ᠰᠢ ᠶᠢᠨ ᠫᠢᠩ ᠴᠠᠳ᠋ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠮᠤᠬᠠᠨᠮᠦ᠋ᠳ᠋ ᠲᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/5/23
   5 ᠰᠠᠷ᠎ᠠ ᠶᠢᠨ 20 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠤᠬᠠᠨᠮᠦ᠋ᠳ᠋ · ᠢᠳᠧᠯᠢᠰ · ᠳᠠᠶᠢᠪᠢ · ᠢᠲ᠋ᠧᠨᠣ᠋ ᠳᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠥᠬᠦᠳᠡ ᠨᠠᠶᠢᠷᠠᠮᠳᠠᠬᠤ ᠴᠠᠳ᠋ ᠤᠯᠤᠰ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃   ᠰᠢ ᠶᠢᠨ ᠫᠢᠩ᠂ ᠤᠢᠢᠷ᠎ᠠ ᠶᠢᠨ ᠵᠢᠯ ᠠᠴᠠ᠂ ᠳᠤᠮᠳᠠᠳᠤ ᠴᠠᠳ᠋ ᠤᠨ ᠬᠠᠷᠢᠯᠴᠠᠭ᠎ᠠ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠪᠠᠨ ᠪᠠᠲᠤᠯᠠᠵᠤ᠂ ᠤᠯᠤᠰ ᠲᠦᠷᠦ ᠶᠢᠨ ᠢᠲᠡᠭᠡᠯᠴᠡᠭᠡ ᠲᠠᠰᠤᠷᠠᠯᠳᠡ ᠦᠭᠡᠢ ᠭᠦᠨᠵᠡᠭᠡᠶᠢᠷᠡᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠲᠣᠭᠲᠠᠭᠤᠨ ᠢᠶᠠᠷ ᠠᠬᠢᠵᠥ᠂ ᠤᠯᠠᠨ ᠤᠯᠤᠰ ᠤᠨ ᠬᠠᠮᠵᠢᠯᠴᠠᠭ᠎ᠠ ᠨᠡᠩ ᠨᠢᠭᠲᠠᠷᠠᠪᠠ᠃ ᠪᠢ ᠳᠤᠮᠳᠠᠳᠤ ᠴᠠᠳ᠋ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ ᠮᠤᠬᠠᠨᠮᠦ᠋ᠳ᠋ ᠲᠠᠢ ᠬᠠᠮᠲᠤ ᠪᠠᠷ ᠴᠢᠷᠮᠠᠶᠢᠵᠤ᠂ ᠬᠠᠷᠢᠯᠴᠠᠨ ᠳᠡᠮᠵᠢᠬᠦ ᠪᠠᠨ ᠴᠢᠩᠭᠠᠳᠬᠠᠵᠤ᠂ ᠨᠥᠬᠦᠷᠰᠡᠭ ᠬᠠᠮᠲᠤᠷᠠᠯᠴᠠᠭ᠎ᠠ ᠪᠠᠨ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠳᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 21 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号