ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠵᠠᠯᠠᠭᠤ ᠬᠠᠤᠯᠢᠴᠢ ᠶᠢᠨ ᠦᠨᠳᠦᠰᠦᠨ ᠱᠠᠲᠤᠨ ᠳᠤ ᠦᠢᠯᠡᠴᠢᠯᠡᠬᠦ ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ
ᠨᠡᠶᠢᠲᠡᠯᠡᠭᠰᠡᠨ ᠴᠠᠭ᠄
2024/5/22
    ᠤᠶᠢᠷ‌‍᠎ᠠ᠎ᠠ ᠳᠤ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠰᠢᠨ᠎ᠡ ᠪᠠᠷ ᠠᠵᠢᠯ ᠳᠤ ᠭᠠᠷᠤᠬᠰᠠᠨ ᠬᠠᠤᠯᠢᠴᠢ ᠶᠢ ᠬᠠᠤᠯᠢ ᠴᠠᠭᠠᠵᠠ ᠶᠢᠨ ᠭᠠᠵᠠᠷ ᠲᠤ ᠦᠢᠯᠡᠳᠦᠯᠭᠡᠵᠢᠭᠦᠯᠦᠨ ᠳᠠᠪᠲᠠᠨ ᠪᠣᠯᠪᠠᠰᠤᠷᠠᠭᠤᠯᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠵᠠᠯᠠᠭᠤ ᠬᠠᠤᠯᠢᠴᠢ ᠶᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠨ ᠱᠠᠲᠤᠨ ᠳᠤ ᠭᠦᠨᠵᠡᠭᠡᠶᠢᠷᠡᠭᠦᠯᠦᠨ ᠪᠣᠳᠠᠲᠠᠶ ᠳᠤ ᠭᠦᠨᠵᠡᠭᠡᠶᠢᠷᠡᠭᠦᠯᠵᠦ᠂ ᠠᠷᠠᠳ ᠤᠨ ᠬᠠᠤᠯᠢᠴᠢ ᠶᠢᠨ ᠦᠢᠯᠡᠴᠢᠯᠡᠭᠡᠨ ᠤ ᠣᠨᠣᠯᠵᠢᠬᠤᠨ ᠢ ᠦᠢᠯᠡᠳᠦᠯᠭᠡᠵᠢᠭᠦᠯᠦᠨ᠂ ᠣᠯᠠᠨ ᠲᠦᠮᠡᠨ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠭᠠᠵᠠᠷ ᠤᠨ ᠬᠥᠮᠦᠨ ᠴᠥᠭᠡᠨ ᠠᠵᠢᠯ ᠣᠯᠠᠨ᠂ ᠬᠠᠤᠯᠢ ᠴᠠᠭᠠᠵᠠ ᠶᠢᠨ ᠶᠠᠪᠤᠳᠠᠯ ᠤᠨ ᠠᠵᠢᠯᠲᠠᠨ ᠳᠤᠲᠠᠭᠳᠠᠵᠤ ᠪᠠᠶᠢᠭ᠎ᠠ ᠪᠣᠳᠠᠲᠤ ᠠᠰᠠᠭᠤᠳᠠᠯ ᠢ ᠰᠢᠢᠳᠪᠦᠷᠢᠯᠡᠵᠦ᠂ ᠣᠯᠠᠨ ᠲᠦᠮᠡᠨ ᠤ ᠪᠠᠴᠢᠮᠳᠠᠵᠦ ᠬᠦᠴᠢᠷᠲᠡᠵᠦ ᠵᠤᠪᠠᠨᠢᠵᠦ ᠬᠦᠰᠡᠵᠦ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃   ᠤᠶᠢᠯᠠᠭᠠᠬᠰᠠᠨ ᠢᠶᠠᠷ᠂ ᠲᠦᠷᠦᠭᠦᠦ ᠪᠦᠯᠦᠭ ᠤᠨ ᠪᠤᠯᠪᠠᠰᠤᠷᠠᠯ ᠳᠤ᠂ ᠪᠥᠬᠦ ᠣᠷᠣᠨ ᠤ 100 ᠬᠠᠤᠯᠢ ᠴᠠᠭᠠᠵᠠ ᠶᠢᠨ ᠭᠠᠵᠠᠷ ᠢ ᠰᠤᠩᠭᠤᠨ᠂ ᠰᠢᠨ᠎ᠡ ᠪᠠᠷ ᠠᠵᠢᠯ ᠳᠤ ᠭᠠᠷᠤᠬᠰᠠᠨ 100 ᠬᠠᠤᠯᠢᠴᠢ ᠶᠢ ᠰᠣᠩᠭᠤᠨ ᠲᠣᠮᠢᠯᠠᠵᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ 1 ᠬᠠᠤᠯᠢ ᠴᠠᠭᠠᠵᠠ ᠶᠢᠨ ᠭᠠᠵᠠᠷ ᠲᠤ 1 ᠰᠢᠨ᠎ᠡ ᠪᠠᠷ ᠠᠵᠢᠯ ᠳᠤ ᠭᠠᠷᠤᠬᠰᠠᠨ ᠬᠠᠤᠯᠢᠴᠢ ᠶᠢ ᠲᠣᠬᠢᠷᠠᠭᠤᠯᠤᠨ᠂ ᠨᠢᠭᠡ ᠵᠢᠯ ᠤᠨ ᠬᠤᠭᠤᠴᠠᠭ᠎ᠠ ᠲᠠᠢ ᠪᠠᠷ ᠦᠢᠯᠡᠳᠦᠯᠭᠡ ᠶᠢᠨ ᠲᠤᠮᠲᠠ ᠳᠠᠪᠲᠠᠨ ᠪᠣᠯᠪᠠᠰᠤᠷᠠᠭᠤᠯᠬᠤ ᠪᠣᠯᠤᠨ᠎ᠠ᠃ ᠰᠢᠨ᠎ᠡ ᠪᠠᠷ ᠠᠵᠢᠯ ᠳᠤ ᠭᠠᠷᠤᠬᠰᠠᠨ ᠬᠠᠤᠯᠢᠴᠢ ᠶᠢ ᠦᠢᠯᠡᠳᠦᠯᠭᠡ ᠶᠢᠨ ᠲᠤᠮᠲᠠ ᠳᠠᠪᠲᠠᠨ ᠪᠣᠯᠪᠠᠰᠤᠷᠠᠭᠤᠯᠬᠤ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠠᠴᠠ ᠲᠤᠰᠬᠠᠶ ᠪᠠᠶᠢᠷᠢᠯᠠᠭᠤᠯᠤᠯᠲᠠ ᠶᠢᠨ ᠬᠤᠷᠠᠯ ᠢ ᠲᠥᠪᠯᠡᠷᠡᠭᠦᠯᠦᠨ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠢ ᠥᠷᠨᠢᠭᠦᠯᠦᠨ᠂ ᠦᠨᠳᠦᠰᠦᠨ ᠱᠠᠲᠤᠨ ᠤ ᠠᠵᠢᠯ ᠤᠨ ᠲᠤᠷᠰᠢᠯᠭ᠎ᠠ ᠪᠠᠷ ᠪᠠᠶᠠᠯᠢᠭ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ᠂ ᠭᠠᠴᠠᠭ᠎ᠠ ᠲᠣᠰᠬᠤᠨ ᠤ ᠬᠠᠤᠯᠢ ᠴᠠᠭᠠᠵᠠ ᠶᠢᠨ ᠵᠥᠪᠯᠡᠭᠴᠢ᠂ ᠠᠷᠠᠳ ᠤᠨ ᠡᠶᠡᠳᠡᠭᠦᠯᠦᠭᠴᠢ ᠵᠡᠷᠭᠡ ᠶᠢ ᠤᠷᠢᠵᠤ ᠰᠢᠨ᠎ᠡ ᠪᠠᠷ ᠠᠵᠢᠯ ᠳᠤ ᠭᠠᠷᠤᠬᠰᠠᠨ ᠬᠠᠤᠯᠢᠴᠢ ᠳᠤ ᠬᠢᠴᠢᠶᠡᠯ ᠤᠷᠤᠭᠤᠯᠵᠦ᠂ ᠵᠠᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠮᠡᠷᠭᠡᠵᠢᠯ ᠴᠢᠳᠠᠪᠤᠷᠢ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠦᠨ᠎ᠡ᠃ ᠬᠠᠤᠯᠢᠴᠢ ᠪᠠ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠡᠷᠡᠭᠴᠡᠭᠡ ᠪᠠᠷ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠤᠯᠢ ᠴᠠᠭᠠᠵᠠ ᠶᠢᠨ ᠲᠣᠪᠴᠢᠶ᠎ᠠ ᠯᠤᠭ᠎ᠠ ᠦᠢᠯᠡᠳᠦᠯᠭᠡ ᠶᠢᠨ ᠲᠤᠮᠲᠠ ᠳᠠᠪᠲᠠᠨ ᠪᠣᠯᠪᠠᠰᠤᠷᠠᠭᠤᠯᠬᠤ ᠪᠠ ᠬᠥᠮᠦᠵᠢᠭᠦᠯᠬᠦ ᠵᠥᠪᠯᠡᠯᠴᠡᠭᠡᠷ ᠲᠣᠭᠲᠠᠵᠤ᠂ 5 ᠰᠠᠷ᠎ᠠ ᠶᠢᠨ ᠰᠡᠭᠦᠯᠴᠢ ᠪᠠᠷ ᠰᠢᠨ᠎ᠡ ᠪᠠᠷ ᠠᠵᠢᠯ ᠳᠤ ᠭᠠᠷᠤᠬᠰᠠᠨ ᠬᠠᠤᠯᠢᠴᠢ ᠶᠢ ᠠᠵᠢᠯ ᠤᠨ ᠪᠠᠶᠢᠷᠢ ᠳᠤ ᠠᠵᠢᠯᠯᠠᠭᠤᠯᠬᠤ ᠪᠠᠷ ᠲᠥᠯᠥᠪᠯᠡᠵᠦ ᠪᠣᠶ᠃   ᠡᠯ᠎ᠡ ᠱᠠᠲᠤᠨ ᠤ ᠬᠠᠤᠯᠢᠴᠢ ᠶᠢᠨ ᠨᠡᠶᠢᠭᠡᠮᠯᠢᠭ ᠢ ᠬᠥᠲᠥᠯᠥᠨ ᠵᠢᠯᠣᠭᠤᠳᠴᠤ ᠪᠠᠶᠢᠭᠠᠳ ᠬᠠᠮᠢᠶ᠎ᠠ ᠪᠦᠬᠦᠢ ᠪᠣᠯᠪᠠᠰᠤᠷᠠᠯ ᠪᠠ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠲᠤᠷᠰᠢᠯᠲᠠ ᠶᠢᠨ ᠴᠡᠭ ᠤᠨ ᠠᠵᠢᠯ ᠳᠤ ᠤᠷᠤᠯᠴᠠᠬᠰᠠᠨ ᠬᠠᠤᠯᠢᠴᠢ ᠶᠢᠨ ᠨᠡᠶᠢᠭᠡᠮᠯᠢᠭ ᠤᠨ ᠰᠦᠢᠳᠭᠡᠯ ᠢ ᠬᠠᠰᠤᠵᠤ ᠬᠡᠯᠲᠦᠷᠢᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠩ ᠣᠯᠠᠨ ᠰᠢᠨ᠎ᠡ ᠪᠠᠷ ᠠᠵᠢᠯ ᠳᠤ ᠭᠠᠷᠤᠬᠰᠠᠨ ᠬᠠᠤᠯᠢᠴᠢ ᠶᠢᠨ ᠣᠷᠣᠯᠴᠠᠬᠤ ᠶᠢ ᠵᠣᠷᠢᠭᠵᠢᠭᠤᠯᠬᠤ ᠪᠠ ᠪᠠᠲᠤᠯᠠᠨ᠎ᠠ᠃ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠨᠢ ᠪᠠᠰᠠ ᠰᠢᠯᠭᠠᠷᠠᠭᠤᠯᠤᠨ ᠬᠥᠬᠢᠭᠦᠯᠬᠦ᠂ ᠬᠥᠮᠦᠵᠢᠭᠦᠯᠦᠨ ᠪᠣᠯᠪᠠᠰᠤᠷᠠᠭᠤᠯᠬᠤ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠰᠣᠩᠭᠤᠬᠤ ᠪᠠ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠦᠢᠯᠡᠴᠢᠯᠡᠭᠡ ᠶᠢ ᠬᠤᠳᠠᠯᠳᠤᠨ ᠠᠪᠬᠤ ᠵᠦᠢᠯᠡᠰ ᠢ ᠬᠤᠪᠢᠶᠠᠨ ᠲᠤᠮᠢᠯᠠᠬᠤ ᠵᠡᠷᠭᠡ ᠠᠵᠢᠯ ᠳᠤ ᠲᠤᠷᠰᠢᠯᠲᠠ ᠶᠢᠨ ᠴᠡᠭ ᠤᠨ ᠠᠵᠢᠯ ᠳᠤ ᠤᠷᠤᠯᠴᠠᠬᠰᠠᠨ ᠬᠠᠤᠯᠢᠴᠢ ᠵᠢᠴᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠢ ᠤᠷᠢᠳ ᠢᠶᠠᠷ ᠪᠤᠳᠤᠯᠬᠢᠯᠠᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号