ᠮᠠᠯᠵᠢᠬᠤ ᠣᠷᠣᠨ ᠤ ᠲᠠᠷᠠᠬᠠᠶ ᠬᠡᠯᠪᠡᠷᠢ ᠶᠢᠨ ᠤᠰᠤ ᠬᠠᠩᠭᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ | ᠬᠢᠭᠡᠳ ᠬᠠᠮᠢᠶᠠᠷᠤᠯᠲᠠ ᠬᠠᠮᠠᠭᠠᠯᠠᠯᠲᠠ ᠶᠢ ᠵᠢᠷᠤᠮᠯᠠᠬᠤ ᠲᠦᠷᠢᠮ ᠲᠠᠢ ᠪᠣᠯᠭᠠᠵᠤ ᠤᠰᠤᠨ ᠤ ᠬᠠᠩᠭᠠᠯᠭ᠎ᠠ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠵᠠᠢ | ᠮᠠᠯᠵᠢᠬᠤ ᠣᠷᠣᠨ ᠤ ᠤᠰᠤ ᠤᠮᠳᠠ ᠶᠢᠨ ᠠᠮᠤᠷ ᠲᠦᠪᠰᠢᠨ ᠢ ᠪᠠᠳᠤᠯᠠᠬᠤ ᠪᠤᠯ ᠬᠦᠳᠡᠭᠡ ᠲᠤᠰᠬᠤᠨ ᠢ ᠪᠦᠬᠦ | ᠲᠠᠯ᠎ᠠ ᠪᠠᠷ ᠬᠦᠭᠵᠢᠬᠦᠯᠤᠨ ᠮᠠᠨᠳᠤᠭᠤᠯᠬᠤ ᠶᠢᠨ ᠴᠢᠬᠤᠯᠠ ᠲᠤᠯᠭᠠᠭᠤᠷᠢᠯᠠᠯ ᠪᠤᠯᠬᠤ ᠪᠠᠷ ᠪᠠᠷᠠᠬᠤ ᠦᠬᠡᠢ᠂ ᠥᠷᠭᠡᠨ | ᠤᠯᠠᠨ ᠮᠠᠯᠴᠢᠳ ᠲᠠᠢ ᠰᠢᠭᠤᠳ ᠬᠤᠯᠪᠤᠭᠳᠠᠬᠤ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠦᠨ᠃ | ᠮᠠᠯᠵᠢᠬᠤ ᠣᠷᠣᠨ ᠤ ᠲᠠᠷᠠᠬᠠᠶ ᠬᠡᠯᠪᠡᠷᠢ ᠶᠢᠨ ᠤᠰᠤ ᠬᠠᠩᠭᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠬᠢᠭᠡᠳ | ᠬᠠᠮᠢᠶᠠᠷᠤᠯᠲᠠ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠰᠤᠨ ᠤ ᠬᠠᠩᠭᠠᠯᠭ᠎ᠠ ᠶᠢ ᠡᠷᠦᠬᠡ ᠳᠤ | ᠬᠦᠷᠭᠡᠬᠦ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ ᠲᠠᠷᠠᠬᠠᠶ | ᠬᠡᠯᠪᠡᠷᠢ ᠶᠢᠨ ᠤᠰᠤ ᠬᠠᠩᠭᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠬᠢᠭᠡᠳ ᠬᠠᠮᠢᠶᠠᠷᠤᠯᠳᠠ | ᠬᠠᠮᠠᠭᠠᠯᠠᠯᠳᠠ ᠶᠢᠨ ᠮᠡᠷᠭᠡᠵᠢᠯ ᠤᠨ ᠵᠦᠭᠯᠡᠭᠦᠷ ︵ᠲᠤᠷᠰᠢᠨ ᠬᠡᠷᠡᠭᠵᠢᠭᠦᠯᠬᠦ︶︾ ︵ᠲᠤᠤᠷ᠎ᠠ ︽ᠮᠡᠷᠬᠡᠵᠢᠯ ᠤᠨ | ᠵᠦᠭᠯᠡᠬᠦᠷ︾ ᠬᠡᠵᠤ ᠲᠦᠬᠦᠮᠴᠢᠯᠡᠨ᠎ᠠ︶ ᠢ ᠳᠠᠷᠤᠮᠠᠯᠯᠠᠨ ᠲᠠᠷᠬᠠᠭᠠᠪᠠ᠃ ᠡᠨᠡ ᠪᠤᠯ ᠪᠦᠬᠦ ᠤᠯᠤᠰ ᠤᠨ ᠠᠩᠬᠠᠳᠠᠭᠴᠢ | ᠮᠠᠯᠵᠢᠬᠤ ᠣᠷᠣᠨ ᠤ ᠤᠰᠤ ᠬᠠᠩᠭᠠᠬᠤ ᠮᠡᠷᠭᠡᠵᠢᠯ ᠤᠨ ᠵᠦᠭᠯᠡᠭᠦᠷ ᠪᠣᠯᠤᠨ᠎ᠠ᠃ | ᠤᠰᠤ ᠪᠣᠯ ᠠᠮᠢ ᠨᠠᠰᠤᠨ ᠤ ᠡᠬᠢ᠂ ᠦᠢᠯᠡᠳᠪᠦᠷᠢᠯᠡᠯ ᠠᠮᠢᠳᠤᠷᠠᠯ ᠤᠨ ᠰᠠᠭᠤᠷᠢ ᠮᠦᠨ᠃ ︽ᠵᠠᠰᠠᠭ ᠤᠨ | ᠣᠷᠳᠣᠨ ᠠᠴᠠ ᠪᠢᠳᠡᠨ ᠢ ᠬᠠᠪᠰᠤᠷᠤᠨ ᠭᠦᠨ ᠬᠤᠳᠳᠤᠭ ᠮᠠᠯᠲᠠᠵᠤ ᠦᠭᠬᠦᠭᠰᠡᠨ ᠠᠴᠠ ᠤᠳᠤ ᠤᠰᠤ ᠤᠮᠳᠠ ᠶᠢᠨ | ᠠᠰᠠᠭᠤᠳᠠᠯ ᠢᠶᠠᠨ ᠲᠦᠢᠯᠪᠤᠷᠢᠲᠠᠢ ᠰᠢᠢᠳᠪᠦᠷᠢᠯᠡᠯᠠ︾ ᠭᠡᠵᠦ ᠤᠷᠠᠳ ᠤᠨ ᠬᠤᠶᠢᠲᠤ ᠬᠤᠰᠢᠭᠤᠨ ᠤ ᠬᠥᠭᠡᠴᠢ | ᠰᠤᠮᠤ ᠶᠢᠨ ᠴᠠᠭᠠᠨ ᠭᠤᠤᠯ ᠭᠠᠴᠠᠭᠠᠨ ᠤ ᠮᠠᠯᠴᠢᠨ ᠬᠡᠷᠡᠯᠲᠦ ᠪᠠᠶᠠᠷᠳᠠᠢ ᠬᠡᠯᠡᠨ᠎ᠠ᠃ ᠮᠠᠨ ᠤ ᠣᠷᠣᠨ ︽ᠤᠰᠤᠨ ᠤ | ᠬᠠᠩᠭᠠᠯᠭ᠎ᠠ ᠶᠢ ᠪᠠᠲᠤᠯᠠᠬᠤ ᠪᠣᠯ ᠠᠷᠠᠳ ᠤᠨ ᠠᠮᠢᠳᠤᠷᠠᠯ ᠢ ᠪᠠᠲᠤᠯᠠᠬᠤ ᠶᠠᠪᠤᠳᠠᠯ ᠮᠥᠨ︾ ᠭᠡᠬᠦ ᠤᠶᠢᠯᠠᠭᠠᠭᠳᠠᠬᠤᠨ ᠢ | ᠪᠠᠲᠤ ᠦᠢᠯᠡᠳᠦᠯᠭᠡᠵᠢᠭᠦᠯᠵᠤ᠂ ᠮᠠᠯᠵᠢᠬᠤ ᠲᠠᠷᠢᠶᠠᠯᠠᠬᠤ ᠤᠷᠤᠨ ᠤ ︽ᠨᠢᠭᠡ ᠡᠷᠦᠬᠡ ᠳᠤ ᠨᠢᠭᠡ ᠬᠤᠳᠳᠤᠭ︾᠂ ︽ | ᠨᠢᠭᠡ ᠡᠷᠦᠬᠡ ᠳᠤ ᠨᠢᠭᠡ ᠤᠰᠤᠨ ᠵᠣᠭᠤᠷᠢ︾ ᠢᠢᠨ ᠤᠰᠤᠨ ᠰᠤᠷᠪᠤᠯᠵᠢ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠲᠠᠷᠠᠬᠠᠶ ᠪᠤᠲᠠᠷᠬᠠᠶ ᠮᠠᠯᠵᠢᠬᠤ ᠲᠠᠷᠢᠶᠠᠯᠠᠬᠤ ᠡᠷᠦᠬᠡ ᠶᠢᠨ | ᠤᠰᠤᠨ ᠤ ᠬᠠᠩᠭᠠᠯᠭ᠎ᠠ ᠶᠢ ᠪᠠᠲᠤᠯᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠮᠠᠯᠵᠢᠬᠤ ᠣᠷᠣᠨ ᠤ ᠬᠤᠯᠠ ᠠᠴᠠ ᠤᠰᠤ | ᠵᠦᠬᠡᠬᠡᠪᠤᠷᠢᠯᠡᠬᠦ ᠶᠢ ᠦᠨᠳᠦᠰᠦᠨ ᠳᠡᠭᠡᠨ 5 ᠺᠢᠯᠣᠮᠧᠳ᠋ᠷ ᠤᠨ ᠳᠣᠲᠣᠷ᠎ᠠ ᠬᠢᠵᠠᠭᠠᠷᠯᠠᠬᠤ ᠶᠢᠨ ᠬᠠᠮᠲᠤ ᠰᠠᠯᠬᠢᠨ ᠬᠦᠴᠦ | ᠬᠡᠷᠡᠯᠴᠢ ᠴᠡᠨᠡᠭ ᠢ ᠬᠠᠷᠢᠯᠴᠠᠨ ᠨᠥᠬᠦᠪᠥᠷᠢᠯᠡᠭᠰᠠᠨ ᠲᠥᠬᠦᠭᠡᠷᠦᠮᠵᠢ ᠶᠢ ᠢᠳᠡᠪᠬᠢᠲᠡᠶ ᠣᠷᠣᠭᠤᠯᠤᠨ ᠳᠡᠯᠭᠡᠷᠡᠭᠦᠯᠵᠦ᠂ | ᠮᠠᠯᠵᠢᠬᠤ ᠣᠷᠣᠨ ᠤ ᠮᠠᠰᠢᠨ ᠬᠤᠳᠳᠤᠭ ᠤᠨ ᠴᠠᠬᠢᠯᠭᠠᠨ ᠬᠡᠷᠡᠭᠯᠡᠬᠦ ᠪᠠ ᠲᠤᠨᠤᠭ ᠲᠦᠬᠦᠭᠡᠷᠦᠮᠵᠢ ᠶᠢᠨ ᠬᠥᠯᠳᠡᠬᠦ ᠠᠴᠠ | ᠰᠡᠷᠭᠡᠶᠢᠯᠡᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠠ᠃ ᠤᠳᠤ ᠮᠠᠨ ᠤ ᠣᠷᠣᠨ ᠤ ᠮᠠᠯᠵᠢᠬᠤ ᠲᠠᠷᠢᠶᠠᠯᠠᠬᠤ | ᠣᠷᠣᠨ ᠳᠤ ᠲᠦᠭᠡᠭᠡᠯ ᠤᠰᠤ ᠶᠢ ᠲᠦᠭᠡᠮᠡᠯᠵᠢᠭᠦᠯᠦᠭᠰᠡᠨ ᠨᠣᠷᠮ᠎ᠠ 2015 ᠣᠨ ᠤ 60% ᠪᠠᠶᠢᠭᠰᠠᠨ ᠠᠴᠠ ᠪᠠᠨ | ᠲᠠᠬᠡᠭᠰᠢᠯᠡᠬᠡᠳ 83.6% ᠶᠢ ᠲᠠᠪᠠᠵᠤ᠂ ᠤᠰᠤᠨ ᠠᠰᠢᠭᠯᠠᠯᠲᠠ ᠶᠢᠨ ᠶᠠᠮᠤᠨ ᠤ ᠬᠢᠨᠠᠨ ᠰᠢᠯᠭᠠᠯᠳᠠ ᠶᠢᠨ | ᠭᠦᠢᠴᠡᠳᠭᠡᠯ ᠲᠤᠭ᠎ᠠ ᠶᠢᠨ ᠡᠭᠦᠷᠭᠡ ᠶᠢ 2 ᠵᠢᠯ ᠤᠷᠢᠳᠴᠢᠯᠠᠨ ᠪᠡᠶᠡᠯᠡᠭᠦᠯᠦᠭᠰᠡᠨ ᠪᠠᠶᠢᠨ᠎ᠠ᠃ ᠨᠢᠳᠤᠨᠤᠨ ᠤ ᠵᠢᠯ ᠤᠨ | ᠡᠴᠤᠰ ᠪᠣᠯᠲᠠᠯ᠎ᠠ ᠪᠦᠬᠦ ᠤᠷᠤᠨ ᠢᠶᠠᠷ ᠢᠶᠠᠨ ᠮᠠᠯᠵᠢᠬᠤ ᠲᠠᠷᠢᠶᠠᠯᠠᠬᠤ ᠣᠷᠣᠨ ᠤ ᠡᠯ᠎ᠡ ᠲᠥᠷᠥᠯ ᠤᠨ ᠤᠰᠤ ᠬᠠᠩᠭᠠᠬᠤ | ᠢᠨᠵᠧᠨᠧᠷᠢᠩ ᠢ ᠨᠡᠶᠢᠳᠡ 44 ᠲᠦᠮᠡ ᠭᠠᠷᠤᠢ ᠪᠠᠶᠢᠭᠤᠯᠵᠤ᠂ ᠲᠦᠭ ᠲᠦᠮᠡᠨ ᠮᠠᠯᠴᠢᠨ ᠲᠠᠷᠢᠶᠠᠴᠢᠨ ᠤ ᠤᠰᠤ | ᠤᠮᠳᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠠᠢ᠃ |