ᠤᠷᠳᠤ ᠴᠠᠭᠠᠨ ᠬᠡᠷᠡᠮ ᠤᠨ ᠳᠣᠲᠣᠨ᠎ᠠ ᠭᠠᠳᠠᠨᠠᠬᠢ ᠨᠤᠳᠤᠭ ᠤᠨ ᠠᠶᠠᠯᠭᠤᠨ
ᠨᠡᠶᠢᠲᠡᠯᠡᠭᠰᠡᠨ ᠴᠠᠭ᠄
2024/5/21
   — ᠤᠷᠲᠤ ᠴᠠᠭᠠᠨ ᠬᠡᠷᠡᠮ ᠤᠨ ᠰᠣᠶᠣᠯ ᠤᠨ ᠲᠤᠬᠠᠢ ᠰᠢᠷᠢᠰ ᠮᠡᠳᠡᠭᠡᠯᠡᠯ ︵ᠲᠠᠪᠤ︶    ᠣᠷᠳᠣ ᠴᠠᠭᠠᠨ ᠬᠡᠷᠡᠮ ᠪᠣᠯ ᠬᠥᠮᠦᠨ ᠲᠥᠷᠥᠯᠬᠢᠲᠡᠨ ᠤ ᠲᠡᠦᠬᠡᠨ ᠠᠴᠠ ᠨᠠᠭᠠᠰᠢᠬᠢ ᠬᠠᠮᠤᠭ ᠤᠨ ᠣᠷᠳᠣ ᠤᠳᠠᠭᠠᠨ ᠲᠡᠦᠬᠡ ᠲᠠᠢ᠂ ᠬᠡᠪᠴᠢᠶ᠎ᠡ ᠪᠠᠷ ᠬᠠᠮᠤᠭ ᠤᠨ ᠮᠤᠨᠳᠠᠭ ᠶᠡᠭᠡ ᠪᠠᠷᠢᠯᠭ᠎ᠠ ᠶᠢᠨ ᠰᠢᠰᠲ᠋ᠧᠮ ᠮᠥᠨ᠂ ᠪᠠᠰᠠ ᠴᠤ ᠳᠤᠮᠳᠠᠳᠤ ᠤᠯᠤᠰ ᠤᠨ ᠣᠲᠣ ᠬᠠᠳᠠᠭᠠᠯᠠᠭᠳᠠᠵᠤ ᠪᠠᠶᠢᠭ᠎ᠠ ᠬᠡᠮᠵᠢᠶ᠎ᠡ ᠪᠠᠷ ᠬᠠᠮᠤᠭ ᠤᠨ ᠶᠡᠭᠡ᠂ ᠲᠠᠷᠬᠠᠯᠲᠠ ᠪᠠᠷ ᠬᠠᠮᠤᠭ ᠤᠨ ᠥᠷᠭᠡᠨ ᠳᠡᠯᠡᠬᠡᠶ ᠶᠢᠨ ᠰᠣᠶᠣᠯ ᠤᠨ ᠥᠪ ᠮᠥᠨ᠃ ᠣᠷᠳᠣ ᠴᠠᠭᠠᠨ ᠬᠡᠷᠡᠮ ᠨᠢ ᠬᠤᠶᠠᠷ ᠮᠢᠩᠭᠠᠨ ᠵᠢᠯ ᠤᠨ ᠳᠡᠥᠬᠡ᠂ ᠬᠥᠨᠳᠡᠯᠡᠨ ᠭᠤᠯᠳᠤ ᠬᠡᠳᠦᠨ ᠲᠦᠮᠡᠨ ᠭᠠᠵᠠᠷ ᠤᠨ ᠠᠯᠭᠠᠰᠠᠯ ᠢᠶᠠᠷ ᠢᠶᠠᠨ ᠥᠷᠭᠡᠨ ᠳᠡᠯᠭᠡᠷ ᠭᠦᠨ ᠭᠦᠨᠵᠡᠭᠡᠶ ᠰᠣᠶᠣᠯ ᠤᠨ ᠠᠭᠤᠯᠤᠭᠳᠠᠬᠤᠨ ᠪᠠ ᠴᠠᠭ ᠣᠷᠣᠨ ᠢ ᠠᠯᠤᠰᠯᠠᠭᠰᠠᠨ ᠣᠶᠤᠨ ᠰᠠᠨᠠᠭᠠᠨ ᠤ ᠥᠷᠲᠡᠭ ᠢ ᠪᠣᠶ ᠪᠣᠯᠭᠠᠪᠠ᠃    ᠥᠪᠥᠷ ᠮᠣᠩᠭᠤᠯ ᠳᠤ ᠣᠲᠣ ᠬᠠᠳᠠᠭᠠᠯᠠᠭᠳᠠᠵᠤ ᠪᠠᠶᠢᠭ᠎ᠠ ᠣᠷᠳᠣ ᠴᠠᠭᠠᠨ ᠬᠡᠷᠡᠮ ᠤᠨ ᠪᠥᠬᠦ ᠤᠷᠲᠤ ᠨᠢ 7500 ᠭᠠᠷᠤᠶ ᠺᠢᠯᠣᠮᠧᠲᠷ ᠪᠠᠶᠢᠵᠤ᠂ 12 ᠠᠶᠢᠮᠠᠭ ᠬᠤᠲᠠ ᠳᠤ ᠲᠠᠷᠬᠠᠵᠤ᠂ ᠮᠠᠨ ᠤ ᠤᠯᠤᠰ ᠤᠨ ᠣᠷᠳᠣ ᠴᠠᠭᠠᠨ ᠬᠡᠷᠡᠮ ᠤᠨ ᠡᠬᠢ ᠪᠠᠶᠠᠯᠢᠭ ᠢᠶᠠᠷ ᠲᠦᠢᠯ ᠤᠨ ᠡᠯᠪᠡᠭ ᠮᠤᠵᠢ ᠣᠷᠣᠨ ᠪᠣᠯᠤᠨ᠎ᠠ᠃ ᠡᠷᠲᠡᠨ ᠠᠴᠠ ᠡᠳᠦᠭᠡ ᠪᠣᠯᠲᠠᠯ᠎ᠠ᠂ ᠤᠷᠳᠤ ᠴᠠᠭᠠᠨ ᠬᠡᠷᠡᠮ ᠳᠠᠭᠠᠤ ᠶᠢᠨ ᠠᠷᠠᠯᠵᠢᠶ᠎ᠠ ᠬᠤᠳᠠᠯᠳᠤᠭᠠᠨ ᠤ ᠶᠠᠪᠤᠯᠴᠠᠭ᠎ᠠ᠂ ᠰᠣᠯᠢᠯᠴᠠᠭ᠎ᠠ ᠨᠡᠪᠲᠡᠷᠡᠯᠴᠡᠭᠡ ᠨᠢ ᠤᠮᠠᠷᠠᠲᠤ ᠬᠢᠯᠢ ᠶᠢᠨ ᠡᠬᠡ ᠭᠠᠵᠠᠷ ᠤᠨ ᠶᠡᠭᠡ ᠨᠡᠭᠦᠳᠡᠯ᠂ ᠶᠡᠭᠡ ᠠᠭᠤᠰᠤᠯᠴᠠᠯ ᠤᠨ ᠬᠠᠭᠤᠳᠠᠰᠤ ᠶᠢ ᠪᠢᠴᠢᠭᠯᠡᠪᠡ᠃   ᠪᠤᠭᠤᠮᠳᠠ ᠶᠢᠨ ᠬᠤᠳᠠ ᠡᠷᠲᠡᠨ ᠤ ᠬᠢ ᠪᠠᠷ ᠡᠳᠦᠭᠡ ᠶᠢ ᠬᠢᠯᠠᠯᠵᠠᠭᠤᠯᠤᠨ᠎ᠠ   ᠬᠥᠬᠡᠬᠤᠲᠠ ᠶᠢᠨ ᠴᠢᠩ ᠱᠦᠢ ᠾᠧ ᠰᠢᠶᠠᠨ ᠤ ᠪᠸᠢ ᠪᠦᠦ ᠰᠢᠶᠠᠩ ᠢ ᠴᠢᠭᠯᠡᠨ ᠲᠠᠪᠬᠢᠭᠤᠯᠪᠠᠯ᠂ ᠠᠭᠤᠯᠠᠨ ᠤᠷᠬᠢᠯ ᠳᠡᠭᠡᠷᠡᠬᠢ ᠬᠤᠳᠠ ᠶᠢᠨ ᠬᠡᠷᠡᠮ᠂ ᠰᠡᠬᠦ᠋ᠨ ᠰᠦᠨᠳᠡᠷᠯᠡᠭᠰᠡᠨ ᠴᠣᠨᠵᠢ ᠶᠢ ᠬᠤᠯᠠ ᠠᠴᠠ ᠢᠯᠡᠭᠡᠨ ᠤᠯᠵᠤ ᠬᠠᠷᠠᠨ᠎ᠠ᠃ ᠦᠢᠷᠠᠳᠤᠨ ᠬᠦᠷᠬᠦᠶ᠎ᠠ᠂ ᠡᠭᠴᠡ ᠪᠣᠰᠤᠭ᠎ᠠ ᠬᠤᠲᠠ ᠶᠢᠨ ᠬᠡᠷᠡᠮ ᠳᠡᠭᠡᠷ᠎ᠡ ᠰᠢᠷ᠎ᠠ ᠨᠣᠭᠤᠭᠠᠨ ᠬᠥᠪᠳᠥ ᠪᠦᠷᠬᠦᠵᠦ᠂ ᠳᠤᠭᠤᠰᠬ᠎ᠠ ᠪᠤᠯᠭᠠᠨ ᠳᠤᠨᠢ ᠲᠡᠦᠬᠡ ᠶᠢᠨ ᠤᠯᠠ ᠮᠥᠷ ᠰᠡᠶᠢᠯᠦᠭᠳᠡᠭᠰᠡᠨ ᠪᠠᠶᠢᠯ᠎ᠠ᠃ ᠡᠨᠡ ᠬᠦ ᠪᠦᠷᠢᠨ ᠪᠦᠲᠦᠨ ᠬᠠᠳᠠᠭᠠᠯᠠᠭᠳᠠᠭᠰᠠᠨ ᠮᠢᠩ ᠤᠯᠤᠰ ᠤᠨ ᠤᠷᠳᠤ ᠴᠠᠭᠠᠨ ᠬᠡᠷᠡᠮ ᠳᠡᠭᠡᠷ᠎ᠡ ᠵᠣᠭᠰᠣᠨ ᠠᠯᠤᠰ ᠢ ᠪᠠᠷᠠᠯᠠᠪᠠᠯ᠂ ᠥᠪᠥᠷ ᠮᠣᠩᠭᠤᠯ᠂ ᠱᠠᠨ ᠰᠢ ᠬᠤᠶᠠᠷ ᠭᠠᠵᠠᠷ ᠤᠨ ᠥᠩᠭᠡ ᠦᠵᠡᠮᠵᠢ ᠨᠢᠳᠦᠨ ᠳᠤ ᠳᠤᠳᠤᠬᠠᠨ ᠬᠠᠷᠠᠭᠳᠠᠨ᠎ᠠ᠃   ᠨᠢᠳᠦᠨ ᠡᠮᠦᠨᠡᠬᠢ ᠡᠨᠡ ᠬᠡᠰᠡᠭ ᠣᠷᠳᠣ ᠴᠠᠭᠠᠨ ᠬᠡᠷᠡᠮ ᠨᠢ ᠵᠥᠪᠬᠡᠨ ᠨᠢᠭᠡ ᠯᠡ ᠬᠤᠲᠠ ᠶᠢᠨ ᠬᠡᠷᠡᠮ ᠲᠡᠳᠦᠢ ᠪᠢᠰᠢ᠂ ᠪᠠᠰᠠ ᠬᠠᠷᠠᠭᠠᠯᠵᠠᠭᠰᠠᠨ ᠰᠢᠷᠤᠢ ᠶᠢᠨ ᠳᠤᠪᠵᠢᠶ᠎ᠠ᠂ ᠴᠠᠶᠢᠵᠠ ᠵᠡᠷᠭᠡ ᠪᠠᠶᠢᠵᠤ᠂ ᠭᠤᠷᠪᠠᠭᠤᠯᠠ ᠪᠠᠨ ᠬᠠᠷᠢᠯᠴᠠᠨ ᠦᠢᠯᠡᠳᠦᠯᠴᠡᠵᠥ᠂ ᠬᠥᠨᠳᠡᠯᠡᠨ ᠭᠤᠯᠳᠤ ᠬᠡᠳᠦᠨ ᠠᠷᠪᠠ ᠠᠴᠠ ᠬᠡᠳᠦᠨ ᠵᠠᠭᠤᠨ ᠭᠠᠵᠠᠷ ᠤᠨ ᠣᠷᠳᠣ ᠤᠨᠠᠭᠤᠯᠢ ᠶᠢ ᠪᠣᠶ ᠪᠣᠯᠭᠠᠵᠠᠶ᠃   ᠥᠪᠥᠷ ᠮᠣᠩᠭᠤᠯ ᠳᠤ ᠪᠠᠶᠢᠭ᠎ᠠ ᠤᠷᠳᠤ ᠴᠠᠭᠠᠨ ᠬᠡᠷᠡᠮ ᠳᠤ᠂ ᠪᠦᠷᠢᠨ ᠪᠦᠲᠦᠨ ᠬᠠᠳᠠᠭᠠᠯᠠᠭᠳᠠᠵᠤ᠂ ᠲᠦᠮᠡᠨ ᠭᠠᠵᠠᠷ ᠮᠤᠷᠤᠯᠵᠠᠨ ᠰᠤᠨᠤᠯᠵᠠᠭᠰᠠᠨ ᠮᠢᠩ ᠤᠯᠤᠰ ᠤᠨ ᠴᠠᠭᠠᠨ ᠬᠡᠷᠡᠮ ᠠᠴᠠ ᠭᠠᠳᠠᠨ᠎ᠠ᠂ ᠨᠡᠩ ᠥᠨᠢ ᠤᠳᠠᠭᠠᠨ ᠲᠡᠦᠬᠡ ᠲᠠᠢ ᠴᠢᠨ ᠬᠠᠨ ᠤᠯᠤᠰ ᠤᠨ ᠤᠷᠳᠤ ᠴᠠᠭᠠᠨ ᠬᠡᠷᠡᠮ ᠨᠢ ᠴᠦ ᠬᠥᠮᠦᠰ ᠤᠨ ᠪᠠᠭ᠋ᠠᠷᠬᠠᠯ ᠢ ᠲᠠᠲᠠᠨ᠎ᠠ᠃   ︽ᠴᠡᠯᠡᠭᠡᠷ ᠲᠠᠯ᠎ᠠ᠂ ᠮᠤᠨᠢ ᠠᠭᠤᠯᠠ ᠁︾᠃ ᠡᠨᠡ ᠬᠦ ᠴᠢᠬᠢᠨ ᠳᠤ ᠬᠠᠳᠠᠩᠰᠢᠭᠰᠠᠨ ︽ᠴᠡᠯᠡᠭᠡᠷ ᠲᠠᠯ᠎ᠠ ᠶᠢᠨ ᠳᠠᠭᠤᠯᠠᠯ︾ ᠳᠤ ᠳᠤᠷᠠᠳᠤᠭᠳᠠᠭᠰᠠᠨ ︽ᠮᠤᠨᠢ ᠠᠭᠤᠯᠠ︾ ᠭᠡᠳᠡᠭ ᠨᠢ ᠶᠠᠭ ᠥᠨᠥᠳᠦᠷ ᠤᠨ ᠮᠤᠨᠢ ᠠᠭᠤᠯᠠ ᠨᠢᠷᠤᠭᠤ ᠶᠢ ᠵᠢᠭᠠᠵᠤ ᠪᠠᠶᠢᠳᠠᠭ᠃ ᠮᠤᠨᠢ ᠠᠭᠤᠯᠠ ᠣᠷᠴᠢᠮ ᠤᠨ ᠤᠷᠲᠤ ᠴᠠᠭᠠᠨ ᠬᠡᠷᠡᠮ ᠤᠨ ᠪᠣᠭᠤᠮᠲᠠ ᠳᠤ ᠬᠠᠮᠤᠭ ᠤᠨ ᠭᠦᠨ ᠵᠤᠵᠠᠭᠠᠨ ᠰᠣᠶᠣᠯ ᠤᠨ ᠠᠭᠤᠯᠬᠤᠨ ᠲᠠᠢ ᠨᠢ ᠬᠥᠬᠡᠬᠤᠲᠠ ᠶᠢᠨ ᠰᠢᠨ᠎ᠡ ᠬᠤᠲᠠ ᠳᠤᠭᠤᠷᠢᠭ ᠲᠤ ᠪᠠᠶᠢᠷᠢᠯᠠᠳᠠᠭ ᠴᠢᠨ ᠬᠠᠨ ᠤᠯᠤᠰ ᠤᠨ ᠤᠷᠳᠤ ᠴᠠᠭᠠᠨ ᠬᠡᠷᠡᠮ ᠪᠤᠯᠤᠨ᠎ᠠ᠃ᠠᠳᠠᠯᠢᠬᠠᠨ ᠢᠶᠠᠷ ᠴᠢᠨ ᠬᠠᠨ ᠤᠯᠤᠰ ᠤᠨ ᠤᠷᠲᠤ ᠴᠠᠭᠠᠨ ᠬᠡᠷᠡᠮ ᠳᠤ ᠬᠠᠷᠢᠶᠠᠯᠠᠬᠳᠠᠳᠠᠭ ᠨᠢ ᠪᠠᠰᠠ ᠪᠤᠭᠤᠳᠤ ᠶᠢᠨ ᠬᠡᠪᠴᠢᠶᠡᠨ ᠳᠤ ᠪᠠᠶᠢᠭ᠎ᠠ ᠭᠦᠶᠡᠩ ᠤᠨ ᠴᠢᠨ ᠤᠯᠤᠰ ᠤᠨ ᠤᠷᠲᠤ ᠴᠠᠭᠠᠨ ᠬᠡᠷᠡᠮ ᠪᠤᠯᠤᠨ᠎ᠠ᠃ ᠭᠦᠶᠡᠩ ᠰᠢᠶᠠᠨ ᠤ ᠴᠢᠨ ᠤᠯᠤᠰ ᠤᠨ ᠦᠶ᠎ᠡ ᠶᠢᠨ ᠤᠷᠲᠤ ᠴᠠᠭᠠᠨ ᠬᠡᠷᠡᠮ ᠢ ᠨᠡᠶᠢᠳᠡ ᠶᠢᠨ ᠤᠨ ᠲᠤᠭᠠᠯᠠᠯ ᠠᠴᠠ ᠡᠮᠦᠨ᠎ᠡ 214 ᠤᠨ ᠠᠴᠠ ᠡᠬᠢᠯᠡᠨ ᠴᠢᠨ ᠤᠯᠤᠰ ᠤᠨ ᠶᠡᠭᠡ ᠵᠠᠩᠵᠤᠨ ᠮᠧᠩ ᠲᠢᠶᠠᠨ 30 ᠲᠦᠮᠡᠨ ᠴᠡᠷᠢᠭ ᠳᠠᠶᠢᠴᠢᠯᠠᠨ ᠪᠠᠶᠢᠭᠤᠯᠵᠤ᠂ ᠬᠠᠨ ᠡᠤ ᠳ᠋ᠢ ᠬᠠᠭᠠᠨ ᠰᠠᠭᠤᠷᠢᠨ ᠳᠤ ᠪᠠᠶᠢᠭᠰᠠᠨ ᠬᠤᠭᠤᠴᠠᠭᠠᠨ ᠳᠠᠭᠠᠨ ᠸᠧᠢ ᠴᠢᠩ ᠢ ᠲᠤᠮᠢᠯᠠᠨ ᠰᠠᠯᠪᠢᠨ ᠵᠠᠰᠠᠵᠤ ᠥᠩᠭᠡᠷᠡᠵᠡᠢ᠃ ᠭᠦᠶᠡᠩ ᠤᠨ ᠴᠢᠨ ᠤᠯᠤᠰ ᠤᠨ ᠦᠶ᠎ᠡ ᠶᠢᠨ ᠤᠷᠲᠤ ᠴᠠᠭᠠᠨ ᠬᠡᠷᠡᠮ ᠪᠣᠯ ᠳᠤᠮᠳᠠᠳᠤ ᠤᠯᠤᠰ ᠤᠨ ᠦᠡᠭᠭᠡᠷᠡᠭᠰᠡᠨ ᠤ ᠤᠷᠲᠤ ᠴᠠᠭᠠᠨ ᠬᠡᠷᠡᠮ ᠤᠨ ᠲᠤᠳᠤᠷ᠎ᠠ ᠵᠠᠰᠠᠵᠤ ᠪᠠᠶᠢᠭᠤᠯᠤᠭᠰᠠᠨ ᠵᠢᠯ ᠨᠢ ᠡᠷᠲᠡ᠂ ᠦᠷᠬᠦᠯᠵᠢᠯᠡᠨ ᠠᠰᠢᠬᠯᠠᠬᠰᠡᠨ ᠬᠤᠭᠤᠴᠠᠭ᠎ᠠ ᠨᠢ ‍ᠤᠷᠳᠤ᠂ ᠤᠳᠤᠬᠢ ᠪᠠᠶᠢᠳᠠᠯ ᠢᠶᠠᠨ ᠬᠠᠮᠤᠭ ᠤᠨ ᠪᠦᠷᠢᠨ ᠪᠦᠲᠦᠨ ᠬᠠᠳᠠᠭᠠᠯᠠᠭᠰᠠᠨ ᠨᠢᠭᠡ ᠬᠡᠰᠡᠭ ᠴᠢᠯᠠᠭᠤᠨ ᠤᠷᠳᠤ ᠴᠠᠭᠠᠨ ᠭᠡᠷᠡᠮ ᠤᠨ ᠪᠠᠭᠤᠷᠢ ᠪᠤᠯᠤᠨ᠎ᠠ᠂ ᠪᠦᠬᠦ ᠣᠷᠳᠣ ᠨᠢ 96 ᠺᠢᠯᠣᠮᠧᠳ᠋ᠷ ᠰᠢᠬᠠᠮ ᠪᠠᠶᠢᠵᠤ᠂ ᠵᠠᠮ ᠳᠠᠭᠠᠤ 169 ᠰᠠᠭᠤᠷᠢ ᠳᠣᠬᠢᠶᠠᠨ ᠤ ᠴᠤᠨᠵᠢ᠂ 5 ᠰᠠᠭᠤᠷᠢ ᠬᠤᠲᠠ ᠶᠢᠨ ᠬᠠᠯᠬᠠᠪᠴᠢ ᠲᠠᠢ᠂ ᠲᠡᠷᠡ ᠨᠢ ᠡᠯᠪᠡᠭ ᠪᠠᠶᠠᠯᠢᠭ ᠲᠡᠦᠬᠡ ᠶᠢᠨ ᠠᠭᠤᠯᠤᠬᠳᠠᠬᠤᠨ ᠪᠠ ᠠᠤᠭ᠎ᠠ ᠶᠡᠭᠡ ᠤᠮᠤᠭ ᠰᠦᠷ ᠢᠶᠠᠷ ᠢᠶᠠᠨ ᠳᠡᠯᠡᠬᠡᠶ ᠳ᠋ᠠᠬᠢᠨ ᠳᠤ ᠠᠯᠳᠠᠷᠰᠢᠵᠤ᠂ 1996 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠳᠥᠷᠪᠡᠳᠦᠭᠡᠷ ᠪᠦᠯᠦᠭ ᠤᠨ ᠪᠥᠬᠦ ᠤᠯᠤᠰ ᠤᠨ ᠭᠤᠣᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠠᠷ ᠨᠡᠶᠢᠲᠡᠯᠡᠭᠰᠡᠨ ᠪᠠᠶᠢᠨ᠎ᠠ᠃   13804 ᠬᠡᠰᠡᠭ ᠡᠯ᠎ᠡ ᠴᠠᠭ ᠦᠶ᠎ᠡ ᠶᠢᠨ ᠤᠷᠲᠤ ᠴᠠᠭᠠᠨ ᠬᠡᠷᠡᠮ ᠤᠨ ᠦᠯᠡᠳᠡᠭᠳᠡᠯ ᠨᠢ ᠪᠦᠬᠦ ᠤᠯᠤᠰ ᠤᠨ ᠤᠷᠲᠤ ᠴᠠᠭᠠᠨ ᠬᠡᠷᠡᠮ ᠤᠨ ᠡᠬᠢ ᠪᠠᠶᠠᠯᠢᠭ ᠤᠨ ᠭᠤᠷᠪᠠᠨ ᠤ ᠨᠢᠭᠡ ᠬᠤᠪᠢ ᠶᠢᠨ ᠶᠡᠷᠦᠩᠬᠡᠢ ᠤᠷᠲᠤ ᠶᠢᠨ ᠬᠡᠮᠵᠢᠶ᠎ᠡ ᠶᠢ ᠡᠵᠡᠯᠡᠵᠦ᠂ ᠪᠠᠶᠢᠯᠳᠤᠭᠠᠨᠳᠤ ᠤᠯᠤᠰ᠂ ᠴᠢᠨ᠂ ᠬᠠᠨ᠂ ᠤᠮᠠᠷᠠᠲᠤ ᠸᠧᠢ᠂ ᠰᠦᠩ᠂ ᠪᠠᠷᠠᠭᠤᠨ ᠰᠢᠶᠠ᠂ ᠠᠯᠳᠠᠨ ᠤᠯᠤᠰ᠂ ᠮᠢᠩ ᠤᠯᠤᠰ ᠵᠡᠷᠭᠡ 8 ᠲᠡᠦᠬᠡᠨ ᠴᠠᠭ ᠬᠤᠭᠤᠴᠠᠭ᠎ᠠ ᠶᠢᠨ ᠲᠠᠷᠬᠠᠯᠲᠠ᠂ 12 ᠠᠶᠢᠮᠠᠭ ᠬᠤᠲᠠ ᠶᠢᠨ 76 ᠬᠤᠰᠢᠭᠤ ᠰᠢᠶᠠᠨ ᠤ ᠭᠠᠵᠠᠷ ᠵᠦᠢ ᠶᠢᠨ ᠲᠠᠷᠬᠠᠯᠲᠠ ᠶᠢ ᠰᠤᠨᠳᠠᠯᠠᠵᠤ᠂ ᠥᠪᠥᠷ ᠮᠣᠩᠭᠤᠯ ᠤᠨ ᠬᠢᠯᠢ ᠳᠣᠲᠣᠷᠠᠬᠢ ᠤᠷᠳᠤ ᠴᠠᠭᠠᠨ ᠬᠡᠷᠡᠮ ᠨᠢ ᠮᠠᠨ ᠤ ᠤᠯᠤᠰ ᠤᠨ ᠤᠷᠳᠤ ᠴᠠᠭᠠᠨ ᠬᠡᠷᠡᠮ ᠤᠨ ᠡᠬᠢ ᠪᠠᠶᠠᠯᠢᠭ ᠲᠠᠬᠢ ᠴᠢᠬᠤᠯᠠ ᠪᠠᠶᠢᠷᠢ ᠰᠠᠭᠤᠷᠢ ᠲᠠᠢ ᠭᠡᠳᠡᠭ ᠨᠢ ᠰᠡᠵᠢᠭᠯᠡᠰᠢ ᠦᠭᠡᠢ ᠶᠤᠮ᠃ ᠣᠶᠢᠷ᠎ᠠ ᠶᠢᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠬᠢᠨ ᠤᠷᠲᠤ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠤᠷᠲᠤ ᠴᠠᠭᠠᠨ ᠬᠡᠷᠡᠮ ᠤᠨ ᠬᠠᠮᠠᠭᠠᠯᠠᠯᠲᠠ ᠶᠢᠨ ᠶᠡᠷᠦᠩᠬᠡᠶ ᠪᠠᠶᠢᠳᠠᠯ ᠢᠯᠡᠳᠲᠡ ᠰᠠᠶᠢᠵᠢᠷᠠᠪᠠ᠃   ᠤᠷᠳᠤ ᠴᠠᠭᠠᠨ ᠬᠡᠷᠡᠮ ᠢᠶᠠᠨ ᠬᠠᠮᠠᠭᠠᠯᠠᠵᠤ ᠢᠵᠠᠭᠤᠷ ‍ᠦᠨᠳᠦᠰᠦ ᠪᠠᠨ ᠵᠠᠯᠭᠠᠮᠵᠢᠯᠠᠨ᠎ᠠ   2019 ᠣᠨ ᠳᠤ᠂ ᠥᠪᠥᠷ ᠮᠣᠩᠭᠤᠯ ᠤᠷᠲᠤ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠡᠬᠢᠯᠡᠭᠦᠯᠵᠦ᠂ ᠪᠤᠭᠤᠲᠤ ᠬᠤᠲᠠ ᠶᠢᠨ ᠭᠦᠶᠡᠩ ᠤᠨ ᠴᠢᠨ ᠤᠯᠤᠰ ᠤᠨ ᠤᠷᠲᠤ ᠴᠠᠭᠠᠨ ᠬᠡᠷᠡᠮ ᠰᠣᠩᠭᠤᠭᠳᠠᠭᠰᠠᠨ ᠪᠠᠶᠢᠨ᠎ᠠ᠃ 2021 ᠣᠨ ᠤ 3 ᠰᠠᠷ᠎ᠠ ᠳᠤ᠂ ᠰᠢᠨ᠎ᠡ ᠬᠤᠳᠠ ᠲᠣᠭᠤᠷᠢᠭ ᠤᠨ ᠴᠢᠨ ᠤᠯᠤᠰ ᠤᠨ ᠤᠷᠳᠤ ᠴᠠᠭᠠᠨ ᠭᠡᠷᠡᠮ ᠤᠨ ᠫᠦᠸᠧ ᠭᠧᠨ ᠳ᠋ᠢ ᠶᠢᠨ ᠬᠡᠰᠡᠭ᠂ ᠴᠢᠩ ᠱᠦᠢ ᠡᡁᠧ ᠰᠢᠶᠠᠨ ᠤ ᠮᠢᠩ ᠤᠯᠤᠰ ᠤᠨ ᠤᠷᠳᠤ ᠴᠠᠭᠠᠨ ᠬᠡᠷᠡᠮ ᠤᠨ ᠰᠢᠶᠤᠤ ᠶᠤᠸᠠᠨ ᠮᠤᠤ ᠶᠢᠨ ᠬᠡᠰᠡᠭ ᠢ ᠤᠷᠳᠤ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠣᠷᠣᠭᠤᠯᠪᠠ᠃ ᠡᠳᠦᠭᠡ ᠪᠣᠯᠲᠠᠯ᠎ᠠ᠂ ᠭᠤᠷᠪᠠᠨ ᠭᠠᠵᠠᠷ ᠲᠥᠯᠥᠪᠵᠢᠭᠦᠯᠭᠡ ᠬᠢᠬᠦ᠂ ᠵᠢᠷᠤᠵᠤ ᠲᠥᠯᠥᠪᠯᠡᠬᠦ᠂ ᠨᠡᠭᠡᠭᠡᠨ ᠬᠥᠭᠵᠢᠭᠦᠯᠬᠦ᠂ ᠪᠦᠲᠦᠭᠡᠨ ᠪᠠᠶᠢᠭᠤᠯᠬᠤ ᠵᠡᠷᠭᠡ ᠠᠯᠢ ᠣᠯᠠᠨ ᠪᠦᠲᠦᠭᠡᠨ ᠪᠠᠶᠢᠭᠤᠯᠤᠯᠲᠠ ᠶᠢ ᠥᠩᠭᠡᠷᠡᠭᠡᠵᠦ᠂ ᠡᠯ᠎ᠡ ᠭᠠᠵᠠᠷ ᠤᠨ ᠤᠷᠲᠤ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠷᠥᠯ ᠵᠦᠢᠯ ᠴᠥᠮ ᠰᠢᠪᠲᠤᠷᠠᠭᠠᠨ ᠳᠠᠭᠠᠨ ᠣᠷᠤᠪᠠ᠃   ᠴᠢᠩ ᠱᠦᠢ ᠾᠧ ᠰᠢᠶᠠᠨ ᠤ ᠪᠸᠢ ᠪᠦ ᠰᠢᠶᠠᠩ ᠳᠤ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠠᠬᠢ ᠠᠵᠢᠯᠴᠢᠳ ᠬᠦᠭᠵᠢᠶᠡᠨᠳᠡᠢ ᠠᠵᠢᠯᠯᠠᠵᠠᠭᠠᠵᠤ᠂ ᠬᠤᠳᠠ ᠶᠢᠨ ᠬᠡᠷᠡᠮ ᠤᠨ ᠬᠡᠯᠪᠡᠷᠢᠲᠡᠢ ᠴᠢᠮᠡᠭᠯᠡᠭᠰᠡᠨ ᠵᠢᠭᠤᠯᠴᠢᠯᠠᠬᠴᠢᠳ ᠤᠨ ᠲᠥᠪ᠂ ᠠᠭᠤᠯᠠ ᠶᠢ ᠲᠦᠰᠢᠨ ᠪᠠᠶᠢᠭᠤᠯᠤᠭᠰᠠᠨ 108 ᠨᠦᠬᠡᠨ ᠭᠡᠷ ᠤᠨ ᠬᠡᠯᠪᠡᠷᠢ ᠲᠠᠢ ᠠᠷᠠᠳ ᠤᠨ ᠣᠷᠣᠨ ᠰᠠᠭᠤᠴᠠ᠂ ᠡᠷᠲᠡᠨ ᠤ ᠬᠡᠪ ᠨᠠᠮᠪᠠ ᠪᠦᠬᠦᠢ ᠵᠢᠵᠢᠭ ᠪᠠᠷᠢᠯᠭ᠎ᠠ᠂ ᠬᠡᠯᠪᠡᠷᠢ ᠲᠦᠷᠰᠤ ᠨᠢ ᠪᠣᠷᠣᠭᠵᠢᠭᠤᠨ ᠬᠦᠷᠬᠢᠷ᠎ᠡ ᠶᠢᠨ ᠦᠵᠡᠮᠵᠢ ᠨᠢ ᠨᠢᠭᠡᠨᠲᠡ ᠠᠩᠬᠠᠨ ᠤ ᠳᠦᠷᠰᠦ ᠪᠠᠶᠢᠳᠠᠯ ᠢ ᠪᠦᠷᠢᠯᠳᠦᠭᠦᠯᠵᠠᠢ᠃   ᠣᠶᠢᠯᠠᠭᠠᠭᠰᠠᠨ ᠢᠶᠠᠷ᠂ ᠴᠢᠩ ᠱᠦᠢ ᠾᠤ᠋ ᠶᠢᠨ ᠪᠸᠢ ᠪᠦ ᠰᠢᠶᠠᠩ ᠤᠨ ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠤᠨ ᠶᠡᠷᠦᠩᠬᠡᠶ ᠪᠠᠯᠠ ᠣᠷᠣᠭᠤᠯᠤᠯᠲᠠ ᠨᠢ 1.37 ᠳ᠋ᠦᠩᠰᠢᠭᠤᠷ ᠲᠥᠭᠦᠷᠢᠭ ᠲᠤ ᠬᠦᠷᠴᠦ᠂ ᠲᠥᠷᠥᠯ ᠵᠦᠢᠯ ᠤᠨ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 10031.11m2 ᠪᠠᠶᠢᠵᠤ᠂ ᠡᠭᠦᠨ ᠳᠤ ᠰᠢᠨ᠎ᠡ ᠪᠠᠷ ᠪᠠᠶᠢᠭᠤᠯᠤᠭᠰᠠᠨ ᠬᠡᠰᠡᠭ ᠪᠠᠷᠢᠯᠭ᠎ᠠ ᠶᠢᠨ ᠲᠠᠯᠠᠪᠠᠶ ᠨᠢ 7053.17m2 ᠪᠠᠶᠢᠵᠤ᠂ ᠥᠭᠡᠷᠡᠴᠢᠯᠡᠨ ᠪᠠᠶᠢᠭᠤᠯᠤᠭᠰᠠᠨ ᠬᠡᠰᠡᠭ ᠲᠠᠯᠠᠪᠠᠶ ᠨᠢ 2977.94m2 ᠪᠣᠯᠤᠨ᠎ᠠ᠃ ᠲᠣᠰ ᠲᠥᠷᠥᠯ ᠵᠦᠢᠯ ᠢ 2023 ᠣᠨ ᠤ 3 ᠰᠠᠷ᠎ᠠ ᠶᠢᠨ ᠳᠤᠮᠳᠠᠴᠢ ᠪᠠᠷ ᠡᠬᠢᠯᠡᠨ ᠪᠠᠶᠢᠭᠤᠯᠵᠤ᠂ 2024 ᠣᠨ ᠤ 6 ᠰᠠᠷ᠎ᠠ ᠳᠤ ᠴᠡᠴᠡᠷᠯᠢᠭ ᠢᠶᠠᠨ ᠨᠡᠭᠡᠭᠡᠵᠦ ᠲᠤᠷᠰᠢᠨ ᠡᠵᠡᠩᠨᠡᠵᠤ᠂ 12 ᠰᠠᠷ᠎ᠠ ᠶᠢᠨ ᠰᠡᠭᠦᠯᠴᠢ ᠠᠴᠠ ᠡᠮᠦᠨ᠎ᠡ ᠪᠥᠬᠦ ᠲᠠᠯ᠎ᠠ ᠪᠠᠷ ᠪᠠᠶᠢᠭᠤᠯᠵᠤ ᠳᠠᠭᠤᠰᠬᠠᠬᠤ ᠪᠠᠷ ᠲᠥᠯᠥᠪᠯᠡᠵᠦ ᠪᠣᠶ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号