2023 ᠣᠨ ᠤ ᠥᠪᠥᠷ ᠮᠣᠩᠭᠤᠯ ᠤᠨ ᠲᠦᠷᠦᠯ ᠲᠡᠮᠲᠡᠭ ᠤᠨ ᠥᠷᠲᠡᠭ ᠤᠨ ᠵᠢᠭᠰᠠᠭᠠᠯᠳᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/5/22
   ᠲᠦᠷᠦᠬᠦᠭᠡᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠢᠢᠨ ᠲᠤᠪᠴᠢᠶ᠎ᠡ ᠢᠢᠨ ᠶᠠᠰᠤ ᠴᠢᠨᠠᠷ ᠤᠨ ᠬᠥᠭᠵᠢᠭᠦᠯᠦᠯᠲᠡ ᠢᠢᠨ ᠲᠤᠪᠴᠢᠶ᠎ᠡ᠂ ᠥᠪᠥᠷ ᠮᠣᠩᠭᠤᠯ ᠤᠨ ᠲᠦᠷᠦᠯ ᠲᠡᠮᠳᠡᠭ ᠤᠨ ᠪᠠᠷᠢᠮᠵᠢᠶᠠᠵᠢᠭᠤᠯᠤᠯᠲᠠ ᠢᠢᠨ ᠮᠡᠷᠭᠡᠵᠢᠯ ᠤᠨ ᠵᠥᠪᠯᠡᠯ᠂ ᠥᠪᠥᠷ ᠮᠣᠩᠭᠤᠯ ᠤᠨ ᠲᠦᠷᠦᠯ ᠲᠡᠮᠳᠡᠭ ᠤᠨ ᠪᠠᠶᠢᠯᠳᠤᠬᠤ ᠪᠤᠳᠤᠯᠭ᠎ᠠ ᠶᠢ ᠠᠬᠢᠭᠤᠯᠬᠤ ᠨᠡᠶᠢᠭᠡᠮᠯᠢᠭ ᠬᠠᠮᠳᠤᠷᠠᠵᠤ 2023 ᠣᠨ ᠤ ᠥᠪᠥᠷ ᠮᠣᠩᠭᠤᠯ ᠤᠨ ᠲᠦᠷᠦᠯ ᠲᠡᠮᠳᠡᠭ ᠤᠨ ᠦᠷᠳᠡᠭ ᠤᠨ ᠵᠢᠭᠰᠠᠭᠠᠯᠳᠠ ᠶᠢ ᠨᠡᠶᠢᠲᠡᠯᠡᠵᠦ᠂ ᠳᠤᠮᠳᠠᠳᠤ ᠤᠯᠤᠰ ᠤᠨ ᠴᠢᠯᠠᠭᠤᠨ ᠲᠤᠰᠤᠨ ᠤ ᠥᠪᠥᠷ ᠮᠣᠩᠭᠤᠯ ᠤᠨ ᠪᠣᠷᠣᠯᠠᠭᠤᠯᠭ᠎ᠠ ᠢᠢᠨ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ ᠳᠤ ᠱᠦᠨ ᠶᠤᠸᠠᠨ ᠢᠳᠡᠭᠡᠨ ᠤᠮᠳᠠᠭᠠᠨ ᠤ ᠬᠠᠮᠢᠶᠠᠷᠤᠯᠲᠠ ᠢᠢᠨ ᠬᠢᠵᠠᠭᠠᠷᠲᠤ ᠺᠣᠮᠫᠠᠨᠢ ᠵᠡᠷᠭᠡ 53 ᠠᠵᠤ ᠠᠬᠤᠶᠢᠯᠠᠯ ᠨᠡᠷᠡᠰ ᠤᠨ ᠵᠢᠭᠰᠠᠭᠠᠯᠲᠠ ᠳᠤ ᠲᠤᠳᠤᠷᠠᠵᠤ᠂ 48 ᠠᠵᠤ ᠠᠬᠤᠶᠢᠯᠠᠯ ︵ᠦᠢᠯᠡᠳᠬᠦᠨ︶ ︽ᠥᠪᠥᠷ ᠮᠣᠩᠭᠤᠯ ᠤᠨ ᠨᠡᠷᠡᠳᠦ ᠲᠦᠷᠦᠯ ᠲᠡᠮᠳᠡᠭ︾ ᠤᠨ ᠢᠷᠠᠭᠤ ᠠᠯᠳᠠᠷ ᠤᠨ ᠴᠣᠯᠠ ᠬᠦᠷᠳᠡᠪᠡ᠃   ᠤᠶᠢᠯᠠᠭᠠᠭᠰᠠᠨ ᠢᠶᠠᠷ ᠲᠦᠷᠦᠯ ᠲᠡᠮᠳᠡᠭ ᠪᠣᠯ ᠴᠢᠨᠠᠷ ᠰᠠᠶᠢᠲᠠᠢ ᠬᠥᠭᠵᠢᠯᠲᠡ ᠢᠢᠨ ᠴᠢᠬᠤᠯᠠ ᠪᠡᠯᠭᠡ ᠲᠡᠮᠳᠡᠭ ᠮᠥᠨ᠂ ᠲᠦᠷᠦᠯ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠬᠤ ᠪᠣᠯ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠴᠢᠬᠤᠯᠠ ᠠᠷᠭ᠎ᠠ ᠵᠠᠮ ᠮᠥᠨ᠃ ᠲᠣᠰ ᠤᠳᠠᠭᠠᠨ ᠤ ᠥᠪᠥᠷ ᠮᠣᠩᠭᠤᠯ ᠤᠨ ᠲᠦᠷᠦᠯ ᠲᠡᠮᠲᠡᠭ ᠤᠨ ᠥᠷᠲᠡᠭ ᠤᠨ ᠵᠢᠬᠰᠠᠭᠠᠯᠳᠠ ᠶᠢ ᠨᠡᠶᠢᠲᠡᠯᠡᠭᠰᠡᠨ ᠶᠠᠪᠤᠳᠠᠯ ᠪᠤᠯ ᠳᠤᠮᠳᠠᠳᠤ ᠤᠯᠤᠰ ᠤᠨ ᠲᠦᠷᠦᠯ ᠲᠡᠮᠲᠡᠭ ᠤᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠤᠨ ᠵᠢᠯᠣᠭᠤᠳᠣᠯᠭ᠎ᠠ ᠳᠤᠤᠷ᠎ᠠ᠂ ᠨᠢᠭᠡᠳᠦᠯᠲᠡᠶ ᠲᠦᠷᠦᠯ ᠲᠡᠮᠲᠡᠭ ᠤᠨ ᠥᠷᠲᠡᠭ ᠢ ᠦᠨᠡᠯᠡᠬᠦ ᠵᠠᠭᠪᠤᠷ ᠪᠠᠷᠢᠮᠵᠢᠶ᠎ᠠ᠂ ᠭᠦᠢᠴᠡᠳᠭᠡᠯ ᠲᠤᠭ᠎ᠠ ᠪᠠᠷ ᠪᠠᠷᠢᠮᠵᠢᠶᠠᠯᠠᠨ ᠡᠯᠡᠰᠡᠨ ᠴᠤᠭᠯᠠᠭᠤᠯᠵᠤ᠂ ᠠᠵᠤ ᠠᠬᠤᠶᠢᠯᠠᠯ ᠤᠨ ᠰᠠᠶᠢᠨ ᠳᠤᠷ᠎ᠠ ᠢᠢᠨ᠂ ᠭᠤᠷᠪᠠᠳᠠᠬᠢ ᠡᠲᠡᠭᠡᠳ ᠠᠴᠠ ᠦᠨᠡᠯᠡᠬᠦ ᠵᠠᠷᠴᠢᠮ ᠪᠠ ᠡᠯ᠎ᠡ ᠠᠵᠢᠯ ᠲᠥᠷᠥᠯ ᠤᠨ ᠲᠦᠷᠦᠯ ᠲᠡᠮᠲᠡᠭ ᠤᠨ ᠥᠷᠲᠡᠭ ᠢ ᠦᠨᠡᠯᠡᠬᠦ ᠤᠯᠤᠰ ᠤᠨ ᠪᠠᠷᠢᠮᠵᠢᠶ᠎ᠠ ᠶᠣᠰᠣᠭᠠᠷ᠂ ᠠᠵᠤ ᠠᠬᠤᠶᠢᠯᠠᠯ ᠤᠨ ᠬᠠᠩᠭᠠᠭᠰᠠᠨ ᠡᠳ᠋ ᠤᠨ ᠶᠠᠪᠤᠳᠠᠯ ᠤᠨ ᠲᠤᠭ᠎ᠠ ᠪᠠᠷᠢᠮᠲᠠ ᠪᠠ ᠡᠯ᠎ᠡ ᠵᠦᠢᠯ ᠤᠨ ᠶᠡᠷᠦᠩᠬᠡᠶᠢᠯᠡᠭᠰᠡᠨ ᠭᠦᠢᠴᠡᠳᠭᠡᠯ ᠲᠤᠭ᠎ᠠ ᠪᠠᠷ ᠦᠨᠳᠦᠰᠦᠯᠡᠯ ᠪᠣᠯᠭᠠᠵᠤ᠂ ᠲᠦᠷᠦᠯ ᠲᠡᠮᠲᠡᠭ ᠤᠨ ᠥᠷᠲᠡᠭ ᠢ ᠦᠨᠡᠯᠡᠬᠦ ᠢᠢᠨ ᠬᠠᠮᠲᠤ᠂ ᠨᠡᠶᠢᠭᠡᠮ ᠨᠡᠶᠢᠲᠡ ᠳᠤ ᠨᠡᠶᠢᠲᠡᠯᠡᠪᠡ᠃   5 ᠰᠠᠷ᠎ᠠ ᠶᠢᠨ 10 ᠤ ᠡᠳᠦᠷ ᠪᠤᠯ ᠲᠤᠮᠳᠠᠳᠤ ᠤᠯᠤᠰ ᠤᠨ ᠨᠢᠮᠠᠳᠤᠭᠠᠷ ᠲᠦᠷᠦᠯ ᠲᠡᠮᠳᠡᠭ ᠤᠨ ᠡᠳᠦᠷ ᠪᠤᠯᠤᠨ᠎ᠠ᠃ ᠲᠠᠷᠠᠭᠠᠴᠢ ᠪᠠᠷ ᠮᠠᠨ ᠤ ᠤᠷᠤᠨ ᠤ ᠪᠠᠷᠢᠮᠵᠢᠶ᠎ᠠ᠂ ᠬᠡᠮᠵᠢᠯᠳᠡ᠂ ᠪᠠᠶᠢᠴᠠᠭᠠᠨ ᠰᠢᠯᠭᠠᠵᠦ ᠬᠢᠨᠡᠨ ᠬᠡᠮᠵᠢᠬᠦ᠂ ᠭᠡᠷᠡᠴᠢᠯᠡᠵᠦ ᠵᠦᠪᠰᠢᠶᠡᠷᠡᠬᠦ ᠵᠡᠷᠭᠡ ᠤᠯᠠᠨ ᠵᠦᠢᠯ ᠤᠨ ᠲᠤᠯᠭᠠᠭᠤᠷᠢᠯᠠᠬᠤ ᠰᠢᠰᠲᠤᠮ ᠢ ᠲᠡᠭᠦᠯᠳᠡᠷᠵᠢᠬᠦᠯᠬᠦ ᠪᠠᠷ ᠲᠠᠮᠵᠢᠭᠤᠯᠤᠨ᠂ ᠦᠪᠦᠷ ᠮᠤᠩᠭᠤᠯ ᠤᠨ ᠲᠦᠷᠦᠯ ᠲᠡᠮᠳᠡᠭ ᠤᠨ ᠨᠦᠯᠦᠭᠡᠯᠡᠬᠦ ᠬᠦᠴᠦᠨ ᠢ ᠦᠷᠭᠦᠯᠵᠢᠯᠡᠨ ᠦᠷᠭᠡᠳᠬᠡᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号