ᠤ ᠣᠢ ᠰᠢᠭᠤᠢ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号