— ᠤᠷᠳᠤ ᠴᠠᠭᠠᠨ ᠬᠡᠷᠡᠮ ᠤᠨ ᠰᠣᠶᠣᠯ ᠤᠨ ᠲᠤᠬᠠᠢ ᠰᠢᠷᠢᠰ ᠮᠡᠳᠡᠭᠡᠯᠡᠯ ︵ᠨᠢᠭᠡ︶ | ᠵᠤᠨ ᠤ ᠠᠭᠤᠷ ᠦᠢᠷᠠᠳᠤᠨ ᠲᠦᠮᠡᠨ ᠪᠣᠳᠠᠰ ᠴᠡᠯᠭᠡᠷᠡᠨ ᠨᠣᠭᠤᠭᠠᠷᠠᠬᠰᠠᠨ ᠴᠤ ᠰᠢᠭᠤᠶᠢᠲᠤ ᠳᠤᠭᠤᠷᠢᠭ ᠤᠨ | ᠬᠤ᠋ ᠶᠢᠨ ᠬᠤᠪᠴᠠᠰᠤ ᠡᠮᠤᠰᠴᠤ ᠬᠦᠯᠦᠭ ᠳᠡᠬᠡᠷ᠎ᠡ ᠠᠴᠠ ᠨᠠᠮᠨᠠᠬᠤ ᠠᠭᠤᠳᠠᠮ ᠲᠠᠯᠠᠪᠠᠢ — ᠤᠷᠠᠳ ᠤᠨ ᠡᠮᠦᠨᠡᠲᠦ | ᠬᠤᠰᠢᠭᠤᠨ ᠤ ᠪᠠᠭ᠎ᠠ ᠰᠢᠭᠡᠲᠡᠢ — ᠤᠷᠠᠳ ᠤᠨ ᠬᠤᠶᠢᠲᠤ ᠬᠤᠰᠢᠭᠤᠨ ᠤ ᠲᠠᠪᠠᠭᠠᠲᠤ ᠭᠤᠤ ᠶᠢᠨ ᠤᠷᠳᠤ ᠴᠠᠭᠠᠨ | ᠬᠡᠷᠡᠮ ᠳᠠᠭᠠᠤ ᠮᠦᠨ ᠬᠦ ᠨᠡᠯᠢᠶᠡᠳ ᠰᠡᠷᠢᠭᠦᠨ ᠪᠠᠶᠢᠯ᠎ᠠ᠃ | 2000 ᠭᠠᠷᠤᠶ ᠵᠢᠯ ᠤᠨ ᠳᠡᠷᠳᠡᠭᠡ ᠪᠤᠰᠬᠠᠬᠳᠠᠬᠰᠠᠨ ᠤᠷᠳᠤ ᠴᠠᠭᠠᠨ ᠬᠡᠷᠡᠮ ᠤᠨ ᠲᠤᠤᠷ᠎ᠠ ᠵᠤᠬᠰᠤᠵᠦ | ᠲᠡᠳᠡᠭᠡᠷ ᠠᠳᠠᠯᠢ ᠪᠤᠰᠤ ᠦᠨᠳᠦᠰᠦᠲᠡᠨ ᠤᠬᠰᠠᠭ᠎ᠠ᠂ ᠤᠷᠳᠤ ᠴᠠᠭᠠᠨ ᠬᠡᠷᠡᠮ ᠢ ᠠᠯᠤᠰᠯᠠᠨ ᠬᠠᠷᠢᠯᠴᠠᠨ ᠠᠵᠢᠭᠯᠠᠵᠤ᠂ | ᠬᠢᠨᠠᠨ ᠰᠢᠨᠵᠢᠵᠥ᠂ ᠰᠡᠷᠭᠡᠶᠢᠯᠡᠵᠦ ᠪᠠᠶᠢᠬᠰᠠᠨ ᠲᠤᠬᠠᠶ ᠶᠢᠨ ᠤᠨ ᠵᠢᠯ ᠤᠳ ᠡᠷᠬᠢᠴᠡᠬᠦᠯᠦᠭᠳᠡᠨᠡ︔ ᠡᠷᠬᠢᠨ | ᠬᠠᠷᠠᠬᠤᠶ᠎ᠠ᠂ ᠤᠷᠳᠤ ᠴᠠᠭᠠᠨ ᠬᠡᠷᠡᠮ ᠨᠢ ᠡᠴᠦᠰ ᠲᠡᠭᠡᠨ ᠠᠭᠤᠰᠤᠯᠴᠠᠯ ᠤᠨ ᠬᠦᠴᠦᠨ ᠢ ᠬᠤᠷᠢᠭᠯᠠᠵᠤ ᠴᠢᠳᠠᠭᠰᠠᠨ | ᠦᠭᠡᠢ ᠪᠠᠶᠢᠵᠥ᠂ ᠳᠣᠲᠣᠨᠣ ᠶᠠᠪᠤᠯᠴᠠᠭᠰᠠᠨ ᠳᠠᠭᠤᠯᠠᠯ ᠡᠬᠡ ᠤᠯᠤᠰ ᠤᠨ ᠤᠮᠠᠷᠠᠲᠤ ᠳᠤ ᠲᠠᠭᠤᠷᠢᠰᠤᠨ᠎ᠠ᠃ | ᠪᠣᠭᠤᠮᠲᠠ ᠶᠢᠨ ᠭᠠᠳᠠᠨ᠎ᠠ ᠪᠢᠴᠢᠭᠯᠡᠭᠳᠡᠭᠰᠡᠨ ᠰᠢᠭᠤᠶᠢᠳᠤ ᠳᠤᠭᠤᠷᠢᠭ ᠲᠠᠬᠢ ︽ᠬᠠᠮᠤᠭ︾ | 63 ᠵᠢᠯ ᠤᠨ ᠡᠮᠦᠨᠡᠬᠢ ᠵᠤᠨ᠂ ᠲᠡᠦᠬᠡ ᠶᠢᠨ ᠰᠤᠳᠤᠯᠭᠠᠳᠠᠨ ᠵᠢᠶᠠᠨ ᠪᠥᠸᠧ ᠽᠠᠨ᠂ ᠹᠠᠨ ᠸᠤᠨ ᠯᠠᠨ᠂ ᠯᠢᠦᠢ | ᠵᠧᠨ ᠢᠦᠢ ᠨᠡᠷ ᠤᠯᠠᠭᠠᠨᠬᠦᠦ ᠶᠢᠨ ᠤᠷᠢᠯᠭ᠎ᠠ ᠪᠠᠷ ᠥᠪᠥᠷ ᠮᠣᠩᠭᠤᠯ ᠳᠤ ᠠᠶᠢᠯᠴᠢᠯᠠᠪᠠ᠃ ᠡᠨᠡ ᠤᠳᠠᠭᠠᠨ ᠤ | ᠠᠶᠢᠯᠴᠢᠯᠠᠯᠲᠠ ᠶᠢᠨ ᠲᠠᠷᠠᠭ᠎ᠠ ᠵᠢᠶᠠᠨ ᠪᠥᠸᠧ ᠽᠠᠨ ᠠᠪᠤᠭᠠᠢ ᠦᠵᠡᠵᠦ ᠰᠣᠨᠣᠰᠤᠭᠰᠠᠨ ᠢᠶᠠᠨ ᠪᠢᠷ ᠪᠡᠬᠡᠰ ᠢᠶᠠᠷ ᠢᠶᠠᠨ | ᠢᠯᠡᠳᠭᠡᠵᠦ᠂ ︽ᠥᠪᠥᠷ ᠮᠣᠩᠭᠤᠯ ᠳᠤ ᠬᠠᠭᠤᠴᠢᠨ ᠤ ᠪᠠᠭᠤᠷᠢ ᠶᠢ ᠬᠠᠶᠢᠬᠤᠢ︾ ᠭᠡᠬᠦ ᠦᠶ᠎ᠡ ᠤᠯᠠᠮᠵᠢᠯᠠᠭᠳᠠᠭᠰᠠᠨ | ᠪᠦᠳᠦᠬᠡᠯ ᠢᠶᠠᠨ ᠦᠯᠡᠳᠡᠭᠡᠵᠡᠢ᠃ ᠲᠡᠭᠦᠨ ᠤ ᠳᠣᠲᠣᠷᠠᠬᠢ ᠠᠯᠳᠠᠷᠲᠤ ᠵᠣᠬᠢᠶᠠᠯ ︽ᠬᠠᠮᠤᠭ ᠤᠨ ᠡᠷᠲᠡᠨ ᠤ ᠤᠷᠳᠤ | ᠴᠠᠭᠠᠨ ᠬᠡᠷᠡᠮ︾ ᠨᠢ ᠳᠠᠷᠤᠢ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠪᠠᠶᠢᠯᠳᠤᠭᠠᠨᠲᠤ ᠤᠯᠤᠰ ᠤᠨ | ᠦᠶ᠎ᠠ ᠶᠢᠨ ᠵᠤᠤ ᠤᠯᠤᠰ ᠤᠨ ᠬᠤᠶᠢᠳᠤ ᠤᠷᠳᠤ ᠴᠠᠭᠠᠨ ᠬᠡᠷᠡᠮ ᠤᠨ ᠦᠯᠡᠳᠡᠭᠳᠡᠯ ᠢ ᠵᠢᠷᠤᠭᠯᠠᠭᠰᠠᠨ ᠪᠠᠶᠢᠨ᠎ᠠ᠃ | ᠵᠢᠶᠠᠨ ᠪᠥᠸᠧ ᠽᠠᠨ ᠠᠪᠤᠭᠠᠢ ᠶᠢᠨ ᠠᠶᠠᠨ ᠤ ᠮᠥᠷ ᠲᠠᠭᠠᠤ S211 ᠮᠤᠵᠢ ᠶᠢᠨ ᠵᠠᠮ ᠢᠶᠠᠷ 10 ᠭᠠᠷᠤᠢ | ᠺᠢᠯᠣᠮᠧᠲᠷ ᠶᠠᠪᠤᠪᠠᠯ ᠵᠤᠤ ᠤᠯᠤᠰ ᠤᠨ ᠬᠤᠶᠢᠳᠤ ᠤᠷᠲᠤ ᠴᠠᠭᠠᠨ ᠬᠡᠷᠡᠮ ᠬᠠᠷᠠᠭᠠᠨ ᠳᠤ ᠳᠤᠳᠤᠷᠠᠨ᠎ᠠ᠃ | ᠪᠤᠭᠤᠲᠤ ᠶᠢᠨ ᠣᠷᠣᠨ ᠨᠤᠲᠤᠭ ᠤᠨ ᠲᠡᠦᠬᠡ ᠰᠣᠶᠣᠯ ᠤᠨ ᠰᠤᠳᠤᠯᠭᠠᠨ ᠤ ᠡᠷᠳᠡᠮᠲᠡᠨ᠂ ᠣᠷᠳᠣ ᠴᠠᠭᠠᠨ | ᠬᠡᠷᠡᠮ ᠤᠨ ᠰᠣᠶᠣᠯ ᠤᠨ ᠰᠤᠳᠤᠯᠭᠠᠨ ᠤ ᠲᠤᠰᠬᠠᠶ ᠮᠡᠷᠭᠡᠵᠢᠯᠲᠡᠨ ᠹᠠᠩ ᠶᠢᠨ ᠯᠢᠶᠠᠩ ᠤᠨ ᠲᠠᠨᠢᠯᠴᠠᠭᠤᠯᠤᠭᠰᠠᠨ ᠢᠶᠠᠷ᠂ | ᠵᠣᠣ ᠤᠯᠤᠰ ᠤᠨ ᠬᠤᠶᠢᠳᠤ ᠣᠷᠳᠣ ᠴᠠᠭᠠᠨ ᠬᠡᠷᠡᠮ ᠤᠨ ᠰᠢᠭᠤᠶᠢᠲᠤ ᠲᠤᠭᠤᠷᠢᠬ ᠤᠨ ᠬᠡᠰᠡᠭ ᠤᠨ ᠪᠥᠬᠦ ᠣᠷᠳᠣ ᠨᠢ | 20 ᠭᠠᠷᠤᠶ ᠺᠢᠯᠣᠮᠧᠲᠷ ᠪᠠᠶᠢᠵᠤ᠂ ᠮᠤᠨᠢ ᠠᠭᠤᠯᠠ ᠶᠢᠨ ᠨᠢᠷᠤᠭᠤ ᠪᠠ ᠠᠭᠤᠯᠠᠨ ᠭᠤᠤ ᠳᠤ ᠪᠤᠰᠬᠠᠬᠳᠠᠵᠥ᠂ ᠵᠣᠣ | ᠤᠯᠤᠰ ᠤᠨ ᠬᠤᠶᠢᠳᠤ ᠣᠷᠳᠣ ᠴᠠᠭᠠᠨ ᠬᠡᠷᠡᠮ ᠤᠨ ᠪᠥᠬᠦ ᠱᠤᠭᠤᠮ ᠳᠤ ᠬᠠᠳᠠᠭᠠᠯᠠᠭᠳᠠᠵᠤ ᠪᠠᠶᠢᠭ᠎ᠠ ᠬᠠᠮᠤᠭ ᠤᠨ | ᠰᠠᠶᠢᠨ ᠣᠷᠳᠣ ᠴᠠᠭᠠᠨ ᠬᠡᠷᠡᠮ ᠤᠨ ᠦᠯᠡᠳᠡᠭᠳᠡᠯ ᠪᠣᠯᠤᠨ᠎ᠠ᠃ | ᠳᠡᠥᠬᠡᠨ ᠳᠡᠮᠳᠡᠭᠯᠡᠯ ᠠᠴᠠ ᠦᠵᠡᠪᠡᠯ᠂ ᠵᠤᠤ ᠤᠯᠤᠰ ᠤᠨ ᠬᠤᠶᠢᠳᠤ ᠤᠷᠳᠤ ᠴᠠᠭᠠᠨ ᠬᠡᠷᠡᠮ ᠢ ᠨᠡᠶᠢᠲᠡ ᠶᠢᠨ ᠣᠨ | ᠲᠣᠭᠠᠯᠠᠯ ᠠᠴᠠ ᠡᠮᠦᠨ᠎ᠡ 326 ᠣᠨ — ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 298 ᠣᠨ ᠳᠤ | ᠪᠠᠶᠢᠭᠤᠯᠵᠠᠶ᠃ ᠵᠡᠭᠦᠨ ᠠᠴᠠ ᠾᠧᠪᠧᠶ ᠮᠤᠵᠢ ᠶᠢᠨ ᠬᠤᠶᠢᠲᠤ ᠬᠡᠰᠡᠭ ᠠᠴᠠ ᠪᠠᠷᠠᠭᠤᠨᠰᠢ ᠤᠯᠠᠭᠠᠨᠴᠠᠪ ᠬᠤᠲᠠ᠂ | ᠬᠥᠬᠡᠬᠤᠲᠠ᠂ ᠪᠤᠭᠤᠲᠤ ᠬᠤᠲᠠ᠂ ᠪᠠᠶᠠᠨᠨᠠᠭᠤᠷ ᠬᠤᠲᠠ ᠪᠠᠷ ᠥᠩᠭᠡᠷᠡᠵᠦ᠂ ᠪᠥᠬᠦ ᠣᠷᠳᠣ ᠨᠢ ᠪᠠᠷᠤᠭ 500 | ᠺᠢᠯᠣᠮᠧᠲᠷ ᠪᠠᠶᠢᠳᠠᠬ᠃ ᠬᠡᠷᠡᠮ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠤᠰᠬᠠᠵᠥ᠂ | ᠰᠢᠷᠣᠶ ᠪᠠᠷ ᠬᠠᠩᠳᠠᠬᠤ ᠪᠤᠶᠤ ᠴᠢᠯᠠᠭᠤ ᠪᠠᠷ ᠵᠡᠷᠭᠡᠯᠡᠵᠦ᠂ ᠳᠠᠭᠠᠤ ᠳᠤᠨᠢ ᠬᠠᠯᠬᠠᠪᠴᠢ ᠬᠤᠲᠠ ᠶᠢᠨ ᠪᠠᠭᠤᠷᠢ ᠲᠠᠷᠬᠠᠵᠤ | ᠪᠤᠶ᠃ | ᠹᠠᠩ ᠶᠢᠨ ᠯᠢᠶᠠᠩ ᠰᠤᠷᠪᠤᠯᠵᠢᠯᠠᠭᠴᠢ ᠳᠤ᠄ ︽ᠵᠤᠤ ᠤᠯᠤᠰ ᠤᠨ ᠬᠤᠶᠢᠳᠤ ᠤᠷᠳᠤ ᠴᠠᠭᠠᠨ ᠬᠡᠷᠡᠮ ᠪᠣᠯ ᠵᠤᠤ | ᠤᠯᠤᠰ ᠤᠨ ᠡᠦ ᠯᠢᠩ ᠸᠠᠩ ᠤᠨ ᠬᠤ ᠶᠢᠨ ᠬᠤᠪᠴᠠᠰᠤ ᠡᠮᠦᠰᠴᠦ ᠬᠦᠯᠦᠭ ᠳᠡᠬᠡᠷ᠎ᠡ ᠠᠴᠠ ᠨᠠᠮᠨᠠᠵᠦ ᠵᠣᠷᠢᠭᠲᠠᠢ ᠪᠠᠷ | ᠥᠭᠡᠷᠡᠴᠢᠯᠡᠯᠲᠡ ᠬᠢᠭᠰᠡᠨ ᠲᠡᠦᠬᠡ ᠶᠢᠨ ᠭᠡᠷᠡᠴᠢ ᠪᠣᠯᠤᠨ᠎ᠠ᠂ ᠪᠠᠰᠠ ᠴᠤ ᠳᠤᠮᠳᠠᠳᠤ ᠶᠢᠨ ᠡᠬᠡ ᠭᠠᠵᠠᠷ ᠤᠨ | ᠬᠠᠮᠤᠭ ᠤᠨ ᠥᠨᠢ ᠤᠳᠠᠭᠠᠨ ᠲᠡᠦᠬᠡ ᠶᠢᠨ ᠪᠣᠳᠠᠲᠤ ᠪᠣᠳᠠᠰ ᠤᠨ ᠦᠯᠡᠳᠡᠭᠳᠡᠯ ᠤᠨ ᠨᠢᠭᠡ ᠪᠣᠯᠤᠨ᠎ᠠ᠂ ᠳᠤᠮᠳᠠᠳᠤ | ᠣᠷᠣᠨ ᠤ ᠦᠨᠳᠦᠰᠦᠲᠡᠨ ᠪᠣᠯᠤᠨ ᠤᠮᠠᠷᠠᠲᠤ ᠶᠢᠨ ᠦᠨᠳᠦᠰᠦᠲᠡᠨ ᠤ ᠬᠤᠭᠤᠷᠣᠨᠳᠣᠬᠢ ᠨᠢᠭᠡ ᠤᠳᠠᠭ᠎ᠠ ᠶᠢᠨ | ᠰᠣᠯᠢᠯᠴᠠᠭ᠎ᠠ ᠠᠭᠤᠰᠤᠯᠴᠠᠯ ᠤᠨ ᠠᠭᠤᠤ ᠶᠡᠭᠡ ᠬᠤᠷᠰᠢᠯ ᠮᠦᠨ᠂ ᠡᠨᠡ ᠪᠣᠯ ᠵᠤᠤ ᠤᠯᠤᠰ ᠤᠨ ᠬᠤᠶᠢᠳᠤ ᠤᠷᠳᠤ | ᠴᠠᠭᠠᠨ ᠬᠡᠷᠡᠮ ᠤᠨ ᠬᠠᠮᠤᠭ ᠤᠨ ᠶᠡᠭᠡ ᠬᠢᠯᠠᠰ ᠴᠡᠭ ᠪᠣᠯᠤᠨ᠎ᠠ︾ ᠬᠡᠪᠡ᠃ | 2023 ᠣᠨ ᠳᠤ ᠰᠢᠭᠤᠶᠢᠲᠤ ᠳᠤᠭᠤᠷᠢᠭ ︽ᠵᠣᠣ ᠤᠯᠤᠰ ᠤᠨ ᠬᠤᠶᠢᠳᠤ ᠣᠷᠳᠣ ᠴᠠᠭᠠᠨ ᠬᠡᠷᠡᠮ︾ ᠤᠨ | ᠲᠣᠭᠤᠷᠢᠨ ᠳᠤ ᠨᠢᠭᠡᠨ ᠶᠡᠭᠡ ᠶᠠᠪᠤᠳᠠᠯ ᠬᠢᠪᠠ᠃ ᠲᠡᠳᠡᠨ ᠤ ᠴᠢᠷᠮᠠᠶᠢᠯᠭ᠎ᠠ ᠳᠤᠤᠷ᠎ᠠ ᠳᠤᠮᠳᠠᠳᠤ ᠤᠯᠤᠰ ᠤᠨ ᠲᠡᠦᠬᠡᠨ | ᠳᠡᠭᠡᠷᠡᠬᠢ ᠬᠠᠮᠤᠭ ᠤᠨ ᠡᠷᠲᠡᠨ ᠤ ᠣᠷᠳᠣ ᠴᠠᠭᠠᠨ ᠬᠡᠷᠡᠮ — ᠰᠢᠭᠤᠶᠢᠲᠤ ᠳᠤᠭᠤᠷᠢᠭ ᠤᠨ ᠵᠤᠤ ᠤᠯᠤᠰ ᠤᠨ | ᠬᠤᠶᠢᠳᠤ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠲᠥᠷᠥᠯ ᠵᠦᠢᠯ ᠢ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠰᠣᠶᠣᠯ ᠢ | ᠬᠠᠮᠠᠭᠠᠯᠠᠵᠦ ᠤᠯᠠᠮᠵᠢᠯᠠᠨ ᠠᠰᠢᠭᠯᠠᠬᠤ ᠢᠨᠵᠧᠨᠧᠷᠢᠩ ᠤᠨ ᠲᠥᠷᠥᠯ ᠵᠦᠢᠯ ᠤᠨ ᠬᠥᠮᠥᠷᠭᠡ ᠳᠤ ᠠᠮᠵᠢᠯᠲᠠ ᠲᠠᠢ | ᠣᠷᠣᠭᠤᠯᠪᠠ᠃ 2023 ᠣᠨ ᠤ 5 ᠰᠠᠷ᠎ᠠ ᠳᠤ ᠲᠥᠷᠥᠯ ᠵᠦᠢᠯ ᠨᠢ 2000 ᠲᠦᠮᠡᠨ ᠲᠥᠭᠦᠷᠢᠭ ᠤᠨ ᠲᠤᠰᠬᠠᠶ | ᠵᠦᠢᠯ ᠤᠨ ᠵᠠᠷᠤᠳᠠᠯ ᠭᠥᠷᠳᠡᠪᠡ᠃ | ᠠᠭᠤᠯᠠ ᠳᠠᠪᠠᠭ᠎ᠠ ᠳᠠᠪᠠᠨ ᠬᠦᠨᠳᠡᠯᠢᠰᠴᠤ ᠵᠡᠭᠦᠨ ᠪᠠᠷᠠᠭᠤᠨᠰᠢ ᠦᠵᠦᠬᠦᠷ ᠨᠢ ᠬᠠᠷᠠᠬᠳᠠᠬᠤ ᠥᠬᠡᠶ ᠦᠷᠬᠦᠯᠵᠢᠯᠡᠨᠠ | ᠰᠢᠭᠤᠶᠢᠲᠤ ᠳᠤᠭᠤᠷᠢᠭ ᠠᠴᠠ ᠪᠠᠷᠠᠭᠤᠨ ᠬᠤᠶᠢᠰᠢ 100 ᠭᠠᠷᠤᠢ ᠺᠢᠯᠣᠮᠧᠲᠷ ᠶᠠᠪᠤᠪᠠᠯ ᠳᠠᠷᠤᠢ ᠪᠠᠶᠠᠨᠨᠠᠭᠤᠷ | ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠪᠠᠭ᠎ᠠ ᠰᠢᠭᠡᠲᠡᠢ ᠳᠤ ᠬᠦᠷᠳᠡᠭ᠃ ᠪᠠᠭ᠎ᠠ ᠰᠢᠬᠡᠲᠠᠢ ᠳᠠᠬᠢ ᠴᠢᠨ | ᠤᠯᠤᠰ ᠤᠨ ᠤᠷᠳᠤ ᠴᠠᠭᠠᠨ ᠬᠡᠷᠡᠮ ᠨᠢ ᠮᠤᠨᠢ ᠠᠭᠤᠯᠠ ᠶᠢᠨ ᠭᠦᠨ ᠳᠤ ᠪᠠᠶᠢᠷᠢᠯᠠᠵᠤ᠂ ᠬᠥᠮᠦᠨ ᠠᠮᠢᠳᠠᠨ ᠴᠥᠭᠡᠨ | ᠪᠠᠶᠢᠳᠠᠭ᠃ ᠬᠡᠷᠪᠡ ᠲᠤᠬᠠᠢ ᠶᠢᠨ ᠭᠠᠵᠠᠷ ᠤᠨ ᠬᠤᠨᠢᠴᠢᠨ ᠬᠠᠨ ᠭᠦ᠋ᠨ ᠵᠦ ᠶᠢᠨ ᠵᠠᠮᠴᠢᠯᠠᠯ ᠦᠬᠡᠢ ᠪᠠᠶᠢᠬᠰᠠᠨ ᠪᠣᠯ | ᠰᠤᠷᠪᠤᠯᠵᠢᠯᠠᠭᠴᠢ ᠨᠠᠷ ᠤᠷᠳᠤ ᠴᠠᠭᠠᠨ ᠬᠡᠷᠡᠮ ᠤᠨ ᠦᠨᠡᠨ ᠲᠦᠷᠢ ᠶᠢ ᠣᠯᠵᠤ ᠬᠠᠷᠠᠬᠤᠶ᠎ᠠ ᠪᠡᠷᠬᠡ ᠶᠤᠮ᠃ | ᠡᠨᠡ ᠬᠡᠰᠡᠭ ᠣᠷᠳᠣ ᠴᠠᠭᠠᠨ ᠬᠡᠷᠡᠮ ᠢ ᠮᠤᠨᠢ ᠠᠭᠤᠯᠠ ᠶᠢᠨ ᠥᠷᠥᠴᠡᠨ ᠳᠠᠬᠢ ᠱᠢ ᠲᠠᠢ ᠱᠠᠨ ᠤ ᠡᠮᠡᠬᠡᠯ | ᠠᠭᠤᠯᠠ ᠶᠢᠨ ᠠᠷᠤ ᠪᠡᠯ ᠤᠨ ᠳᠤᠮᠳᠠ ᠪᠠᠶᠢᠭᠤᠯᠵᠤ᠂ ᠶᠠᠭ ᠯᠠ ᠨᠢᠭᠡ ᠠᠪᠤᠷᠭᠤ ᠯᠤᠤ ᠮᠡᠲᠦ ᠪᠠᠷ ᠠᠭᠤᠯᠠ ᠶᠢᠨ | ᠪᠠᠶᠢᠴᠠ ᠶᠢ ᠲᠠᠭᠠᠨ ᠪᠠᠶᠢᠷᠢᠰᠢᠵᠦ᠂ ᠣᠳᠣᠬᠠᠨ ᠤ ᠬᠠᠮᠤᠭ ᠤᠨ ᠪᠦᠷᠢᠨ ᠪᠦᠲᠦᠨ ᠬᠠᠳᠠᠭᠠᠯᠠᠭᠳᠠᠵᠤ ᠪᠠᠶᠢᠭ᠎ᠠ ᠨᠢᠭᠡ | ᠬᠡᠰᠡᠭ ᠴᠢᠨ ᠤᠯᠤᠰ ᠬᠠᠨ ᠤᠯᠤᠰ ᠤᠨ ᠣᠷᠳᠣ ᠴᠠᠭᠠᠨ ᠬᠡᠷᠡᠮ ᠪᠣᠯᠤᠨ᠎ᠠ᠃ | ᠴᠢᠨ ᠤᠯᠤᠰ ᠤᠨ ᠤᠷᠳᠤ ᠴᠠᠭᠠᠨ ᠬᠡᠷᠡᠮ ᠢ ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 214 ᠣᠨ ᠳᠤ | ᠡᠬᠢᠯᠡᠵᠥ ᠪᠠᠶᠢᠭᠤᠯᠪᠠ᠃ ᠤᠷᠠᠳ ᠤᠨ ᠡᠮᠦᠨᠡᠲᠦ ᠬᠤᠰᠢᠭᠤᠨ ᠤ ᠮᠦᠽᠧᠶ ᠶᠢᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠡᠷᠬᠢᠯᠡᠭᠴᠢ ᠵᠢᠶᠠᠨ ᠴᠢᠶᠠᠩ ᠤᠨ ᠲᠠᠨᠢᠯᠴᠠᠭᠤᠯᠤᠭᠰᠠᠨ ᠢᠶᠠᠷ᠂ | ᠤᠷᠠᠳ ᠤᠨ ᠡᠮᠦᠨᠡᠲᠦ ᠬᠤᠰᠢᠭᠤᠨ ᠤ ᠬᠠᠷᠢᠶᠠᠨ ᠳᠠᠬᠢ ᠴᠢᠨ ᠤᠯᠤᠰ ᠤᠨ ᠣᠷᠳᠣ ᠴᠠᠭᠠᠨ ᠬᠡᠷᠡᠮ ᠢ ᠴᠥᠮ | ᠴᠢᠯᠠᠭᠤ ᠪᠠᠷ ᠪᠠᠷᠢᠵᠤ᠂ ᠥᠨᠳᠥᠷ ᠨᠢ 5 ᠠᠴᠠ 6 ᠮᠧᠲᠷ ︵ᠬᠠᠮᠤᠭ ᠥᠨᠳᠥᠷ ᠨᠢ 10 ᠮᠧᠲᠷ︶᠂ ᠰᠠᠭᠤᠷᠢ ᠶᠢᠨ | ᠥᠷᠭᠡᠨ ᠨᠢ 4 ᠠᠴᠠ 5 ᠮᠧᠲᠷ᠂ ᠣᠷᠣᠶ ᠶᠢᠨ ᠥᠷᠭᠡᠨ ᠨᠢ 2.5 ᠠᠴᠠ 3 ᠮᠧᠲᠷ ᠪᠠᠶᠢᠵᠦ᠂ ᠣᠷᠳᠣ ᠴᠠᠭᠠᠨ | ᠬᠡᠷᠡᠮ ᠢ ᠴᠢᠯᠠᠭᠤ ᠵᠡᠷᠭᠡᠯᠡᠵᠦ ᠰᠣᠯᠪᠢᠴᠠᠭᠤᠯᠤᠨ ᠪᠠᠷᠢᠬᠰᠠᠨ ᠪᠠᠶᠢᠨ᠎ᠠ᠃ ᠠᠳᠡᠬᠢ ᠤᠷᠳᠤ ᠴᠠᠭᠠᠨ ᠬᠡᠷᠡᠮ ᠨᠢ ᠵᠡᠭᠦᠨᠰᠢ | ᠪᠠᠷᠠᠭᠤᠨᠰᠢ ᠴᠢᠭᠯᠡᠯ ᠲᠠᠢ᠂ 300 — 500 ᠮᠧᠲᠷ ᠠᠯᠤᠰᠯᠠᠬᠤ ᠪᠦᠷᠢ ᠤᠷᠳᠤ ᠴᠠᠭᠠᠨ ᠬᠡᠷᠡᠮ ᠤᠨ ᠳᠣᠲᠣᠷ᠎ᠠ | ᠨᠢᠭᠡ ᠴᠣᠨᠵᠢ ᠪᠤᠰᠬᠠᠵᠥ᠂ ᠪᠥᠬᠦ ᠣᠷᠳᠣ ᠨᠢ ᠪᠠᠷᠤᠭ 79 ᠺᠢᠯᠣᠮᠧᠲᠷ ᠪᠠᠶᠢᠨ᠎ᠠ᠃ | ᠲᠡᠦᠬᠡ ᠰᠤᠳᠤᠷ ᠲᠤ ᠲᠡᠮᠳᠡᠭᠯᠡᠭᠰᠡᠨ ᠢᠶᠠᠷ᠂ ᠡᠨᠡ ᠬᠡᠰᠡᠭ ᠤᠷᠳᠤ ᠴᠠᠭᠠᠨ ᠬᠡᠷᠡᠮ ᠢ ᠪᠠᠷᠠᠭᠤᠨ ᠬᠠᠨ ᠤᠯᠤᠰ | ᠬᠦᠷᠲᠡᠯ᠎ᠡ ᠬᠡᠷᠡᠭᠯᠡᠵᠦ᠂ ᠬᠠᠨ ᠡᠦ ᠳ᠋ᠢ ᠬᠠᠭᠠᠨ ᠤ ᠦᠶ᠎ᠡ ᠳᠤ ᠤᠷᠳᠤ ᠴᠠᠭᠠᠨ ᠬᠡᠷᠡᠮ ᠢ ᠪᠠᠬᠢᠯᠡᠵᠦ ᠪᠠᠶᠢᠵᠠᠶ᠃ | ᠳᠤᠮᠳᠠᠳᠤ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠤᠳᠤᠯᠭᠠᠨ ᠤ ᠭᠠᠵᠠᠷ ᠤᠨ ᠤᠤᠯ ᠤᠨ ᠳᠠᠷᠤᠭ᠎ᠠ᠂ | ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶᠠᠨ ᠤ ᠡᠷᠲᠡᠨ ᠤ ᠪᠠᠷᠢᠯᠭ᠎ᠠ ᠶᠢᠨ ᠲᠤᠰᠬᠠᠢ | ᠮᠡᠷᠭᠡᠵᠢᠯᠲᠡᠨ ᠤ ᠳᠤᠭᠤᠶᠢᠯᠠᠩ ᠤᠨ ᠳᠠᠷᠤᠭ᠎ᠠ ᠯᠦᠸᠧ ᠵᠧ ᠸᠤᠨ ᠤᠷᠠᠳ ᠤᠨ ᠡᠮᠦᠨᠡᠲᠦ ᠬᠤᠰᠢᠭᠤᠨ ᠤ | ᠰᠢᠬᠡᠳᠡᠢ ᠶᠢᠨ ᠬᠡᠰᠡᠭ ᠲᠠᠬᠢ ᠴᠢᠨ ᠬᠠᠨ ᠤᠯᠤᠰ ᠤᠨ ᠤᠷᠳᠤ ᠴᠠᠭᠠᠨ ᠬᠡᠷᠡᠮ ᠢ ᠦᠨᠡᠯᠡᠬᠦ ᠳᠡᠭᠡᠨ᠄ ︽ᠲᠤᠰ ᠤᠷᠳᠤ | ᠴᠠᠭᠠᠨ ᠬᠡᠷᠡᠮ ᠢ ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 214 ᠣᠨ ᠳᠤ ᠴᠢᠨ ᠱᠢ ᠬᠤᠸᠠᠩ ᠶᠡᠭᠡ ᠵᠠᠩᠵᠤᠨ | ᠮᠤᠩ ᠲᠢᠶᠠᠨ ᠢ ᠲᠣᠮᠢᠯᠠᠨ ᠪᠠᠶᠢᠭᠤᠯᠤᠭᠰᠠᠨ ᠪᠥᠭᠡᠳ ᠮᠠᠨ ᠤ ᠤᠯᠤᠰ ᠤᠨ ᠤᠳᠤ ᠪᠣᠯᠲᠠᠯ᠎ᠠ ᠬᠠᠳᠠᠭᠠᠯᠠᠭᠳᠠᠵᠤ | ᠪᠠᠶᠢᠭ᠎ᠠ ᠴᠢᠨ ᠤᠯᠤᠰ ᠤᠨ ᠤᠷᠳᠤ ᠴᠠᠭᠠᠨ ᠬᠡᠷᠡᠮ ᠤᠨ ᠳᠣᠲᠣᠷᠠᠬᠢ ᠬᠠᠮᠤᠭ ᠤᠨ ᠪᠦᠷᠢᠨ ᠪᠦᠲᠦᠨ ᠨᠢᠭᠡ ᠬᠡᠰᠡᠭ | ᠪᠣᠯᠤᠨ᠎ᠠ︾ ᠬᠡᠪᠡ᠃ | | | | |