ᠮᠠᠨ ᠤ ᠣᠷᠣᠨ ᠤ ᠮᠠᠯᠴᠢᠨ ᠲᠠᠷᠢᠶᠠᠴᠢᠳ ᠤᠨ ᠣᠲᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠠᠵᠢᠯ ᠤᠯᠤᠭᠰᠠᠨ ᠲᠤᠭ᠎ᠠ 65.73 ᠲᠦᠮᠡ ᠳᠤ ᠬᠦᠷᠴᠠᠢ
ᠨᠡᠶᠢᠲᠡᠯᠡᠭᠰᠡᠨ ᠴᠠᠭ᠄
2024/5/20
   2023 ᠣᠨ ᠠᠴᠠ ᠨᠠᠭᠠᠰᠢ᠂ ᠮᠠᠨ ᠤ ᠤᠷᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠬᠦᠳᠦᠯᠦᠨ ᠵᠢᠯᠣᠭᠤᠳᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠶᠢ ᠠᠬᠢᠭᠤᠯᠤᠨ᠂ ᠬᠦᠷᠢᠶᠡᠯᠡᠩ ᠲᠣᠭᠤᠷᠢᠭ ᠤᠨ ᠬᠥᠭᠵᠢᠯᠲᠡ ᠪᠠᠷ ᠮᠠᠯᠴᠢᠨ ᠲᠠᠷᠢᠶᠠᠴᠢᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠲᠠᠶᠢᠴᠢᠯᠠᠭᠰᠠᠨ ᠪᠠᠶᠢᠨ᠎ᠡ᠃ ᠤᠳᠤ ᠪᠣᠯᠲᠠᠯ᠎ᠠ᠂ ᠡᠯ᠎ᠡ ᠠᠵᠤ ᠦᠢᠯᠡᠰ ᠤᠨ ᠬᠦᠷᠢᠶᠡᠯᠡᠩ ᠳᠤ ᠠᠵᠢᠯ ᠣᠯᠤᠭᠰᠠᠨ ᠮᠠᠯᠴᠢᠨ ᠲᠠᠷᠢᠶᠠᠴᠢᠳ ᠤᠨ ᠲᠤᠭ᠎ᠠ 65.73 ᠲᠦᠮᠡ ᠳᠤ ᠬᠦᠷᠴᠤ᠂ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 2.51 ᠲᠦᠮᠡᠨ ᠲᠥᠭᠦᠷᠢᠭ ᠪᠣᠯᠤᠨ ᠨᠡᠮᠡᠭᠳᠡᠪᠠ᠃   ᠣᠶᠢᠯᠠᠭᠠᠭᠰᠠᠨ ᠢᠶᠠᠷ᠂ ᠨᠢᠳᠤᠨᠤᠨ ᠮᠠᠨ ᠤ ᠣᠷᠣᠨ ᠲᠥᠪ ᠤᠨ ᠡᠳ᠋ ᠤᠨ ᠵᠠᠰᠠᠭ ᠤᠨ ᠪᠠᠯᠠ ᠮᠥᠩᠭᠦ ᠶᠢ 6 ᠳ᠋ᠦᠩᠰᠢᠭᠤᠷ ᠲᠥᠭᠦᠷᠢᠭ ᠣᠯᠵᠤ᠂ ᠰᠢᠷ᠎ᠠ ᠪᠤᠷᠴᠠᠭ᠂ ᠮᠢᠬᠠᠨ ᠤ ᠬᠤᠨᠢ᠂ ᠮᠢᠬᠠᠨ ᠤ ᠦᠬᠡᠷ᠂ ᠰᠠᠭᠠᠯᠢ ᠶᠢᠨ ᠦᠨᠢᠶ᠎ᠡ ᠂ ᠤᠰᠤᠨ ᠲᠤᠲᠤᠷᠭ᠎ᠠ᠂ ᠲᠥᠮᠥᠰᠥ ᠵᠡᠷᠭᠡ ᠳᠠᠪᠠᠭᠤᠯᠢᠭ ᠤᠨᠴᠠᠯᠢᠭᠳᠤ ᠭᠤᠤᠯᠯᠠᠬᠤ ᠠᠵᠤ ᠦᠢᠯᠡᠰ ᠤᠨ ᠲᠣᠭᠤᠷᠢᠨ ᠳᠤ 9 ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠬᠦᠳᠤᠨ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠪᠠᠰᠠ 2.7 ᠳ᠋ᠦᠩᠰᠢᠭᠤᠷ ᠲᠥᠭᠦᠷᠢᠭ ᠲᠤᠬᠢᠷᠠᠭᠤᠯᠵᠤ᠂ 27 ᠥᠪᠡᠷᠲᠡᠭᠡᠨ ᠵᠠᠰᠠᠬᠤ ᠣᠷᠣᠨ ᠤ ᠲᠠᠰ ᠤᠨ ᠣᠲᠣ ᠦᠶ᠎ᠡ ᠶᠢᠨ ᠮᠠᠯ ᠠᠵᠤ ᠠᠬᠤᠶ ᠲᠠᠷᠢᠶᠠᠯᠠᠨᠭ ᠤᠨ ᠠᠵᠤ ᠦᠢᠯᠡᠰ ᠤᠨ ᠬᠦᠷᠢᠶᠡᠯᠡᠩ ᠢ ᠡᠬᠦᠳᠤᠨ ᠪᠠᠶᠢᠭᠤᠯᠬᠤ ᠶᠢ ᠳᠡᠮᠵᠢᠵᠦ᠂ 50 ᠠᠶᠢᠮᠠᠭ ᠬᠤᠲᠠ᠂ ᠬᠤᠰᠢᠭᠤ ᠰᠢᠶᠠᠨ ᠤ ᠲᠠᠰ ᠤᠨ ᠣᠲᠣ ᠦᠶ᠎ᠡ ᠶᠢᠨ ᠮᠠᠯ ᠠᠵᠤ ᠠᠬᠤᠶ ᠲᠠᠷᠢᠶᠠᠯᠠᠨᠭ ᠤᠨ ᠠᠵᠤ ᠦᠢᠯᠡᠰ ᠤᠨ ᠬᠦᠷᠢᠶᠡᠯᠡᠩ ᠢ ᠡᠬᠦᠳᠤᠨ ᠪᠠᠶᠢᠭᠤᠯᠬᠤ ᠶᠢ ᠠᠬᠢᠭᠤᠯᠤᠨ᠂ ᠬᠦᠷᠢᠶᠡᠯᠡᠩ ᠲᠣᠭᠤᠷᠢᠭ ᠢᠶᠠᠷ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠬᠥᠭᠵᠢᠯᠲᠡ ᠶᠢ ᠬᠥᠲᠥᠯᠥᠨ ᠳᠠᠶᠢᠴᠢᠯᠠᠵᠤ᠂ ᠮᠠᠯᠴᠢᠨ ᠲᠠᠷᠢᠶᠠᠴᠢᠨ ᠳ᠋ᠤ᠋ ᠠᠵᠤ ᠦᠢᠯᠡᠰ ᠤᠨ ᠨᠡᠮᠡᠭᠳᠡᠯ ᠥᠷᠲᠡᠭ ᠤᠨ ᠠᠰᠢᠭ ᠣᠷᠣᠯᠭ᠎ᠠ ᠶᠢ ᠬᠤᠪᠢᠶᠠᠨ ᠡᠳ᠋ᠯᠡᠭᠦᠯᠬᠦ ᠰᠢᠨ᠎ᠡ ᠪᠠᠶᠢᠷᠢᠰᠢᠯ ᠢ ᠠᠩᠬ᠎ᠠ ᠠᠯᠬᠤᠮ ᠪᠦᠷᠢᠯᠳᠦᠭᠦᠯᠪᠡ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠪᠢᠴᠢᠭ ᠮᠠᠲ᠋ᠧᠷᠢᠶᠠᠯ ᠪᠠᠭᠤᠯᠭᠠᠵᠤ᠂ ᠠᠵᠤ ᠦᠢᠯᠡᠰ ᠤᠨ ᠬᠦᠷᠢᠶᠡᠯᠡᠩ ᠤᠨ ᠠᠵᠤ ᠦᠢᠯᠡᠰ ᠤᠨ ᠬᠥᠭᠵᠢᠯᠲᠡ ᠵᠡᠷᠭᠡ 6 ᠶᠡᠭᠡ ᠲᠥᠷᠥᠯ ᠤᠨ 65 ᠵᠦᠢᠯ ᠤᠨ ᠬᠢᠨᠠᠨ ᠬᠡᠮᠵᠢᠬᠦ ᠭᠦᠢᠴᠡᠳᠭᠡᠯ ᠲᠤᠭ᠎ᠠ ᠵᠢᠴᠢ 21 ᠵᠦᠢᠯ ᠤᠨ ᠠᠮᠵᠢᠯᠲᠠ ᠪᠦᠲᠦᠮᠵᠢ ᠶᠢ ᠦᠨᠡᠯᠡᠬᠦ ᠭᠦᠢᠴᠡᠳᠭᠡᠯ ᠲᠤᠭ᠎ᠠ ᠶᠢ ᠲᠣᠳᠣᠷᠬᠠᠶᠢᠯᠠᠵᠤ᠂ ᠡᠬᠦᠳᠤᠨ ᠪᠠᠶᠢᠭᠤᠯᠤᠭᠰᠠᠨ ᠬᠦᠷᠢᠶᠡᠯᠡᠩ ᠲᠣᠭᠤᠷᠢᠭ ᠤᠨ ᠬᠢᠷᠢ ᠲᠡᠩᠴᠡᠭᠰᠡᠨ ᠡᠰᠡᠬᠦ ᠶᠢ ᠮᠠᠭᠠᠳᠯᠠᠨ ᠲᠣᠭᠲᠠᠭᠠᠵᠤ᠂ ᠬᠢᠷᠢ ᠲᠡᠩᠴᠡᠭᠰᠡᠨ ᠥᠬᠡᠶ ᠪᠠᠶᠢᠪᠠᠯ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠵᠤ᠂ ᠲᠠᠷᠠᠴᠢᠯᠠᠨ ᠰᠠᠶᠢᠳᠤᠷ ᠴᠡᠭᠴᠡᠯᠡᠨ ᠰᠠᠶᠢᠵᠢᠷᠠᠭᠤᠯᠤᠭᠰᠠᠨ ‍ᠦᠭᠡᠢ ᠪᠠᠶᠢᠪᠠᠯ ᠡᠭᠦᠳᠦᠨ ᠪᠠᠶᠢᠭᠤᠯᠬᠤ ᠬᠢᠷᠢ ᠬᠡᠮ ᠢ ᠨᠢ ᠬᠦᠴᠦᠨ ᠥᠬᠡᠶ ᠪᠣᠯᠭᠠᠵᠤ᠂ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠬᠤᠷᠢᠶᠠᠨ ᠠᠪᠴᠠᠢ᠃ ᠲᠠᠰᠤᠷᠠᠯᠲᠠ ᠥᠬᠡᠶ ᠬᠠᠶᠢᠨ ᠰᠦᠪᠡᠭᠴᠢᠯᠡᠬᠦ ᠪᠠ ᠦᠢᠯᠡᠳᠦᠯᠭᠡᠵᠢᠭᠦᠯᠬᠦ ᠪᠠᠷ ᠳᠡᠮᠵᠢᠨ᠂ ᠮᠠᠨ ᠤ ᠤᠷᠤᠨ ᠤ ᠣᠲᠣ ᠦᠶ᠎ᠡ ᠶᠢᠨ ᠮᠠᠯ ᠠᠵᠤ ᠠᠬᠤᠶ ᠲᠠᠷᠢᠶᠠᠯᠠᠨᠭ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠠᠵᠢᠯ ᠨᠢᠭᠡᠨᠲᠡ ᠰᠢᠨ᠎ᠡ ᠱᠠᠲᠤᠨ ᠳᠤ ᠣᠷᠣᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠬᠦᠯᠵᠤ ᠪᠠᠶᠢᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号