ᠰᠢ ᠶᠢᠨ ᠫᠢᠩ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/5/17
   5 ᠰᠠᠷ᠎ᠠ ᠶᠢᠨ 16 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠬᠡᠯᠡᠯᠴᠡᠭᠡ ᠬᠢᠪᠡ᠃   ᠬᠤᠶᠠᠷ ᠤᠯᠤᠰ ᠤᠨ ᠲᠡᠷᠢᠭᠦᠨ ᠡᠩ ᠲᠡᠷᠢᠭᠦᠨ ᠳᠤ ᠪᠠᠭ᠎ᠠ ᠬᠡᠪᠴᠢᠶᠡᠨ ᠤ ᠬᠡᠯᠡᠯᠴᠡᠭᠡ ᠬᠢᠵᠠᠢ᠃
523.jpg
    ᠰᠢ ᠶᠢᠨ ᠫᠢᠩ ᠫᠦᠲ᠋ᠢᠨ ᠤ ᠰᠢᠨ᠎ᠡ ᠨᠢᠭᠡ ᠬᠤᠭᠤᠴᠠᠭᠠᠨ ᠤ ᠶᠡᠷᠦᠩᠬᠡᠶᠢᠯᠡᠭᠴᠢ ᠶᠢᠨ ᠲᠤᠰᠢᠶᠠᠯ ᠤᠨ ᠬᠤᠭᠤᠴᠠᠭ᠎ᠠ ᠪᠠᠨ ᠡᠬᠢᠯᠡᠭᠦᠯᠦᠭᠰᠡᠨ ᠳᠤ ᠴᠢᠩ ᠰᠡᠳᠭᠢᠯ ᠤᠨ ᠪᠠᠶᠠᠷ ᠬᠦᠷᠭᠡᠵᠦ ᠪᠠᠶᠢᠬᠤ ᠪᠠᠨ ᠢᠯᠡᠳᠭᠡᠵᠦ᠂ ᠲᠡᠭᠦᠨ ᠤ ᠳᠤᠮᠳᠠᠳᠤ ᠤᠯᠤᠰ ᠲᠤ ᠳᠠᠬᠢᠨᠲᠠ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠭᠡᠪᠡ᠃
524.jpg
   ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠷᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠣᠯᠤᠨ᠎ᠠ᠃ 75 ᠵᠢᠯ ᠤᠨ ᠲᠤᠷᠰᠢ ᠳᠤᠮᠳᠠᠳᠤ ᠤᠷᠤᠰ ᠤᠨ ᠬᠠᠷᠢᠯᠴᠠᠭ᠎ᠠ ᠰᠠᠯᠬᠢ ᠪᠣᠷᠣᠭᠠᠨ ᠢ ᠲᠤᠭᠤᠯᠵᠤ᠂ ᠶᠠᠪᠤᠬᠤ ᠲᠤᠳᠤᠮ ᠪᠠᠬᠢᠵᠢᠵᠦ᠂ ᠳᠡᠯᠡᠬᠡᠢ ᠶᠢᠨ ᠤᠷᠪᠠᠭᠠᠨ ᠬᠥᠷᠪᠡᠭᠡᠨ ᠤ ᠰᠢᠯᠭᠠᠯᠲᠠ ᠶᠢ ᠳᠠᠭᠠᠭᠠᠵᠤ᠂ ᠲᠤᠮᠤ ᠤᠯᠤᠰ᠂ ᠬᠥᠷᠰᠢ ᠤᠯᠤᠰ ᠤᠨ ᠬᠠᠷᠢᠯᠴᠠᠨ ᠬᠦᠨᠳᠦᠳᠭᠡᠬᠦ᠂ ᠦᠨᠡᠨᠴᠢ ᠪᠠᠷ ᠬᠠᠨᠳᠤᠬᠤ᠂ ᠡᠶ᠎ᠡ ᠨᠠᠶᠢᠷᠲᠠᠢ ᠪᠠᠷ ᠬᠠᠮᠲᠤ ᠣᠷᠣᠰᠢᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠦᠯᠢᠬᠡᠷ ᠳᠠᠭᠤᠷᠢᠶᠠᠯ ᠢ ᠱᠤᠭᠤᠪᠠ᠃ ᠳᠤᠮᠳᠠᠳᠤ ᠤᠷᠤᠰ ᠤᠨ ᠬᠠᠷᠢᠯᠴᠠᠭ᠎ᠠ ᠲᠣᠭᠲᠠᠭᠤᠨ ᠢᠶᠠᠷ ᠬᠥᠭᠵᠢᠬᠦ ᠨᠢ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠨᠡᠶᠢᠴᠡᠬᠦ ᠪᠠᠷ ᠪᠠᠷᠠᠬᠤ ᠦᠭᠡᠢ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠥᠭᠵᠢᠯ ᠴᠡᠴᠡᠭᠯᠡᠯ ᠳᠤ ᠴᠦ ᠠᠰᠢᠭᠲᠠᠢ ᠶᠤᠮ᠃ ᠳᠤᠮᠳᠠᠳᠤ ᠤᠯᠤᠰ ᠳᠤᠷᠠᠲᠠᠶ᠎ᠠ ᠢᠮᠠᠭᠲᠠ ᠤᠷᠤᠰ ᠯᠤᠭ᠎ᠠ ᠬᠠᠷᠢᠯᠴᠠᠨ ᠢᠲᠡᠭᠡᠯᠴᠡᠭᠰᠡᠨ ᠰᠠᠶᠢᠨ ᠬᠥᠷᠰᠢ᠂ ᠰᠠᠶᠢᠨ ᠨᠠᠶᠢᠵᠠ᠂ ᠰᠠᠶᠢᠨ ᠬᠠᠨᠢᠲᠠᠨ ᠪᠤᠯᠵᠥ᠂ ᠬᠤᠶᠠᠷ ᠤᠯᠤᠰ ᠤᠨ ᠠᠷᠠᠳ ᠲᠦᠮᠡᠨ ᠤ ᠦᠶ᠎ᠡ ᠶᠢᠨ ᠦᠶ᠎ᠡ ᠳᠡᠭᠡᠨ ᠨᠥᠬᠦᠷᠰᠡᠭ ᠪᠠᠶᠢᠬᠤ ᠶᠢ ᠲᠠᠰᠤᠷᠠᠯᠳᠠ ᠦᠬᠡᠢ ᠪᠠᠬᠢᠵᠢᠭᠦᠯᠵᠦ᠂ ᠬᠠᠮᠲᠤ ᠪᠠᠷ ᠲᠤᠰ ᠲᠤᠰ ᠤᠨ ᠤᠯᠤᠰ ᠤᠨ ᠬᠥᠭᠵᠢᠯ ᠮᠠᠨᠳᠤᠯ ᠢ ᠪᠡᠶᠡᠯᠡᠭᠦᠯᠵᠦ᠂ ᠭᠠᠷ ᠬᠤᠯᠪᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠵᠢᠭᠠᠵᠤ ᠭᠠᠷᠭᠠᠪᠠ᠃
526.jpg
   ᠰᠢ ᠶᠢᠨ ᠫᠢᠩ᠂ ᠳᠤᠮᠳᠠᠳᠤ ᠤᠷᠤᠰ ᠤᠨ ᠬᠠᠷᠢᠯᠴᠠᠭᠠᠨ ᠤ 75 ᠵᠢᠯ ᠤᠨ ᠬᠥᠭᠵᠢᠯᠲᠡ ᠶᠢᠨ ᠲᠡᠦᠬᠡ ᠠᠴᠠ ᠣᠯᠤᠭᠰᠠᠨ ᠬᠠᠮᠤᠭ ᠤᠨ ᠴᠢᠬᠤᠯᠠ ᠳ᠋ᠦᠩᠨᠡᠯᠲᠡ ᠭᠡᠪᠡᠯ ᠬᠥᠷᠰᠢ ᠵᠡᠷᠭᠡᠯᠡᠳᠡᠭᠡ ᠬᠤᠶᠠᠷ ᠲᠤᠮᠤ ᠤᠯᠤᠰ ᠤᠨ ᠬᠤᠭᠤᠷᠣᠨᠳᠣ ᠡᠷᠬᠡᠪᠰᠢ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠢᠮᠠᠭᠲᠠ ᠪᠠᠳᠠᠷᠠᠭᠤᠯᠵᠤ᠂ ᠬᠠᠷᠢᠯᠴᠠᠨ ᠬᠦᠨᠳᠦᠳᠭᠡᠵᠦ᠂ ᠡᠷᠬᠡ ᠲᠡᠭᠰᠢ ᠬᠠᠷᠢᠯᠴᠠᠨ ᠢᠲᠡᠭᠡᠯᠴᠡᠵᠦ᠂ ᠲᠤᠰ ᠲᠤᠰ ᠤᠨ ᠠᠩᠬᠠᠷᠴᠤ ᠪᠠᠶᠢᠭ᠎ᠠ ᠠᠰᠠᠭᠤᠳᠠᠯ ᠢᠶᠠᠨ ᠬᠠᠷᠢᠯᠴᠠᠨ ᠬᠠᠷᠠᠭᠠᠯᠵᠠᠵᠤ᠂ ᠬᠤᠶᠠᠷ ᠲᠠᠯ᠎ᠠ ᠶᠢᠨ ᠬᠥᠭᠵᠢᠯ ᠮᠠᠨᠳᠤᠯ ᠳᠤ ᠦᠨᠡᠨ ᠬᠦ ᠬᠠᠷᠢᠯᠴᠠᠨ ᠬᠦᠴᠦ ᠨᠡᠮᠡᠷᠢᠯᠡᠬᠦ ᠬᠡᠷᠡᠭᠲᠡᠢ᠃ ᠡᠨᠡ ᠪᠣᠯ ᠳᠤᠮᠳᠠᠳᠤ ᠤᠷᠤᠰ ᠬᠤᠶᠠᠷ ᠤᠯᠤᠰ ᠤᠨ ᠵᠥᠪ ᠢᠶᠠᠷ ᠬᠠᠷᠢᠯᠴᠠᠬᠤ ᠵᠠᠮ ᠮᠥᠨ᠂ ᠪᠠᠰᠠ ᠴᠤ 21 ᠳ᠋ᠤᠭᠡᠷ ᠵᠠᠭᠤᠨ ᠤ ᠲᠤᠮᠤ ᠤᠯᠤᠰ ᠤᠨ ᠬᠠᠷᠢᠯᠴᠠᠭᠠᠨ ᠤ ᠴᠢᠷᠮᠠᠶᠢᠬᠤ ᠴᠢᠬᠤᠯᠠᠳᠠᠢ ᠴᠢᠭᠯᠡᠯ ᠮᠥᠨ᠃ ᠳᠤᠮᠳᠠᠳᠤ ᠤᠷᠤᠰ ᠤᠨ ᠬᠠᠷᠢᠯᠴᠠᠭ᠎ᠠ ᠭᠦᠨ ᠵᠤᠵᠠᠭᠠᠨ ᠲᠡᠦᠬᠡ ᠶᠢᠨ ᠬᠤᠷᠠᠮᠳᠤᠯᠭ᠎ᠠ ᠪᠠ ᠪᠠᠲᠤ ᠪᠠᠬᠢ ᠠᠷᠠᠳ ᠤᠨ ᠰᠠᠨᠠᠭᠠᠨ ᠤ ᠰᠠᠭᠤᠷᠢ ᠲᠠᠢ ᠶᠤᠮ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠪᠠ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠥᠪᠡᠷ ᠤᠨ ᠬᠥᠭᠵᠢᠯᠲᠡ ᠶᠢᠨ ᠵᠠᠮ ᠢᠶᠠᠷ ᠢᠶᠠᠨ ᠡᠷᠡᠰ ᠵᠠᠮᠨᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠶ᠎ᠠ ᠭᠡᠵᠤ ᠴᠢᠬᠤᠯᠠᠴᠢᠯᠠᠵᠠᠢ᠃
525.jpg
   ᠫᠦᠲ᠋ᠢᠨ᠂ ᠪᠢ ᠰᠢᠨ᠎ᠡ ᠨᠢᠭᠡ ᠬᠤᠭᠤᠴᠠᠭᠠᠨ ᠤ ᠤᠷᠤᠰ ᠤᠨ ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠤ ᠳᠠᠷᠠᠭ᠎ᠠ ᠳᠤᠮᠳᠠᠳᠤ ᠤᠯᠤᠰ ᠲᠤ ᠳᠠᠬᠢᠨᠲᠠ ᠠᠶᠢᠯᠴᠢᠯᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠨᠢᠳᠤᠨᠤᠨ ᠤ 3 ᠰᠠᠷ᠎ᠠ ᠳᠤ ᠲᠡᠷᠢᠭᠦᠯᠡᠭᠴᠢ ᠰᠢ ᠶᠢᠨ ᠫᠢᠩ ᠦᠷᠭᠦᠯᠵᠢᠯᠡᠨ ᠲᠤᠰᠢᠶᠠᠯ ᠡᠭᠦᠷᠭᠡᠯᠡᠭᠰᠡᠨ ᠤ ᠪᠠᠨ ᠳᠠᠷᠠᠭ᠎ᠠ ᠳᠡᠮᠡᠢ ᠤᠳᠠᠭᠰᠠᠨ ᠦᠭᠡᠢ ᠣᠷᠣᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠵᠡᠶ᠃ ᠡᠨᠡ ᠪᠣᠯ ᠮᠠᠨ ᠤ ᠬᠤᠶᠠᠷ ᠤᠯᠤᠰ ᠤᠨ ᠨᠥᠬᠦᠷᠰᠡᠭ ᠤᠯᠠᠮᠵᠢᠯᠠᠯ ᠮᠥᠨ᠂ ᠡᠨᠡ ᠨᠢ ᠬᠤᠶᠠᠷ ᠲᠠᠯ᠎ᠠ ᠪᠠᠷ ᠢᠶᠠᠨ ᠰᠢᠨ᠎ᠡ ᠴᠠᠭ ᠦᠶ᠎ᠡ ᠶᠢᠨ ᠤᠷᠤᠰ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠴᠢᠩᠭᠠᠳᠬᠠᠬᠤ ᠶᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ ᠪᠠᠶᠢᠬᠤ ᠶᠢ ᠬᠠᠷᠠᠭᠤᠯᠵᠤ ᠪᠠᠶᠢᠨ᠎ᠠ᠃ ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠬᠤ ᠪᠥᠭᠡᠳ ᠣᠷᠣᠰ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ ᠪᠣᠯᠤᠨ᠎ᠠ᠂ ᠪᠢᠳᠡ ᠬᠠᠮᠲᠤ ᠪᠠᠷ ᠪᠡᠯᠭᠡᠯᠡᠭᠦᠰᠢᠲᠡᠶ ᠶᠤᠮ᠃ ᠤᠷᠤᠰ ᠳᠤᠮᠳᠠᠳᠤ ᠶᠢᠨ ᠬᠠᠷᠢᠯᠴᠠᠭ᠎ᠠ ᠶᠢ ᠬᠥᠭᠵᠢᠭᠦᠯᠬᠦ ᠨᠢ ᠡᠪᠯᠡᠬᠦᠯᠬᠦ ᠠᠷᠭ᠎ᠠ ᠪᠤᠳᠤᠯᠭ᠎ᠠ ᠪᠢᠰᠢ᠂ ᠭᠤᠷᠪᠠᠳᠤᠭᠠᠷ ᠡᠲᠡᠭᠡᠳ ᠲᠤ ᠴᠢᠭᠯᠡᠭᠦᠯᠦᠭᠰᠡᠨ ᠪᠢᠰᠢ᠂ ᠳᠡᠯᠡᠬᠡᠢ ᠶᠢᠨ ᠪᠠᠶᠢᠯᠳᠤᠬᠤ ᠪᠤᠳᠤᠯᠭ᠎ᠠ ᠶᠢᠨ ᠲᠣᠭᠲᠠᠭᠤᠨ ᠳᠤ ᠠᠰᠢᠭᠲᠠᠢ ᠶᠤᠮ᠃ ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠥᠷᠭᠡᠳᠭᠡᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠠᠯᠳᠠᠨ ᠲᠣᠭᠤᠰᠭ᠎ᠠ ᠤᠯᠤᠰ ᠤᠳ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠪᠣᠷᠣ ᠲᠥᠯᠥᠪ ᠤᠨ ᠳᠣᠲᠣᠷ᠎ᠠ ᠤᠯᠤᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠨᠡᠩ ᠲᠥᠪ ᠭᠤᠣᠯᠴᠢ ᠵᠦᠢ ᠵᠣᠬᠢᠰᠲᠠᠢ ᠤᠯᠠᠨ ᠤᠯᠤᠰ ᠤᠨ ᠡᠮᠬᠢ ᠳᠢᠭᠯᠢᠮ ᠢ ᠪᠠᠶᠢᠭᠤᠯᠬᠤ ᠶᠢ ᠠᠬᠢᠭᠤᠯᠤᠨ᠎ᠠ ᠭᠡᠵᠦ ᠢᠯᠡᠳᠭᠡᠪᠡ᠃   ᠲᠠᠷᠠᠭ᠎ᠠ ᠨᠢ ᠬᠤᠶᠠᠷ ᠤᠯᠤᠰ ᠤᠨ ᠲᠡᠷᠢᠭᠦᠨ ᠶᠡᠭᠡ ᠬᠡᠪᠴᠢᠶᠡᠨ ᠤ ᠬᠡᠯᠡᠯᠴᠡᠭᠡ ᠶᠢ ᠬᠢᠪᠡ᠃   ᠬᠤᠶᠠᠷ ᠤᠯᠤᠰ ᠤᠨ ᠲᠡᠷᠢᠭᠦᠨ ᠬᠤᠶᠠᠷ ᠤᠯᠤᠰ ᠤᠨ ᠵᠠᠰᠠᠭ ᠤᠨ ᠣᠷᠳᠣᠨ ᠤ ᠬᠤᠭᠤᠷᠣᠨᠳᠣᠬᠢ ᠡᠯ᠎ᠡ ᠬᠠᠮᠲᠤᠷᠠᠯᠴᠠᠭᠠᠨ ᠤ ᠵᠥᠪᠯᠡᠯ ᠤᠨ ᠬᠤᠶᠠᠷ ᠲᠠᠯ᠎ᠠ ᠶᠢᠨ ᠲᠡᠷᠢᠭᠦᠯᠡᠭᠴᠢ ᠶᠢᠨ ᠬᠠᠷᠢᠭᠤ ᠮᠡᠳᠡᠭᠦᠯᠦᠭᠰᠡᠨ ᠪᠡᠯᠡ ᠣᠷᠣᠭᠤᠯᠤᠯᠲᠠ᠂ ᠡᠨᠧᠷᠭᠢ᠂ ᠠᠵᠤ ᠠᠬᠤᠢ ᠠᠷᠠᠯᠵᠢᠶ᠎ᠠ᠂ ᠵᠡᠭᠦᠨ ᠬᠤᠶᠢᠲᠤ ᠣᠷᠣᠨ — ᠠᠯᠤᠰ ᠳᠣᠷᠣᠨᠠᠲᠤ᠂ ᠰᠣᠶᠣᠯ ᠢᠷᠭᠡᠨᠰᠢᠯ᠂ ᠤᠯᠠᠨ ᠤᠯᠤᠰ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠪᠠᠶᠢᠳᠠᠯ ᠢ ᠰᠣᠨᠣᠰᠴᠤ᠂ ᠣᠯᠤᠭᠰᠠᠨ ᠠᠬᠢᠴᠠ ᠳᠤ ᠰᠡᠳᠭᠢᠯ ᠬᠠᠨᠤᠮᠵᠢᠲᠠᠢ ᠪᠠᠶᠢᠬᠤ ᠪᠠᠨ ᠢᠯᠡᠳᠭᠡᠵᠦ᠂ ᠢᠷᠡᠭᠡᠳᠦᠢ ᠶᠢᠨ ᠬᠠᠮᠲᠤᠷᠠᠯᠴᠠᠭᠠᠨ ᠤ ᠰᠠᠨᠠᠭᠤᠯᠭ᠎ᠠ ᠶᠢ ᠨᠤᠲᠠᠯᠠᠵᠤ ᠪᠠᠶᠢᠬᠤ ᠪᠠᠨ ᠢᠯᠡᠳᠭᠡᠪᠡ᠃   ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠷᠤᠰ ᠤᠨ ᠬᠠᠷᠢᠯᠴᠠᠭᠠᠨ ᠤ ᠬᠥᠭᠵᠢᠯᠲᠡ ᠶᠢᠨ ᠲᠡᠦᠬᠡᠨ ᠳᠡᠭᠡᠷᠡᠬᠢ ᠬᠥᠰᠢ᠊ ᠡᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠴᠢᠬᠤᠯᠠ ᠵᠢᠯ ᠪᠣᠯᠤᠨ᠎ᠠ᠃ ᠳᠤᠮᠳᠠᠳᠤ ᠤᠷᠤᠰ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠲᠤᠷᠰᠢ ᠬᠤᠶᠠᠷ ᠤᠯᠤᠰ ᠭᠠᠷ ᠬᠤᠯᠪᠣᠨ ᠲᠤᠮᠤ ᠤᠯᠤᠰ᠂ ᠬᠥᠷᠰᠢ ᠤᠯᠤᠰ ᠤᠨ ᠬᠠᠷᠢᠯᠴᠠᠨ ᠬᠦᠨᠳᠦᠳᠭᠡᠬᠦ᠂ ᠡᠶ᠎ᠡ ᠨᠠᠶᠢᠷᠲᠠᠢ ᠪᠠᠷ ᠬᠠᠮᠲᠤ ᠣᠷᠣᠰᠢᠬᠤ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠴᠣ ᠰᠢᠨ᠎ᠡ ᠵᠠᠮ ᠢ ᠨᠡᠭᠡᠭᠡᠵᠡᠢ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠳᠤᠮᠳᠠᠳᠤ ᠤᠷᠤᠰ ᠤᠨ ᠬᠠᠷᠢᠯᠴᠠᠭ᠎ᠠ ᠢᠮᠠᠭᠲᠠ ᠲᠣᠭᠲᠠᠭᠤᠨ ᠢᠶᠠᠷ ᠬᠥᠭᠵᠢᠵᠦ᠂ ᠬᠤᠶᠠᠷ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠲᠠᠰᠤᠷᠠᠯᠳᠡ ᠦᠭᠡᠢ ᠴᠢᠩᠭᠠᠷᠠᠵᠤ᠂ ᠠᠵᠤ ᠠᠬᠤᠢ ᠠᠷᠠᠯᠵᠢᠶ᠎ᠠ᠂ ᠪᠡᠯᠡ ᠣᠷᠣᠭᠤᠯᠤᠯᠲᠠ᠂ ᠡᠨᠧᠷᠭᠢ᠂ ᠰᠣᠶᠣᠯ ᠢᠷᠭᠡᠨᠰᠢᠯ᠂ ᠣᠷᠣᠨ ᠨᠤᠲᠤᠭ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠦᠷᠭᠦᠯᠵᠢᠯᠡᠨ ᠠᠬᠢᠵᠥ᠂ ᠪᠦᠬᠦ ᠪᠥᠮᠪᠥᠷᠴᠡᠭ ᠤᠨ ᠪᠠᠶᠢᠯᠳᠤᠬᠤ ᠪᠤᠳᠤᠯᠭ᠎ᠠ ᠶᠢᠨ ᠲᠣᠭᠲᠠᠭᠤᠨ ᠢ ᠬᠠᠮᠠᠭᠠᠯᠠᠬᠤ ᠪᠠ ᠤᠯᠠᠨ ᠤᠯᠤᠰ ᠤᠨ ᠬᠠᠷᠢᠯᠴᠠᠭᠠᠨ ᠤ ᠠᠷᠠᠳᠴᠢᠯᠠᠯ ᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠤᠨ᠎ᠠ᠃ ᠳᠤᠮᠳᠠᠳᠤ ᠤᠯᠤᠰ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠵᠤ᠂ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠭᠡᠨ ᠬᠥᠭᠵᠢᠭᠦᠯᠵᠤ ᠪᠠᠶᠢᠬᠤ ᠪᠥᠭᠡᠳ ᠪᠦᠬᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ ᠪᠠᠶᠢᠨ᠎ᠠ᠃ ᠳᠤᠮᠳᠠᠳᠤ ᠤᠷᠤᠰ ᠬᠤᠶᠠᠷ ᠤᠯᠤᠰ ᠴᠥᠮ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠦᠪᠯᠡᠯ ᠤᠨ ᠪᠠᠶᠢᠩᠭᠤ ᠶᠢᠨ ᠬᠡᠷᠡᠭ ᠡᠷᠬᠢᠯᠡᠭᠴᠢ ᠤᠯᠤᠰ ᠪᠠ ᠭᠤᠣᠯ ᠪᠣᠯᠬᠤ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠤᠨ᠎ᠠ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠥᠷᠭᠡᠳᠭᠡᠵᠦ᠂ ᠳᠡᠯᠡᠬᠡᠢ ᠶᠢᠨ ᠤᠯᠠᠨ ᠲᠦᠢᠯᠵᠢᠯ ᠪᠠ ᠠᠵᠤ ᠠᠬᠤᠢ ᠶᠢᠨ ᠳᠡᠯᠡᠬᠡᠶᠢᠵᠢᠯᠲᠡ ᠶᠢᠨ ᠲᠡᠦᠬᠡ ᠶᠢᠨ ᠶᠡᠭᠡ ᠬᠠᠨᠳᠤᠰᠢ ᠶᠢ ᠲᠠᠭᠠᠬᠤ ᠪᠣᠯ ᠬᠤᠶᠠᠷ ᠤᠯᠤᠰ ᠤᠨ ᠬᠠᠮᠲᠤ ᠶᠢᠨ ᠪᠠᠶᠢᠯᠳᠤᠬᠤ ᠪᠤᠳᠤᠯᠭ᠎ᠠ ᠶᠢᠨ ᠰᠣᠩᠭᠤᠯᠲᠠ ᠪᠣᠯᠤᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠠᠷ ᠰᠢᠨ᠎ᠡ ᠭᠠᠷᠤᠭ᠎ᠠ ᠪᠣᠯᠭᠠᠵᠤ᠂ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠵᠣᠯᠭᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠠᠭᠤᠯᠤᠭᠳᠠᠬᠤᠨ ᠢ ᠦᠷᠭᠦᠯᠵᠢᠯᠡᠨ ᠪᠠᠶᠠᠯᠢᠭᠵᠢᠭᠤᠯᠵᠤ᠂ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠳᠤᠷ ᠪᠤᠶᠠᠨ ᠦᠢᠯᠡᠳᠴᠦ᠂ ᠳᠡᠯᠡᠬᠡᠢ ᠶᠢᠨ ᠬᠥᠭᠵᠢᠯ ᠴᠡᠴᠡᠭᠯᠡᠯ ᠲᠣᠭᠲᠠᠭᠤᠨ ᠳᠤ ᠨᠡᠩ ᠤᠯᠠᠨ ᠢᠳᠡᠪᠬᠢ ᠬᠦᠴᠦᠨ ᠨᠡᠮᠡᠷᠢᠯᠡᠪᠡᠯ ᠵᠣᠬᠢᠨ᠎ᠠ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠬᠠᠮᠲᠤᠷᠠᠯᠴᠠᠭᠠᠨ ᠤ ᠪᠦᠲᠦᠴᠡ ᠶᠢ ᠴᠢᠨᠠᠭᠰᠢᠳᠠ ᠰᠢᠯᠢᠳᠡᠭᠵᠢᠭᠦᠯᠵᠦ᠂ ᠠᠵᠤ ᠠᠬᠤᠢ ᠠᠷᠠᠯᠵᠢᠶ᠎ᠠ ᠵᠡᠷᠭᠡ ᠤᠯᠠᠮᠵᠢᠯᠠᠯᠲᠤ ᠬᠦᠷᠢᠶᠡᠨ ᠳᠠᠬᠢ ᠬᠠᠮᠲᠤᠷᠠᠯᠴᠠᠭᠠᠨ ᠤ ᠰᠠᠶᠢᠨ ᠰᠠᠶᠢᠬᠠᠨ ᠬᠠᠨᠳᠤᠰᠢ ᠶᠢ ᠪᠠᠬᠢᠵᠢᠭᠦᠯᠦᠶ᠎ᠡ᠃ ᠨᠡᠩ ᠤᠯᠠᠨ ᠰᠣᠶᠣᠯ ᠢᠷᠭᠡᠨᠰᠢᠯ ᠤᠨ ᠰᠣᠯᠢᠯᠴᠠᠭᠠᠨ ᠤ ᠬᠢᠯᠠᠰ ᠴᠡᠭ ᠢ ᠴᠣᠭᠴᠠᠯᠠᠵᠤ᠂ ︽ᠳᠤᠮᠳᠠᠳᠤ ᠤᠷᠤᠰ ᠤᠨ ᠰᠣᠶᠣᠯ ᠤᠨ ᠣᠨ︾ ᠢ ᠬᠠᠮᠲᠤ ᠪᠠᠷ ᠰᠠᠶᠢᠲᠤᠷ ᠡᠷᠬᠢᠯᠡᠵᠤ᠂ ᠣᠷᠣᠨ ᠨᠤᠲᠤᠭ ᠤᠨ ᠬᠠᠮᠲᠤᠷᠠᠯᠴᠠᠭ᠎ᠠ ᠶᠢ ᠨᠢᠭᠲᠠᠷᠠᠭᠤᠯᠵᠤ᠂ ᠠᠷᠠᠳ ᠤᠨ ᠰᠡᠳᠭᠢᠯ ᠤᠨ ᠬᠤᠯᠪᠣᠭᠠᠰᠤ ᠶᠢ ᠦᠷᠭᠦᠯᠵᠢᠯᠡᠨ ᠴᠢᠩᠭᠠᠷᠠᠭᠤᠯᠤᠶ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠠᠯᠳᠠᠨ ᠲᠣᠭᠤᠰᠭ᠎ᠠ ᠤᠯᠤᠰ ᠤᠳ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠤᠯᠤᠰ ᠤᠨ ᠤᠯᠠᠨ ᠲᠠᠯᠠᠲᠤ ᠲᠠᠪᠴᠠᠩ ᠵᠢᠴᠢ ᠭᠠᠵᠠᠷ ᠣᠷᠣᠨ ᠤ ᠬᠡᠷᠡᠭ ᠶᠠᠪᠤᠳᠠᠯ ᠳᠠᠬᠢ ᠤᠯᠤᠯᠴᠠᠭ᠎ᠠ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠤᠯᠠᠨ ᠤᠯᠤᠰ ᠤᠨ ᠡᠭᠦᠷᠭᠡᠯᠡᠯ ᠢ ᠢᠯᠡᠷᠡᠭᠦᠯᠵᠦ᠂ ᠲᠥᠪ ᠭᠤᠣᠯᠴᠢ ᠵᠦᠢ ᠵᠣᠬᠢᠰᠲᠠᠢ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠤᠶ᠎ᠠ ᠭᠡᠵᠦ ᠵᠢᠭᠠᠵᠤ ᠭᠠᠷᠭᠠᠪᠠ᠃   ᠫᠦᠲ᠋ᠢᠨ᠂ ᠤᠷᠤᠰ ᠳᠤᠮᠳᠠᠳᠤ ᠬᠤᠶᠠᠷ ᠤᠯᠤᠰ ᠤᠨ ᠵᠠᠰᠠᠭ ᠤᠨ ᠣᠷᠳᠣᠨ ᠤ ᠬᠤᠭᠤᠷᠣᠨᠳᠣᠬᠢ ᠬᠠᠮᠲᠤᠷᠠᠯᠴᠠᠭᠠᠨ ᠤ ᠲᠣᠭᠲᠠᠴᠠ ᠰᠠᠶᠢᠨ ᠠᠵᠢᠯᠯᠠᠵᠤ᠂ ᠬᠤᠶᠠᠷ ᠤᠯᠤᠰ ᠤᠨ ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ᠂ ᠠᠵᠤ ᠦᠢᠯᠡᠳᠪᠦᠷᠢ᠂ ᠡᠨᠧᠷᠭᠢ᠂ ᠬᠤᠯᠪᠣᠯᠳᠤᠨ ᠨᠡᠪᠲᠡᠷᠡᠯᠴᠡᠬᠦ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠲᠣᠭᠲᠠᠭᠤᠨ ᠢᠶᠠᠷ ᠬᠥᠭᠵᠢᠪᠡ᠃ ᠤᠷᠤᠰ ᠳᠤᠮᠳᠠᠳᠤ ᠶᠢᠨ ᠬᠠᠷᠢᠯᠴᠠᠭ᠎ᠠ ᠶᠢᠨ ᠪᠠᠶᠢᠭᠤᠯᠤᠯᠲᠠ ᠪᠠ ᠬᠥᠭᠵᠢᠯᠲᠡ ᠨᠢ ᠡᠶᠡᠯᠳᠡᠭ ᠬᠥᠷᠰᠢ ᠶᠢᠨ ᠨᠥᠬᠦᠷᠰᠡᠭ ᠬᠠᠷᠢᠯᠴᠠᠭ᠎ᠠ᠂ ᠬᠠᠷᠢᠯᠴᠠᠨ ᠬᠦᠨᠳᠦᠳᠭᠡᠬᠦ᠂ ᠲᠤᠰ ᠲᠤᠰ ᠤᠨ ᠢᠶᠠᠨ ᠬᠥᠭᠵᠢᠯᠲᠡ ᠳᠤ ᠬᠦᠴᠦᠨ ᠨᠡᠮᠡᠷᠢᠯᠡᠬᠦ ᠵᠡᠷᠭᠡ ᠵᠠᠷᠴᠢᠮ ᠳᠤ ᠰᠠᠭᠤᠷᠢᠯᠠᠵᠤ᠂ ᠡᠯ᠎ᠡ ᠵᠦᠢᠯ ᠤᠨ ᠰᠢᠯᠭᠠᠯᠲᠠ ᠶᠢ ᠳᠠᠭᠠᠭᠠᠵᠤ ᠴᠢᠳᠠᠪᠠ᠃ ᠥᠨᠥᠳᠦᠷ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠰᠢᠷᠢᠰ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ᠂ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠦᠨ ᠥᠷᠭᠡᠳᠭᠡᠬᠦ ᠵᠣᠷᠢᠭ ᠢᠶᠠᠨ ᠢᠯᠡᠳᠭᠡᠵᠡᠢ᠃ ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ︽2030 ᠣᠨ ᠠᠴᠠ ᠡᠮᠦᠨᠡᠬᠢ ᠤᠷᠤᠰ ᠳᠤᠮᠳᠠᠳᠤ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠥᠯᠥᠪᠵᠢᠭᠦᠯᠭᠡ︾ ᠶᠢ ᠰᠠᠶᠢᠲᠤᠷ ᠨᠠᠶᠢᠳᠠᠪᠤᠷᠢᠵᠢᠭᠤᠯᠵᠤ᠂ ᠡᠨᠡ ᠵᠢᠯ ᠤᠨ ︽ᠤᠷᠤᠰ ᠳᠤᠮᠳᠠᠳᠤ ᠶᠢᠨ ᠰᠣᠶᠣᠯ ᠤᠨ ᠣᠨ︾ ᠤ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠧᠦ᠋ᠷᠣᠫᠠ ᠠᠽᠢᠶ᠎ᠠ ᠶᠢᠨ ᠠᠵᠤ ᠠᠬᠤᠢ ᠶᠢᠨ ᠬᠤᠯᠪᠣᠭ᠎ᠠ ᠪᠣᠯᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠵᠣᠯᠭᠠᠭᠤᠯᠬᠤ ᠶᠢ ᠴᠢᠩᠭᠠᠳᠬᠠᠨ᠎ᠠ᠃ ᠢᠷᠡᠬᠦ ᠵᠢᠯ ᠳᠡᠯᠡᠬᠡᠶ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠤᠭᠰᠠᠨ 80 ᠵᠢᠯ ᠤᠨ ᠣᠶ ᠶᠢ ᠤᠭᠲᠤᠬᠤ ᠪᠣᠯᠤᠨ᠎ᠠ᠂ ᠣᠷᠣᠰ ᠳᠤᠮᠳᠠᠳᠤ ᠬᠤᠶᠠᠷ ᠲᠠᠯ᠎ᠠ ᠪᠠᠷ ᠢᠶᠠᠨ ᠪᠡᠯᠭᠡᠯᠡᠬᠦ ᠠᠵᠢᠯᠯᠠᠭ᠎ᠠ ᠥᠷᠨᠢᠭᠦᠯᠬᠦ ᠪᠣᠯᠤᠨ᠎ᠠ᠃ ᠤᠷᠤᠰ ᠤᠨ ᠬᠢᠨ ᠳᠤᠮᠳᠠᠳᠤ ᠤᠯᠤᠰ ᠤᠨ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠬᠡᠷᠡᠭ ᠶᠠᠪᠤᠳᠠᠯ ᠳᠤᠮᠳᠠ ᠪᠤᠰᠤᠳᠴᠢ ᠲᠥᠪ ᠭᠤᠣᠯᠴᠢ ᠵᠣᠭᠰᠣᠯᠲᠠ ᠶᠢ ᠪᠠᠷᠢᠮᠲᠠᠯᠠᠵᠤ ᠪᠠᠶᠢᠬᠤ ᠶᠢ ᠮᠠᠭᠲᠠᠨ ᠰᠠᠶᠢᠰᠢᠶᠠᠵᠤ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠯᠤᠭ᠎ᠠ ᠦᠷᠭᠦᠯᠵᠢᠯᠡᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠬᠠᠷᠢᠯᠴᠠᠨ ᠡᠷᠡᠰ ᠲᠡᠮᠵᠢᠵᠤ᠂ ᠳᠡᠯᠡᠬᠡᠢ ᠶᠢᠨ ᠤᠯᠠᠨ ᠲᠦᠢᠯᠵᠢᠯᠳᠠ ᠪᠣᠯᠤᠨ ᠤᠯᠠᠨ ᠤᠯᠤᠰ ᠤᠨ ᠬᠠᠷᠢᠯᠴᠠᠭᠠᠨ ᠤ ᠠᠷᠠᠳᠴᠢᠯᠠᠯ ᠤᠨ ᠠᠬᠢᠴᠠ ᠶᠢ ᠠᠬᠢᠭᠤᠯᠵᠤ᠂ ᠤᠷᠤᠰ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠤᠯᠬᠤ ᠶᠢ ᠠᠬᠢᠭᠤᠯᠤᠨ᠎ᠠ ᠭᠡᠵᠦ ᠢᠯᠡᠳᠭᠡᠪᠡ᠃   ᠬᠡᠯᠡᠯᠴᠡᠭᠡ ᠲᠡᠭᠦᠰᠦᠭᠰᠡᠨ ᠤ ᠲᠠᠷᠠᠭ᠎ᠠ ᠬᠤᠶᠠᠷ ᠤᠯᠤᠰ ᠤᠨ ᠲᠡᠷᠢᠭᠦᠨ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠤᠨ ᠤᠷᠤᠰ ᠤᠨ ᠬᠤᠯᠪᠣᠭ᠎ᠠ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢᠨ ᠲᠠᠰᠢᠷᠠᠮ ᠳᠤ ᠰᠢᠨ᠎ᠡ ᠴᠠᠭ ᠦᠶ᠎ᠡ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ ᠭᠠᠷ ᠤᠨ ᠦᠰᠦᠭ ᠵᠢᠷᠤᠭᠰᠠᠨ ᠪᠥᠭᠡᠳ ᠨᠡᠶᠢᠲᠡᠯᠡᠵᠦ᠂ ᠠᠵᠤ ᠠᠬᠤᠢ ᠠᠷᠠᠯᠵᠢᠶ᠎ᠠ᠂ ᠪᠠᠶᠢᠭᠠᠯᠢ ᠶᠢᠨ ᠬᠠᠮᠠᠭᠠᠯᠠᠯᠲᠠ᠂ ᠬᠢᠵᠢᠭ ᠢ ᠪᠠᠶᠢᠴᠠᠭᠠᠵᠤ ᠬᠢᠵᠢᠭ ᠢ ᠰᠢᠯᠭᠠᠬᠤ᠂ ᠵᠠᠭᠤᠴᠢᠯᠠᠭᠤᠷ ᠵᠡᠷᠭᠡ ᠬᠦᠷᠢᠶᠡᠨ ᠳᠠᠬᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠤᠯᠠᠨ ᠵᠦᠢᠯ ᠤᠨ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃   ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠰᠤᠷᠪᠤᠯᠵᠢᠯᠠᠭᠴᠢᠳ ᠲᠠᠢ ᠠᠭᠤᠯᠵᠠᠪᠠ᠃ ︵ᠠᠰ ᠲᠤᠨᠢ ᠨᠡᠶᠢᠳᠡᠯᠡᠨ᠎ᠡ    ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠫᠦᠲ᠋ᠢᠨ ᠢ ᠤᠭᠲᠤᠬᠤ ᠦᠪᠡᠳᠡᠭᠰᠢ ᠶᠡᠭᠡ ᠶᠣᠰᠣᠯᠠᠯ ᠶᠠᠪᠤᠭᠤᠯᠪᠠ᠃    ᠫᠦᠲ᠋ᠢᠨ ᠬᠦᠷᠴᠦ ᠢᠷᠡᠬᠦ ᠦᠶ᠎ᠡ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠶᠣᠰᠣᠯᠠᠪᠠ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠬᠦᠮ ᠳᠤᠮᠳᠠᠳᠤ ᠤᠷᠤᠰ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠲᠢᠶᠠᠨ ᠠᠨ ᠮᠤᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ᠃ ᠫᠦᠲ᠋ᠢᠨ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠶᠣᠰᠣᠯᠠᠯ ᠤᠨ ᠠᠩᠬᠢ ᠶᠢ ᠰᠢᠯᠭᠠᠨ ᠦᠵᠡᠭᠦ ᠶᠢᠨ ᠬᠠᠮᠲᠤ ᠵᠢᠭᠰᠠᠭᠠᠯ ᠤᠨ ᠲᠣᠭᠯᠠᠯᠲᠠ ᠶᠢ ᠦᠵᠡᠪᠡ ᠃ ᠳᠤᠮᠳᠠᠳᠤ ᠤᠷᠤᠰ ᠬᠤᠶᠠᠷ ᠤᠯᠤᠰ ᠤᠨ ᠪᠠᠭᠠᠴᠤᠳ ᠬᠡᠦᠬᠡᠳ ᠭᠠᠷ ᠲᠠᠭᠠᠨ ᠪᠠᠭᠴᠠᠲᠤ ᠴᠡᠴᠡᠭ ᠪᠣᠯᠤᠨ ᠳᠤᠮᠳᠠᠳᠤ ᠤᠷᠤᠰ ᠬᠤᠶᠠᠷ ᠤᠯᠤᠰ ᠤᠨ ᠤᠯᠤᠰ ᠤᠨ ᠲᠤᠭ ᠢ ᠠᠳᠬᠤᠵᠤ ᠪᠠᠶᠠᠷᠯᠠᠯᠳᠤᠨ ᠬᠠᠰᠬᠢᠷᠤᠯᠳᠤᠵᠤ ᠬᠤᠶᠠᠷ ᠤᠯᠤᠰ ᠤᠨ ᠲᠡᠷᠢᠭᠦᠨ ᠳᠤ ᠮᠡᠨᠳᠦᠴᠢᠯᠡᠪᠡ᠃    ᠲᠤᠰ ᠡᠳᠦᠷ ᠤᠨ ᠦᠳᠡ ᠳᠤ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠳᠠᠨ ᠰᠢᠷᠭᠠᠯ ᠲᠢᠩᠬᠢᠮ ᠳᠤ ᠫᠦᠲ᠋ᠢᠨ ᠢ ᠤᠭᠲᠤᠬᠤ ᠳᠠᠶᠢᠯᠠᠯᠭ᠎ᠠ ᠬᠢᠪᠡ᠃    ᠼᠠᠢ ᠴᠢ᠂ ᠳ᠋ᠢᠩ ᠰᠢᠤᠸᠠᠢ ᠰᠢᠶᠠᠩ᠂ ᠸᠠᠩ ᠢ᠂ ᠾᠧ ᠯᠢ ᠹᠧᠩ᠂ ᠵᠠᠩ ᠭᠦᠸᠧ ᠴᠢᠩ᠂ ᠱᠧᠨ ᠢ ᠴᠢᠨ ᠨᠡᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 16 ᠤ ᠴᠠᠬᠢᠯᠭᠠᠨ ᠮᠡᠳᠡᠭᠡ︶ 
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号