ᠯᠢ ᠴᠢᠶᠠᠩ ᠾᠧᠨᠠᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ︽ᠭᠤᠷᠪᠠᠨ ᠵᠤᠨ︾ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠵᠤᠨ ᠤ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠠᠲᠤᠯᠠᠵᠤ ᠲᠠᠷᠢᠶᠠᠯᠠᠩ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2024/5/24
   ᠰᠢᠨᠬᠤᠸᠠ ᠬᠤᠷᠢᠶᠠᠨ ᠤ ᠵᠧᠩᠵᠧᠦ ᠶᠢᠨ 5 ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ  ᠨᠠᠮ ᠤᠨ ᠳᠦᠪ ᠬᠤᠷᠢᠶᠠᠨ ᠤ ᠤᠯᠤᠰ ᠳᠦᠷᠤ ᠶᠢᠨ ᠲᠣᠪᠴᠢᠶᠠᠨ ᠤ ᠪᠠᠶᠢᠩᠬᠤ ᠶᠢᠨ ᠭᠡᠰᠢᠭᠦᠨ᠂ ᠳᠦᠷᠤ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 5 ᠰᠠᠷ᠎ᠠ ᠶᠢᠨ 22 ᠠᠴᠠ 23 ᠤ ᠡᠳᠦᠷ ᠪᠣᠯᠲᠠᠯ᠎ᠠ ᠾᠧᠨᠠᠨ ᠳᠤ ᠪᠠᠶᠢᠴᠠᠭᠠᠨ ᠰᠤᠳᠤᠯᠤᠯᠲᠠ ᠬᠢᠵᠡᠢ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠲᠠᠷᠢᠶᠠᠯᠠᠩ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠭᠤᠷᠪᠠᠨ ᠵᠤᠨ︾ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠵᠤᠨ ᠤ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠠᠲᠤᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠪᠠ ᠠᠵᠤ ᠦᠢᠯᠡᠰ ᠢᠶᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ ᠂ ᠲᠠᠷᠢᠶᠠᠯᠠᠩ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠳᠤ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
022.jpg
    ᠯᠢ ᠴᠢᠶᠠᠩ ᠤᠷᠢᠳ ᠬᠤᠵᠢᠳ ᠵᠧᠩᠵᠧᠦ ᠬᠤᠲᠠ᠂ ᠰᠢᠨ ᠰᠢᠶᠠᠩ ᠬᠤᠲᠠ ᠳᠤ ᠬᠦᠷᠴᠦ᠂ ᠲᠠᠷᠢᠶᠠᠨ ᠭᠠᠵᠠᠷ᠂ ᠦᠷ᠎ᠡ ᠪᠤᠶᠢᠵᠢᠭᠤᠯᠬᠤ ᠰᠠᠭᠤᠷᠢᠨ ᠭᠠᠵᠠᠷ᠂ ᠢᠳᠡᠭᠡᠨ ᠤ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠳᠤ ᠬᠦᠷᠴᠦ᠂ ᠬᠠᠮᠢᠶ᠎ᠠ ᠪᠦᠬᠦᠢ ᠠᠵᠢᠯ ᠢ ᠪᠠᠶᠢᠴᠠᠭᠠᠨ ᠰᠤᠳᠤᠯᠪᠠ᠃ ᠰᠢᠨ ᠰᠢᠶᠠᠩ ᠬᠤᠲᠠ ᠶᠢᠨ ᠲᠠᠯ᠎ᠠ ᠭᠠᠵᠠᠷ ᠤᠨ ᠵᠢᠱᠢᠶ᠎ᠡ ᠦᠵᠡᠭᠦᠯᠬᠦ ᠲᠣᠭᠤᠷᠢᠭ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ ᠠᠯᠮᠠᠢ ᠶᠢᠨ ᠳᠠᠪᠠᠯᠭᠠᠨ ᠨᠢ ᠳᠠᠪᠠᠯᠭᠠᠯᠠᠵᠤ᠂ ᠪᠣᠭᠤᠳᠠᠶ ᠤᠳᠠᠯ ᠦᠭᠡᠢ ᠲᠥᠪᠯᠡᠷᠡᠭᠦᠯᠦᠨ ᠬᠤᠷᠢᠶᠠᠬᠤ ᠬᠤᠭᠤᠴᠠᠭᠠᠨ ᠳᠤ ᠣᠷᠣᠬᠤ ᠪᠣᠯᠤᠨ᠎ᠠ᠃ ᠯᠢ ᠴᠢᠶᠠᠩ ᠲᠠᠷᠢᠶᠠᠨ ᠭᠠᠵᠠᠷ ᠲᠤ ᠬᠦᠷᠴᠦ᠂ ᠪᠤᠭᠤᠳᠠᠢ ᠶᠢᠨ ᠲᠦᠷᠦᠭᠦᠦ ᠶᠢᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ︽ᠭᠤᠷᠪᠠᠨ ᠵᠤᠨ︾ ᠤ ᠦᠢᠯᠡᠳᠪᠦᠷᠢᠯᠡᠯ ᠪᠣᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠢᠶᠠᠯᠠᠩ ᠤᠨ ᠲᠤᠰᠬᠠᠢ ᠮᠡᠷᠭᠡᠵᠢᠯᠲᠡᠨ ᠲᠠᠢ ᠰᠠᠨᠠᠯ ᠢᠶᠠᠨ ᠰᠣᠯᠢᠯᠴᠠᠪᠠ᠃ ᠯᠢ ᠴᠢᠶᠠᠩ ᠵᠢᠭᠠᠬᠤ ᠳᠤ ᠪᠠᠨ᠂ ᠵᠤᠨ ᠤ ᠠᠮᠤ ᠪᠤᠳᠠᠭ᠎ᠠ ᠡᠯᠪᠡᠭ ᠬᠤᠷᠢᠶᠠᠯᠲᠠ ᠣᠯᠵᠤ᠂ ᠪᠦᠬᠦ ᠵᠢᠯ ᠳᠤ ᠰᠠᠨᠠᠭᠠᠴᠢᠯᠠᠭ᠎ᠠ ᠲᠠᠢ᠃ ᠵᠤᠨ ᠤ ᠬᠤᠷᠢᠶᠠᠯᠲᠠ ᠶᠢᠨ ᠠᠵᠢᠯ ᠢ ᠨᠠᠷᠢᠨ ᠨᠢᠮᠪᠠᠢ ᠰᠠᠶᠢᠲᠤᠷ ᠠᠳᠬᠤᠵᠤ᠂ ᠣᠷᠣᠨ ᠠᠯᠤᠰᠯᠠᠭᠰᠠᠨ ᠮᠠᠰᠢᠨ ᠢᠶᠠᠷ ᠬᠤᠷᠢᠶᠠᠬᠤ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠴᠠᠭ ᠲᠤᠬᠠᠢ ᠳᠤᠨᠢ ᠬᠠᠲᠠᠭᠠᠵᠤ ᠳᠡᠯᠭᠡᠬᠦ ᠶᠢ ᠪᠠᠲᠤᠯᠠᠵᠤ᠂ ᠵᠤᠨ ᠤ ᠠᠮᠤ ᠪᠤᠳᠠᠭᠠᠨ ᠤ ᠲᠠᠷᠢᠶᠠᠨ ᠭᠠᠵᠠᠷ ᠤᠨ ᠬᠠᠮᠢᠶᠠᠷᠤᠯᠲᠠ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠵᠤᠨ ᠤ ᠲᠠᠷᠢᠶᠠᠯᠠᠭ᠎ᠠ ᠶᠢᠨ ᠪᠡᠯᠡᠳᠬᠡᠯ ᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠵᠤᠨ ᠤ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠬᠠᠮᠤᠭ ᠤᠨ ᠳᠣᠣᠷ᠎ᠠ ᠬᠤᠳᠠᠯᠳᠤᠨ ᠠᠪᠬᠤ ᠦᠨ᠎ᠡ ᠶᠢᠨ ᠰᠠᠭᠤᠷᠢ ᠶᠢ ᠪᠠᠲᠤᠯᠠᠬᠤ ᠦᠢᠯᠡᠳᠦᠯ ᠢ ᠪᠠᠳᠠᠷᠠᠭᠤᠯᠵᠤ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠳᠤ ᠵᠣᠭᠤᠰ ᠣᠯᠬᠤ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠥᠬᠦᠴᠡᠯ ᠳᠤ ᠨᠡᠶᠢᠴᠡᠬᠦ ᠨᠡᠩ ᠣᠯᠠᠨ ᠲᠠᠷᠢᠶᠠᠨ ᠭᠠᠵᠠᠷ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠥᠭᠡᠷᠡᠴᠢᠯᠡᠬᠦ ᠬᠡᠷᠡᠭᠲᠡᠢ᠃ ᠲᠡᠷᠡ᠂ ᠤᠯᠤᠰ ᠠᠴᠠ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠲᠥᠷᠥ ᠶᠢᠨ ᠪᠣᠳᠣᠯᠭ᠎ᠠ ᠶᠢ ᠴᠢᠩᠭᠠᠳᠬᠠᠬᠤ ᠠᠴᠠ ᠪᠢᠰᠢ ᠤᠳᠠᠭᠠᠰᠢᠷᠠᠭᠤᠯᠬᠤ ᠦᠭᠡᠢ ᠶᠤᠮ ᠭᠡᠵᠦ ᠴᠢᠬᠤᠯᠠᠴᠢᠯᠠᠪᠠ᠃
023.jpg
     ᠤᠯᠤᠰ ᠤᠨ ᠠᠮᠢᠳᠤ ᠪᠣᠳᠠᠰ ᠤᠨ ᠦᠷ᠎ᠡ ᠪᠤᠶᠢᠵᠢᠭᠤᠯᠬᠤ ᠠᠵᠤ ᠦᠢᠯᠡᠰ ᠤᠨ ᠰᠢᠨ᠎ᠡ ᠶᠢ ᠡᠭᠦᠳᠬᠦ ᠲᠥᠪ ᠲᠤ᠂ ᠯᠢ ᠴᠢᠶᠠᠩ ᠲᠤᠷᠰᠢᠯᠲᠠ ᠶᠢᠨ ᠲᠠᠰᠤᠭ᠂ ᠦᠷ᠎ᠡ ᠪᠤᠶᠢᠵᠢᠭᠤᠯᠬᠤ ᠬᠦᠯᠡᠮᠵᠢ ᠳᠤ ᠣᠷᠣᠵᠤ᠂ ᠮᠡᠷᠭᠡᠵᠢᠯ ᠤᠨ ᠪᠣᠭᠤᠮᠲᠠ ᠰᠢᠪᠲᠤᠯᠤᠭᠰᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠤ ᠲᠣᠬᠢᠷᠠᠭᠤᠯᠤᠯᠲᠠ ᠵᠡᠷᠭᠡ ᠪᠠᠶᠢᠳᠠᠯ ᠢ ᠣᠶᠢᠯᠠᠭᠠᠪᠠ᠃ ᠰᠠᠨ ᠴᠢᠦᠸᠡᠨ ᠢᠳᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ᠂ ᠯᠢ ᠴᠢᠶᠠᠩ ᠲᠦᠭᠦᠬᠡᠢ ᠮᠠᠲ᠋ᠧᠷᠢᠶᠠᠯ ᠤᠨ ᠪᠠᠶᠢᠴᠠᠭᠠᠨ ᠬᠡᠮᠵᠢᠯᠲᠡ᠂ ᠦᠢᠯᠡᠳᠬᠦᠨ ᠤ ᠨᠡᠭᠡᠭᠡᠨ ᠬᠥᠭᠵᠢᠭᠦᠯᠦᠯᠲᠡ ᠪᠠ ᠠᠦ᠋ᠲ᠋ᠣᠴᠢᠯᠠᠭᠰᠠᠨ ᠦᠢᠯᠡᠳᠪᠦᠷᠢᠯᠡᠯ ᠵᠡᠷᠭᠡ ᠶᠢ ᠪᠠᠶᠢᠴᠠᠭᠠᠨ ᠦᠵᠡᠪᠡ᠃ ᠲᠡᠷᠡ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ᠂ ᠦᠷ᠎ᠡ ᠪᠣᠯ ᠰᠠᠭᠤᠷᠢ ᠮᠥᠨ᠃ ᠦᠷ᠎ᠡ ᠶᠢᠨ ᠦᠢᠯᠡᠰ ᠤᠨ ᠬᠦᠷᠢᠶᠡᠨ ᠳᠠᠬᠢ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨ᠎ᠡ ᠵᠠᠬ᠎ᠠ ᠶᠢᠨ ᠴᠢᠨᠠᠷᠲᠠᠢ ᠰᠤᠳᠤᠯᠭᠠᠨ ᠢ ᠴᠢᠩᠭᠠᠳᠬᠠᠵᠤ᠂ ᠠᠵᠤ ᠦᠢᠯᠡᠰᠵᠢᠯᠲᠡ ᠶᠢᠨ ᠠᠯᠬᠤᠴᠠ ᠶᠢ ᠲᠦᠷᠭᠡᠳᠬᠡᠵᠦ᠂ ᠨᠡᠩ ᠣᠯᠠᠨ ᠰᠠᠶᠢᠨ ᠡᠭᠦᠯᠳᠡᠷ ᠢ ᠪᠤᠶᠢᠵᠢᠭᠤᠯᠵᠤ᠂ ᠡᠬᠢ ᠡᠭᠦᠰᠦᠯ ᠠᠴᠠ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠣᠳᠣ ᠦᠶ᠎ᠡ ᠶᠢᠨ ᠬᠥᠳᠡᠭᠡ ᠠᠵᠤ ᠠᠬᠤᠢ ᠶᠢᠨ ᠬᠥᠭᠵᠢᠯᠲᠡ ᠤᠯᠠᠮ ᠠᠴᠠ ᠤᠯᠠᠮ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠵᠦ᠂ ᠴᠢᠳᠠᠪᠤᠷᠢᠲᠠᠨ ᠳᠤ ᠲᠦᠰᠢᠭᠯᠡᠵᠦ᠂ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠢ ᠤᠷᠮᠠᠰᠢᠭᠤᠯᠤᠨ ᠳᠡᠮᠵᠢᠬᠦ ᠪᠠᠨ ᠴᠢᠩᠭᠠᠳᠬᠠᠵᠤ᠂ ᠨᠡᠩ ᠣᠯᠠᠨ ᠵᠠᠯᠠᠭᠤ ᠰᠤᠷᠤᠭᠴᠢᠳ ᠤᠨ ᠬᠥᠳᠡᠭᠡ ᠠᠵᠤ ᠠᠬᠤᠢ ᠠᠴᠠ ᠰᠤᠷᠤᠯᠴᠠᠬᠤ ᠶᠢ ᠵᠣᠷᠢᠭᠵᠢᠭᠤᠯᠵᠤ᠂ ᠨᠡᠩ ᠣᠯᠠᠨ ᠰᠢᠯᠢᠳᠡᠭ ᠴᠢᠳᠠᠪᠤᠷᠢᠲᠠᠨ ᠢ ᠬᠥᠳᠡᠭᠡ ᠠᠵᠤ ᠠᠬᠤᠢ ᠳᠤ ᠣᠷᠣᠯᠴᠠᠭᠤᠯᠬᠤ ᠬᠡᠷᠡᠭᠲᠡᠢ᠃ ᠯᠢ ᠴᠢᠶᠠᠩ ᠵᠢᠭᠠᠵᠤ ᠭᠠᠷᠭᠠᠭᠰᠠᠨ ᠨᠢ᠂ ᠢᠳᠡᠭᠡᠨ ᠤ ᠠᠵᠤ ᠦᠢᠯᠡᠳᠪᠦᠷᠢ ᠪᠣᠯ ᠬᠠᠮᠤᠭ ᠤᠨ ᠡᠷᠲᠡᠨ ᠤ ᠠᠵᠢᠯ ᠲᠥᠷᠥᠯ ᠮᠥᠨ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠳᠠᠭ᠃ ᠬᠥᠳᠡᠭᠡ ᠠᠵᠤ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠳᠪᠦᠷᠢ ᠶᠢᠨ ᠦᠢᠯᠡᠳᠬᠦ ᠦᠢᠯᠡᠰ ᠤᠨ ᠳᠠᠪᠠᠭᠤᠯᠢᠭ ᠲᠤ ᠰᠠᠭᠤᠷᠢᠯᠠᠵᠤ᠂ ᠳᠠᠭᠠᠭᠤᠯᠤᠭᠴᠢ ᠠᠵᠤ ᠠᠬᠤᠶᠢᠯᠠᠯ ᠤᠨ ᠦᠢᠯᠡᠳᠦᠯ ᠢ ᠪᠠᠳᠠᠷᠠᠭᠤᠯᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠠᠭᠤᠰᠤᠯᠴᠠᠨ ᠬᠥᠭᠵᠢᠬᠦ ᠶᠢ ᠳᠠᠶᠢᠴᠢᠯᠠᠵᠤ᠂ ᠶᠠᠰᠤ ᠴᠢᠨᠠᠷ ᠢ ᠳᠡᠭᠡᠭᠰᠢᠯᠡᠭᠦᠯᠵᠦ᠂ ᠲᠦᠷᠦᠯ ᠲᠡᠮᠳᠡᠭ ᠢ ᠡᠭᠦᠳᠴᠦ᠂ ᠣᠨᠴᠠᠯᠢᠭᠲᠤ ᠢᠳᠡᠭᠡᠨ ᠤ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠬᠡᠷᠡᠭᠲᠡᠢ᠃ ᠲᠠᠷᠢᠶᠠᠯᠠᠩ ᠤᠨ ᠡᠵᠡᠩᠨᠡᠯᠲᠡ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠣᠯᠠᠨ ᠵᠦᠢᠯ ᠤᠨ ᠬᠡᠯᠪᠡᠷᠢ ᠶᠢᠨ ᠵᠣᠬᠢᠰᠲᠠᠢ ᠬᠡᠪᠴᠢᠶᠡᠲᠦ ᠡᠵᠡᠩᠨᠡᠯᠲᠡ ᠶᠢ ᠬᠥᠭᠵᠢᠭᠦᠯᠵᠦ᠂ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠲᠠᠷᠢᠶᠠᠯᠠᠩ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠲᠤᠯᠭᠠᠭᠤᠷᠢᠯᠠᠯ ᠬᠠᠩᠭᠠᠬᠤ ᠬᠡᠷᠡᠭᠲᠡᠢ᠃    ᠯᠢ ᠴᠢᠶᠠᠩ ᠳᠤᠮᠳᠠᠳᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ᠾᠧᠨᠠᠨ ᠮᠤᠵᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠳᠤ ᠬᠦᠷᠴᠦ᠂ ᠲᠡᠷᠢᠭᠦᠨ ᠤ ᠳᠠᠮᠵᠢᠭᠤᠯᠤᠭᠴᠢ ᠶᠢᠨ ᠮᠠᠲ᠋ᠧᠷᠢᠶᠠᠯ᠂ ᠯᠠᠶᠢᠰᠧᠷ ᠲᠡᠷᠢᠭᠦᠨ ᠤ ᠦᠢᠯᠡᠳᠬᠡᠯ᠂ ᠡᠰ ᠪᠣᠯᠤᠨ ᠭᠧᠨ ᠤ ᠰᠢᠨᠵᠢᠯᠡᠬᠦ ᠤᠬᠠᠭᠠᠨ ᠵᠡᠷᠭᠡ ᠰᠤᠳᠤᠯᠭᠠᠨ ᠤ ᠲᠥᠪ ᠢ ᠲᠣᠭᠤᠷᠢᠨ ᠦᠵᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠠᠢ ᠶᠠᠷᠢᠯᠴᠠᠪᠠ᠃ ᠲᠡᠷᠡ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠳᠠᠶᠢᠴᠢᠯᠠᠬᠤ ᠪᠣᠯ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠯᠲᠡ ᠶᠢ ᠨᠡᠪᠲᠡᠷᠡᠭᠦᠯᠬᠦ ᠲᠠᠯ᠎ᠠ ᠪᠠᠷ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠠᠮᠢᠳᠤᠯᠢᠭ ᠥᠨᠳᠥᠷ ᠪᠦᠲᠦᠮᠵᠢᠲᠡᠢ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠢ ᠪᠠᠶᠢᠭᠤᠯᠵᠤ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠲᠠᠰᠤᠷᠠᠯᠳᠠ ᠦᠭᠡᠢ ᠴᠣᠯᠭᠤᠷᠠᠨ ᠭᠠᠷᠬᠤ ᠶᠢ ᠠᠬᠢᠭᠤᠯᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ᠃    ᠯᠢ ᠴᠢᠶᠠᠩ ᠾᠧᠨᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠵᠤ ᠂ ᠾᠧᠨᠠᠨ ᠤ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠾᠧᠨᠠᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠂ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠ ᠬᠡᠰᠡᠭ ᠤᠨ ᠭᠠᠵᠠᠷ ᠣᠷᠣᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠪᠡ᠃    ᠡᠦ ᠵᠧᠩ ᠯᠦᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号