ᠯᠢ ᠴᠢᠶᠠᠩ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠴᠣᠬᠤᠯᠠᠪᠤᠷᠢ ᠥᠭᠴᠦ ᠴᠢᠬᠤᠯᠠᠴᠢᠯᠠᠭᠰᠠᠨ ᠨᠢ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠶᠢ ᠪᠠᠷᠢᠮᠲᠠᠯᠠᠵᠤ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/5/22
   ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠭᠡ ᠪᠦᠭᠦ ᠤᠯᠤᠰ ᠤᠨ ᠣᠷᠣᠨ ᠨᠤᠲᠤᠭ ᠤᠨ ᠨᠠᠮ ᠤᠨ ᠬᠤᠷᠢᠶᠠᠨ ᠤ ᠮᠦᠩᠭᠦᠠ ᠬᠦᠢᠢᠯᠭᠡᠭᠠ ᠤ ᠠᠵᠢᠯ ᠤᠨ ᠠᠯᠪᠠ ᠭᠡᠷ ᠤᠨ ᠡᠷᠭᠢᠯᠠᠭᠴᠢᠣᠠ ᠤᠨ ᠬᠤᠷᠠᠯ 5 ᠰᠠᠷ᠎ᠠ ᠶᠢᠨ 21 ᠤ ᠡᠳᠦᠷ ᠪᠡᠭᠡᠵᠢᠩ ᠳᠤ ᠬᠤᠷᠠᠯᠳᠤᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠪ ᠬᠤᠷᠢᠶᠠᠨ ᠤ ᠤᠯᠤᠰ ᠳᠦᠷᠤ ᠶᠢᠨ ᠲᠣᠪᠴᠢᠶᠠᠨ ᠤ ᠪᠠᠶᠢᠩᠬᠤ ᠶᠢᠨ ᠭᠡᠰᠢᠭᠦᠨ᠂ ᠳᠦᠷᠤ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ᠂ ᠳᠦᠪ ᠤᠨ ᠮᠦᠩᠭᠦᠠ ᠬᠦᠢᠢᠯᠭᠡᠭᠠ ᠤ ᠬᠤᠷᠢᠶᠠᠨ ᠤ ᠡᠷᠭᠢᠯᠠᠭᠴᠢ ᠯᠢ ᠴᠢᠶᠠᠩ ᠣᠷᠴᠢᠮᠬᠠᠨ ᠣᠷᠣᠨ ᠨᠤᠲᠤᠭ ᠤᠨ ᠮᠦᠩᠭᠦᠠ ᠬᠦᠢᠢᠯᠭᠡᠭᠠ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠴᠣᠬᠤᠯᠠᠪᠤᠷᠢ ᠪᠢᠴᠢᠵᠡᠢ᠃ ᠴᠣᠬᠤᠯᠠᠪᠤᠷᠢ ᠳᠤ ᠪᠠᠨ᠄ 2023 ᠣᠨ ᠠᠴᠠ ᠨᠠᠰᠢ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠵᠥᠪᠯᠡᠯ᠂ ᠮᠥᠩᠭᠦᠨ ᠭᠦᠢᠯᠭᠡᠭᠡᠨ ᠤ ᠠᠯᠪᠠᠨ ᠭᠡᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢ᠊ ᠡᠶ᠎ᠡ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠲᠣᠭᠲᠠᠭᠠᠵᠤ᠂ ᠮᠥᠩᠭᠦᠨ ᠭᠦᠢᠯᠭᠡᠭᠡᠨ ᠤ ᠰᠢᠰᠲ᠋ᠧᠮ ᠤᠨ ᠨᠠᠮ ᠤᠨ ᠤᠳᠤᠷᠢᠳᠤᠯᠭ᠎ᠠ ᠪᠠ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠶᠡᠭᠡ ᠪᠠᠷ ᠰᠡᠷᠭᠡᠶᠢᠯᠡᠨ ᠠᠷᠢᠯᠭᠠᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠯ᠎ᠡ ᠵᠦᠢᠯ ᠤᠨ ᠠᠵᠢᠯ ᠳᠤ ᠢᠳᠡᠪᠬᠢᠲᠡᠢ ᠠᠬᠢᠴᠠ ᠲᠠᠢ ᠪᠣᠯᠪᠠ᠃ ᠮᠥᠩᠭᠦᠨ ᠭᠦᠢᠯᠭᠡᠭᠡ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠵᠤ ᠪᠠᠶᠢᠨ᠎ᠠ᠃ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠮᠥᠩᠭᠦᠨ ᠭᠦᠢᠯᠭᠡᠭᠡᠨ ᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ︽ᠲᠠᠪᠤᠨ ᠶᠡᠭᠡ ᠶᠠᠪᠤᠳᠠᠯ︾ ᠢ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ ᠨᠡᠭᠡᠭᠡᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠣᠳᠣ ᠦᠶ᠎ᠡ ᠶᠢᠨ ᠮᠥᠩᠭᠦᠨ ᠭᠦᠢᠯᠭᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠲᠥᠪ ᠪᠠ ᠣᠷᠣᠨ ᠨᠤᠲᠤᠭ ᠤᠨ ᠠᠵᠢᠯ ᠤᠨ ᠬᠠᠮᠲᠤᠷᠠᠯ ᠤᠨ ᠬᠦᠴᠦᠨ ᠢ ᠲᠦᠷᠭᠡᠨ ᠪᠦᠷᠢᠯᠳᠦᠭᠦᠯᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠪ ᠤᠨ ᠮᠥᠩᠭᠦᠨ ᠭᠦᠢᠯᠭᠡᠭᠡᠨ ᠤ ᠵᠥᠪᠯᠡᠯ ᠤᠨ ᠠᠯᠪᠠᠨ ᠭᠡᠷ ᠤᠨ ᠡᠷᠬᠢᠯᠡᠭᠴᠢ ᠾᠧ ᠯᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠡᠯ᠎ᠡ ᠭᠠᠵᠠᠷ ᠤᠨ ᠬᠢᠨ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠮᠥᠩᠭᠦᠨ ᠭᠦᠢᠯᠭᠡᠭᠡᠨ ᠤ ᠬᠠᠭᠤᠳᠠᠰᠤ ᠶᠢ ᠨᠠᠷᠢᠨ ᠬᠢᠨᠠᠮᠠᠭᠠᠢ ᠰᠤᠷᠤᠯᠴᠠᠨ ᠭᠦᠨᠵᠡᠭᠡᠢ ᠣᠶᠢᠯᠠᠭᠠᠵᠤ᠂ ᠶᠡᠷᠦᠩᠬᠡᠢ ᠰᠠᠶᠢᠳ ᠯᠢ ᠴᠢᠶᠠᠩ ᠤᠨ ᠴᠢᠬᠤᠯᠠ ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠤᠨ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠪᠠᠶᠢᠭᠤᠯᠬᠤ ᠤᠷᠲᠤ ᠬᠤᠭᠤᠴᠠᠭᠠᠨ ᠤ ᠬᠠᠷᠠᠯᠲᠠ ᠪᠠ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠣᠶᠢᠷ᠎ᠠ ᠶᠢᠨ ᠳᠤᠮᠳᠠ ᠬᠤᠭᠤᠴᠠᠭᠠᠨ ᠤ ᠬᠠᠷᠠᠯᠲᠠ ᠪᠠᠨ ᠲᠣᠭᠲᠠᠭᠠᠵᠤ᠂ ᠮᠥᠩᠭᠦᠨ ᠭᠦᠢᠯᠭᠡᠭᠡᠨ ᠤ ᠬᠦᠷᠢᠶᠡᠨ ᠳᠤ ᠣᠷᠣᠰᠢᠵᠤ ᠪᠠᠶᠢᠭ᠎ᠠ ᠠᠶᠤᠯ ᠲᠦᠭᠰᠢᠭᠦᠷᠢ ᠭᠡᠮ ᠰᠣᠭᠤᠭ ᠲᠤ ᠰᠢᠭᠤᠳ ᠬᠠᠨᠳᠤᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠬᠥᠭᠵᠢᠯᠲᠡ ᠶᠢ ᠠᠬᠢᠭᠤᠯᠬᠤ ᠠᠵᠢᠯ ᠤᠨ ᠭᠤᠣᠯ ᠱᠤᠭᠤᠮ ᠶᠣᠰᠣᠭᠠᠷ᠂ ᠠᠷᠭ᠎ᠠ ᠪᠣᠳᠣᠯᠭ᠎ᠠ ᠠᠷᠭ᠎ᠠ ᠬᠡᠮᠵᠢᠶ᠎ᠡ ᠶᠢ ᠡᠷᠬᠢᠮᠯᠡᠵᠦ᠂ ᠦᠨᠡᠨ ᠠᠴᠠ ᠵᠥᠪ ᠢ ᠡᠷᠢᠬᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ ᠶᠢ ᠪᠠᠷᠢᠮᠲᠠᠯᠠᠨ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠣᠳᠣᠬᠠᠨ ᠳᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠶᠤᠯ ᠲᠦᠭᠰᠢᠭᠦᠷᠢ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡᠨ ᠤ ᠠᠶᠤᠯ ᠲᠦᠭᠰᠢᠭᠦᠷᠢ᠂ ᠣᠷᠣᠨ ᠨᠤᠲᠤᠭ ᠤᠨ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠵᠡᠷᠭᠡ ᠶᠢ ᠬᠠᠷᠢᠯᠴᠠᠨ ᠰᠣᠯᠪᠢᠴᠠᠭᠤᠯᠤᠨ ᠲᠦᠭᠰᠢᠭᠦᠷᠢ ᠶᠢ ᠴᠢᠩᠭ᠎ᠠ ᠰᠡᠷᠭᠡᠶᠢᠯᠡᠨ ᠴᠢᠩᠭ᠎ᠠ ᠡᠵᠡᠮᠳᠡᠵᠦ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠮᠵᠢᠯᠴᠠᠨ ᠴᠢᠩᠭᠠᠳᠬᠠᠬᠤ ᠬᠡᠷᠡᠭᠲᠡᠢ᠃ ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ ᠶᠢᠨ ᠭᠠᠷᠳᠠᠬᠤ ᠴᠡᠭ ᠢ ᠣᠨᠣᠪᠴᠢᠲᠠᠢ ᠣᠯᠵᠤ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠣᠯᠳᠠᠯᠭ᠎ᠠ ᠲᠠᠢ ᠬᠦᠷᠢᠶ᠎ᠡ ᠪᠣᠯᠤᠨ ᠪᠠᠭᠤᠷᠠᠢ ᠭᠤᠭᠴᠤᠭ᠎ᠠ ᠳᠤ ᠳᠡᠮᠵᠢᠯᠭᠡ ᠦᠵᠡᠭᠦᠯᠬᠦ ᠪᠠᠨ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠶᠢᠨ ᠬᠠᠮᠲᠤ ᠡᠨᠡᠬᠦ ᠶᠠᠪᠤᠴᠠ ᠳᠤ ᠮᠥᠩᠭᠦᠨ ᠭᠦᠢᠯᠭᠡᠭᠡᠨ ᠤ ᠲᠤᠰ ᠪᠡᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ ᠣᠷᠣᠨ ᠨᠤᠲᠤᠭ ᠤᠨ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠠᠯᠪᠠᠨ ᠭᠡᠷ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠵᠢᠱᠢᠶᠡᠴᠢ ᠪᠠᠶᠢᠭᠤᠯᠭ᠎ᠠ ᠶᠢ ᠢᠳᠡᠪᠬᠢᠲᠡᠢ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠶᠡᠭᠡ ᠪᠠᠷ ᠪᠠᠳᠠᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠭᠦᠷᠭᠡ ᠬᠠᠷᠢᠭᠤᠴᠠᠯᠭ᠎ᠠ ᠪᠠᠨ ᠥᠨᠳᠥᠷ ᠪᠦᠲᠦᠮᠵᠢᠲᠡᠢ ᠭᠦᠢᠴᠡᠳᠬᠡᠬᠦ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号