ᠴᠢᠰᠤᠨ ᠤ ᠥᠭᠡᠬᠦ ᠪᠠᠭᠤᠷᠠᠬᠤ ᠦᠭᠡᠶ ᠪᠠᠶᠢᠪᠠᠯ ᠡᠨᠡ ᠳᠥᠷᠪᠡᠨ ᠵᠦᠢᠯ ᠤᠨ ᠢᠳᠡᠭᠡᠨ ᠢ ᠴᠡᠭᠡᠷᠯᠡᠬᠦ ᠬᠡᠷᠡᠭᠲᠡᠶ︕
ᠨᠡᠶᠢᠲᠡᠯᠡᠭᠰᠡᠨ ᠴᠠᠭ᠄
2024/5/20
   1. ᠰᠥᠰᠥᠨ ᠤ ᠭᠤᠨᠠᠨ ᠠᠯᠺᠣᠣᠯ ᠤᠨ ᠠᠭᠤᠯᠤᠭᠳᠠᠴᠠ ᠥᠨᠳᠥᠷ ᠢᠳᠡᠭᠡᠨ ᠰᠥᠰᠥᠨ ᠤ ᠭᠤᠨᠠᠨ ᠠᠯᠺᠣᠣᠯ ᠤᠨ ᠠᠭᠤᠯᠤᠭᠳᠠᠴᠠ ᠪᠠᠷ ᠨᠡᠯᠢᠶᠡᠳ ᠥᠨᠳᠥᠷ ᠢᠳᠡᠭᠡᠨ ᠳᠤ ᠠᠮᠢᠲᠠᠨ ᠤ ᠳᠣᠲᠣᠷ ᠡᠷᠬᠡᠲᠡᠨ᠂ ᠥᠭᠡᠬᠦ᠂ ᠥᠳᠬᠡᠨ ᠱᠥᠯᠥ᠂ ᠨᠠᠶᠢᠮᠠᠯᠵᠢ ᠶᠢᠨ ᠰᠢᠷ᠎ᠠ ᠵᠡᠷᠭᠡ ᠪᠠᠭᠲᠠᠨ᠎ᠠ᠂ ᠡᠲᠡᠭᠡᠷ ᠢᠳᠡᠭᠡᠨ ᠨᠢ ᠬᠡᠳᠦᠶ ᠠᠮᠲᠠᠲᠠᠶ ᠪᠠᠶᠢᠭᠰᠠᠨ ᠴᠤ ᠠᠮᠠ ᠪᠠᠨ ᠪᠠᠷᠢᠬᠤ ᠬᠡᠷᠡᠭᠲᠡᠶ᠃    2. ᠫᠢᠸᠣ᠋ ᠶᠡᠷᠦ ᠠᠴᠠ ᠠᠷᠢᠬᠢ ᠨᠢ ᠴᠢᠰᠤᠨ ᠰᠤᠳᠠᠯ ᠢ ᠭᠡᠮᠲᠦᠭᠡᠳᠡᠭ᠂ ᠫᠢᠸᠤ᠋ ᠳᠤ ᠪᠠᠰᠠ ᠨᠡᠯᠢᠶᠡᠳ ᠥᠨᠳᠥᠷ ᠢᠯᠴᠢ ᠶᠢᠨ ᠬᠡᠮᠵᠢᠶ᠎ᠡ ᠠᠭᠤᠯᠳᠠᠭ᠂ ᠡᠨᠡ ᠨᠢ ᠴᠢᠰᠤᠨ ᠤ ᠥᠭᠡᠬᠦ ᠥᠨᠳᠥᠷ ᠬᠥᠮᠦᠨ ᠳᠤ ᠠᠪᠴᠤ ᠬᠡᠯᠡᠪᠡᠯ᠂ ᠴᠢᠰᠤᠨ ᠰᠤᠳᠠᠯ ᠢ ᠨᠡᠩ ᠠᠮᠠᠷᠬᠠᠨ ︽ᠪᠥᠭᠯᠡᠷᠡᠭᠦᠯᠵᠤ︾ ᠮᠡᠳᠡᠨ᠎ᠡ᠃ ᠪᠠᠰᠠ᠂ ᠫᠢᠸᠤ᠋ ᠤᠤᠭᠤᠬᠤ ᠳᠤ ᠠᠮᠠᠷᠬᠠᠨ ᠰᠣᠭᠲᠣᠬᠤ ᠦᠭᠡᠢ ᠪᠣᠯᠬᠤᠷ ᠶᠡᠭᠡ ᠤᠤᠭᠤᠳᠠᠭ᠃    3. ᠳᠠᠪᠤᠰᠤᠯᠠᠭᠰᠠᠨ ᠨᠤᠭᠤᠰᠤᠨ ᠥᠨᠳᠡᠭᠡ ᠳᠠᠪᠤᠰᠤᠯᠠᠭᠰᠠᠨ ᠨᠤᠭᠤᠰᠤᠨ ᠥᠨᠳᠡᠭᠡ ᠳᠤ ᠳᠠᠪᠤᠰᠤ ᠨᠡᠯᠢᠶᠡᠳ ᠠᠷᠪᠢᠨ ᠠᠭᠤᠯᠵᠤ ᠪᠠᠶᠢᠬᠤ ᠪᠠᠷ ᠪᠠᠷᠠᠬᠤ ᠥᠬᠡᠶ᠂ ᠥᠭᠡᠬᠦᠨ ᠤ ᠠᠭᠤᠯᠤᠭᠳᠠᠴᠠ ᠪᠠ ᠰᠥᠰᠥᠨ ᠤ ᠭᠤᠨᠠᠨ ᠠᠯᠺᠣᠣᠯ ᠤᠨ ᠠᠭᠤᠯᠤᠭᠳᠠᠴᠠ ᠨᠢ ᠴᠥᠮ ᠮᠠᠰᠢ ᠥᠨᠳᠥᠷ ᠪᠠᠶᠢᠳᠠᠭ᠂ ᠬᠡᠲᠦ ᠠᠷᠪᠢᠨ ᠢᠳᠡᠪᠡᠯ ᠴᠢᠰᠤᠨ ᠤ ᠥᠭᠡᠬᠦ ᠶᠢ ᠨᠥᠯᠥᠭᠡᠯᠡᠳᠡᠭ᠃    4. ᠰᠢᠬᠢᠷᠯᠢᠭ ᠢᠳᠡᠭᠡᠨ ᠴᠢᠰᠤᠨ ᠤ ᠥᠭᠡᠬᠦ ᠥᠨᠳᠥᠷᠵᠢᠭᠰᠡᠨ ᠬᠥᠮᠦᠰ ᠴᠦ ᠭᠡᠰᠡᠨ᠂ ᠡᠷᠡᠭᠦᠯ ᠴᠢᠭᠢᠷᠠᠭ ᠬᠥᠮᠦᠰ ᠴᠦ ᠭᠡᠰᠡᠨ ᠰᠢᠬᠢᠷᠯᠢᠭ ᠢᠳᠡᠭᠡᠨ ᠢ ᠬᠡᠳᠦ ᠠᠷᠪᠢᠨ ᠢᠳᠡᠬᠦ ᠦᠭᠡᠢ ᠪᠠᠶᠢᠪᠠᠯ ᠵᠣᠬᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号