ᠰᠢ ᠶᠢᠨ ᠫᠢᠩ ᠱᠠᠨᠳᠦ᠋ᠩ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ — ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠱᠠᠨᠳᠦ᠋ᠩ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ
ᠨᠡᠶᠢᠲᠡᠯᠡᠭᠰᠡᠨ ᠴᠠᠭ᠄
2024/5/27
   ᠼᠠᠢ ᠴᠢ ᠪᠠᠷ᠎ᠠ ᠪᠣᠯᠵᠣ ᠰᠢᠨᠵᠢᠯᠡᠨ ᠪᠠᠶᠢᠴᠠᠭᠠᠪᠠ   ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠢᠢᠷ᠎ᠠ ᠳᠤ ᠱᠠᠨᠳᠦ᠋ᠩ ᠳᠤ ᠰᠢᠨᠵᠢᠯᠡᠨ ᠪᠠᠶᠢᠴᠠᠭᠠᠬᠤ ᠳᠠᠭᠠᠨ᠂ ᠱᠠᠨᠳᠦ᠋ᠩ ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠪᠠᠶᠢᠷᠢ ᠪᠠᠨ ᠰᠠᠶᠢᠲᠤᠷ ᠲᠣᠭᠲᠠᠭᠠᠵᠤ᠂ ᠶᠡᠭᠡ ᠡᠭᠦᠷᠭᠡ ᠡᠭᠦᠷᠭᠡᠯᠡᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠦᠷᠭᠦᠯᠵᠢᠯᠡᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠶᠢ ᠡᠭᠦᠳᠬᠦ ᠬᠦᠴᠦᠨ ᠢ ᠴᠢᠩᠭᠠᠳᠬᠠᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠶ ᠬᠥᠭᠵᠢᠯᠲᠡ ᠶᠢᠨ ᠬᠤᠰᠢᠭᠤᠴᠢ ᠣᠷᠣᠨ ᠢ ᠲᠦᠷᠭᠡᠳᠭᠡᠨ ᠪᠠᠶᠢᠭᠤᠯᠵᠤ᠂ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢᠨ ᠰᠢᠨ᠎ᠡ ᠥᠨᠳᠦᠷᠯᠢᠭ ᠢ ᠴᠣᠭᠴᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠱᠠᠨᠳᠦ᠋ᠩ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠳᠠᠢ ᠭᠡᠵᠤ ᠴᠢᠬᠤᠯᠠᠴᠢᠯᠠᠵᠠᠢ᠃   5 ᠰᠠᠷ᠎ᠠ ᠶᠢᠨ 22 ᠠᠴᠠ 24 ᠤ ᠡᠳᠦᠷ ᠪᠣᠯᠲᠠᠯ᠎ᠠ᠂ ᠰᠢ ᠶᠢᠨ ᠫᠢᠩ ᠱᠠᠨᠳᠦ᠋ᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠯᠢᠨ ᠦ᠋ ᠪᠣᠯᠤᠨ ᠮᠤᠵᠢ ᠶᠢᠨ ᠳᠠᠷᠤᠭ᠎ᠠ ᠵᠧᠤ ᠨᠠᠢ ᠰᠢᠶᠠᠩ ᠤᠨ ᠪᠠᠷ᠎ᠠ ᠪᠣᠯᠣᠯᠭ᠎ᠠ ᠲᠠᠢ ᠪᠠᠷ ᠤᠷᠢᠳ ᠬᠤᠵᠢᠳ ᠿᠢ ᠵᠣᠣ᠂ ᠵᠢᠨᠠᠨ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠪᠠ᠃   22 ᠤᠨ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠿᠢ ᠵᠤᠤ ᠭᠠᠷᠠᠮ ᠳᠤ ᠬᠦᠷᠴᠦ ᠰᠢᠨᠵᠢᠯᠡᠨ ᠪᠠᠶᠢᠴᠠᠭᠠᠪᠠ᠃ ᠿᠢ ᠵᠣᠣ ᠭᠠᠷᠠᠮ ᠪᠣᠯ ᠡᠨᠧᠷᠭᠢ ᠪᠠ ᠶᠡᠭᠡ ᠬᠡᠮᠵᠢᠶᠡᠨ ᠤ ᠲᠦᠭᠦᠬᠡᠶ ᠮᠠᠲ᠋ᠧᠷᠢᠶᠠᠯ ᠢ ᠰᠢᠯᠵᠢᠭᠦᠯᠦᠨ ᠲᠡᠭᠡᠭᠡᠪᠦᠷᠢᠯᠡᠬᠦ ᠴᠢᠬᠤᠯᠠ ᠰᠠᠭᠤᠷᠢᠨ ᠮᠥᠨ᠂ ᠣᠶᠢᠷ᠎ᠠ ᠶᠢᠨ ᠵᠢᠯ ᠳᠤ ᠣᠶᠤᠨᠴᠢᠯᠠᠬᠤ᠂ ᠪᠣᠬᠢᠷᠲᠤᠯ ᠥᠬᠡᠶ ᠪᠣᠯᠭᠠᠬᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠡᠷᠭᠢ ᠳᠠᠭᠠᠤ ᠨᠡᠭᠡᠭᠡᠯᠳᠡᠳᠤ ᠠᠦ᠋ᠲ᠋ᠣᠴᠢᠯᠠᠭᠰᠠᠨ ᠴᠢᠩᠭᠡᠯᠢᠭ ᠤᠨ ᠭᠠᠷᠠᠮ ᠢ ᠪᠠᠶᠢᠭᠤᠯᠪᠠ᠃   ᠰᠢ ᠶᠢᠨ ᠫᠢᠩ ᠱᠠᠨᠳᠦ᠋ᠩ ᠮᠤᠵᠢ ᠶᠢᠨ ᠭᠠᠷᠠᠮ ᠤᠨ ᠬᠥᠭᠵᠢᠯᠲᠡ ᠪᠦᠳᠦᠭᠡᠨ ᠪᠠᠶᠢᠭᠤᠯᠤᠯᠲᠠ ᠪᠠ ᠿᠢ ᠵᠤᠤ ᠭᠠᠷᠠᠮ ᠤᠨ ᠲᠥᠯᠥᠪᠵᠢᠭᠦᠯᠭᠡ ᠪᠠᠶᠢᠷᠢᠰᠢᠭᠤᠯᠤᠯᠲᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠠᠦ᠋ᠲ᠋ᠣᠴᠢᠯᠠᠭᠰᠠᠨ ᠴᠢᠩᠭᠡᠯᠢᠭ ᠤᠨ ᠭᠠᠷᠠᠮ ᠤᠨ ᠠᠵᠢᠯ ᠤᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ ᠿᠢ ᠵᠣᠣ ᠭᠠᠷᠠᠮ ᠪᠣᠯ ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ ᠰᠢᠨ᠎ᠡ ᠪᠠᠷ ᠪᠠᠶᠢᠭᠤᠯᠤᠭᠰᠠᠨ ᠭᠠᠷᠠᠮ ᠮᠥᠨ᠂ ᠣᠶᠢᠷ᠎ᠠ ᠶᠢᠨ ᠵᠢᠯ ᠳᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠤᠯᠠᠮᠵᠢᠯᠠᠯᠲᠤ ᠭᠠᠷᠠᠮ ᠢ ᠣᠳᠣᠬᠢᠴᠢᠯᠠᠭᠰᠠᠨ ᠭᠠᠷᠠᠮ ᠪᠣᠯᠭᠠᠨ ᠥᠭᠡᠷᠡᠴᠢᠯᠡᠨ ᠲᠠᠰ ᠳᠡᠪᠰᠢᠭᠦᠯᠵᠦ᠂ ᠡᠳ᠋ ᠪᠠᠷᠠᠭ᠎ᠠ ᠣᠷᠣᠭᠤᠯᠵᠤ ᠭᠠᠷᠭᠠᠬᠤ ᠬᠡᠮᠵᠢᠶ᠎ᠡ ᠨᠢ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠭᠰᠠᠨ ᠢᠶᠠᠷ ᠪᠠᠷᠠᠬᠤ ᠥᠬᠡᠶ ᠪᠠᠰᠠ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠠᠰ ᠳᠡᠪᠰᠢᠭᠦᠯᠵᠦ ᠰᠢᠨ᠎ᠡ ᠴᠢᠨᠠᠷ ᠪᠥᠬᠦᠶ ᠦᠢᠯᠡᠳᠪᠦᠷᠢᠯᠡᠯ ᠤᠨ ᠬᠦᠴᠦᠨ ᠢ ᠬᠦᠭᠵᠢᠭᠦᠯᠬᠦ ᠲᠤᠷᠰᠢᠯᠭ᠎ᠠ ᠶᠢ ᠬᠤᠷᠠᠮᠳᠤᠭᠤᠯᠵᠠᠢ᠂ ᠡᠬᠦᠨ ᠢ ᠨᠤᠲᠠᠯᠠᠭᠤᠰᠢᠲᠠᠶ ᠪᠠᠶᠢᠨ᠎ᠠ ᠭᠡᠵᠠᠢ᠃ ᠰᠢ ᠶᠢᠨ ᠫᠢᠩ ᠭᠠᠷᠠᠮ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ᠂ ᠡᠵᠡᠩᠨᠡᠯᠲᠡ ᠶᠢᠨ ᠠᠵᠢᠯᠳᠠᠨ᠂ ᠲᠡᠭᠡᠭᠡᠪᠦᠷᠢ ᠶᠢᠨ ᠠᠵᠢᠯᠳᠠᠨ ᠢ ᠳᠣᠲᠣᠨᠣ ᠪᠠᠷ ᠲᠣᠬᠤᠨᠢᠭᠤᠯᠵᠤ᠂ ᠤᠯᠠᠨ ᠢᠶᠠᠷ ᠢᠶᠠᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠦᠷᠭᠦᠯᠵᠢᠯᠡᠨ ᠲᠡᠮᠡᠴᠡᠵᠦ᠂ ᠿᠢ ᠵᠤᠤ ᠭᠠᠷᠠᠮ ᠤᠨ ᠬᠠᠮᠢᠶᠠᠷᠤᠯᠲᠠ ᠡᠵᠡᠩᠨᠡᠯᠲᠡ ᠶᠢ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ ᠬᠦᠰᠡᠪᠡ᠃   ᠳᠠᠷᠠᠭ᠎ᠠ ᠨᠢ᠂ ᠰᠢ ᠶᠢᠨ ᠫᠢᠩ ᠿᠢ ᠵᠣᠤ ᠬᠤᠲᠠ ᠶᠢᠨ ᠨᠡᠷᠡᠨ ᠭᠡᠷᠡᠯᠲᠦ ᠳᠠᠯᠠᠢ ᠶᠢᠨ ᠡᠷᠭᠢ ᠶᠢᠨ ᠨᠣᠭᠤᠭᠠᠷᠠᠭᠤᠯᠤᠭᠰᠠᠨ ᠵᠠᠮ ᠢ ᠰᠢᠨᠵᠢᠯᠡᠨ ᠪᠠᠶᠢᠴᠠᠭᠠᠪᠠ᠃   ᠤᠢᠢᠷ᠎ᠠ ᠶᠢᠨ ᠵᠢᠯ ᠠᠴᠠ᠂ ᠿᠢ ᠵᠤᠤ ᠬᠤᠳᠠ ᠲᠠᠯᠠᠢ ᠳᠠᠭᠠᠤ ᠶᠢᠨ ᠬᠤᠭᠤᠰᠤᠨ ᠲᠠᠯᠠᠪᠠᠢ ᠵᠢᠴᠢ ᠡᠷᠭᠢ ᠳᠠᠭᠠᠤ ᠶᠢᠨ ᠡᠪᠳᠡᠭᠳᠡᠭᠰᠡᠨ ᠭᠠᠵᠠᠷ ᠤᠨ ᠠᠮᠢ ᠠᠬᠤᠢ ᠶᠢ ᠰᠡᠷᠭᠦᠭᠡᠨ ᠵᠠᠰᠠᠵᠤ᠂ 28 ᠺᠢᠯᠦᠮᠤᠳ᠋ᠷ ᠰᠢᠬᠠᠮ ᠤᠨ ᠨᠡᠷᠡᠨ ᠭᠡᠷᠡᠯᠳᠤ ᠲᠠᠯᠠᠢ ᠶᠢᠨ ᠡᠷᠭᠢ ᠶᠢᠨ ᠨᠣᠭᠤᠭᠠᠷᠠᠭᠤᠯᠤᠭᠰᠠᠨ ᠵᠠᠮ ᠢ ᠪᠠᠶᠢᠭᠤᠯᠵᠤ᠂ ᠬᠤᠳᠠ ᠶᠢᠨ ᠠᠷᠠᠳ ᠪᠣᠯᠤᠨ ᠵᠢᠭᠤᠯᠴᠢᠯᠠᠭᠰᠠᠳ ᠲᠤ ᠬᠥᠳᠡᠯᠭᠡᠭᠡᠨ ᠬᠢᠵᠦ ᠰᠡᠯᠡᠭᠦᠴᠡᠬᠦ ᠭᠠᠵᠠᠷ ᠬᠠᠩᠭᠠᠵᠠᠢ᠃ ᠰᠢ ᠶᠢᠨ ᠫᠢᠩ ᠨᠣᠭᠤᠭᠠᠷᠠᠭᠤᠯᠤᠭᠰᠠᠨ ᠵᠠᠮ ᠤᠨ ᠪᠦᠬᠦᠯᠢ ᠴᠣᠭᠴᠠ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠰᠡᠷᠭᠦᠭᠡᠨ ᠵᠠᠰᠠᠭᠰᠠᠨ ᠤ ᠳᠠᠷᠠᠭᠠᠬᠢ ᠲᠡᠯᠡᠶ ᠶᠢᠨ ᠡᠷᠭᠢ ᠳᠠᠭᠠᠤ ᠶᠢᠨ ᠠᠮᠢ ᠠᠬᠤᠶ ᠣᠷᠴᠢᠨ ᠲᠣᠭᠤᠷᠢᠨ ᠢ ᠪᠠᠶᠢᠴᠠᠭᠠᠨ ᠦᠵᠡᠵᠦ᠂ ᠲᠤᠬᠠᠶ ᠶᠢᠨ ᠭᠠᠵᠠᠷ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠲᠠᠰ ᠳᠡᠪᠰᠢᠭᠦᠯᠦᠭᠰᠡᠨ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠭᠰᠡᠨ ᠠᠷᠭ᠎ᠠ ᠬᠢᠳᠡᠯ ᠪᠠ ᠦᠷ᠎ᠡ ᠪᠦᠲᠦᠮᠵᠢ ᠶᠢ ᠣᠶᠢᠯᠠᠭᠠᠬᠤ ᠶᠢᠨ ᠬᠠᠮᠲᠤ ᠬᠤᠲᠠ ᠶᠢᠨ ᠠᠷᠠᠳ ᠪᠣᠯᠤᠨ ᠵᠢᠭᠤᠯᠴᠢᠯᠠᠭᠰᠠᠳ ᠲᠠᠢ ᠪᠠᠶᠢᠨ ᠳᠠᠬᠢᠨ ᠳᠣᠲᠣᠨᠣ ᠪᠠᠷ ᠶᠠᠷᠢᠯᠴᠠᠵᠤ ᠪᠠᠶᠢᠪᠠ᠃ ᠲᠡᠷᠡ᠂ ᠨᠣᠭᠤᠭᠠᠷᠠᠭᠤᠯᠤᠭᠰᠠᠨ ᠵᠠᠮ ᠢ ᠪᠦᠲᠦᠭᠡᠨ ᠪᠠᠶᠢᠭᠤᠯᠤᠭᠰᠠᠨ ᠨᠢ ᠬᠤᠲᠠ ᠶᠢᠨ ᠠᠷᠠᠳ ᠤᠨ ᠬᠡᠷᠡᠭᠴᠡᠭᠡ ᠳᠤ ᠨᠡᠶᠢᠴᠡᠭᠰᠡᠨ᠂ ᠠᠷᠠᠳ ᠤᠨ ᠰᠡᠳᠭᠢᠯ ᠢ ᠤᠯᠤᠭᠰᠠᠨ ᠶᠠᠪᠤᠳᠠᠯ ᠮᠥᠨ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠠᠷᠠᠳ ᠤᠯᠠᠨ ᠤ ᠠᠮᠢᠳᠤᠷᠠᠯ ᠢ ᠤᠯᠠᠮ ᠠᠴᠠ ᠤᠯᠠᠮ ᠰᠠᠶᠢᠵᠢᠷᠠᠭᠤᠯᠬᠤ ᠶᠠᠪᠤᠳᠠᠯ ᠮᠦᠨ᠃ ᠠᠮᠢ ᠠᠬᠤᠢ ᠣᠷᠴᠢᠨ ᠲᠣᠭᠤᠷᠢᠨ ᠰᠠᠶᠢᠨ ᠪᠣᠯ ᠠᠷᠠᠳ ᠤᠯᠠᠨ ᠦᠨᠡᠨ ᠪᠣᠳᠠᠲᠠᠢ ᠵᠢᠷᠭᠠᠯᠲᠤ ᠲᠦᠷᠦᠭᠳᠡᠯ ᠲᠠᠢ ᠪᠣᠯᠤᠨ᠎ᠠ᠃ ᠣᠯᠠᠨ ᠢᠶᠠᠷ ᠢᠶᠠᠨ ᠬᠠᠮᠲᠤ ᠪᠠᠷ ᠬᠥᠳᠡᠯᠦᠯᠴᠡᠵᠦ᠂ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠵᠤ ᠬᠠᠮᠠᠭᠠᠯᠠᠬᠤ ᠬᠡᠷᠡᠭᠳᠠᠢ ᠭᠡᠵᠤ ᠵᠢᠭᠠᠵᠤ ᠭᠠᠷᠭᠠᠵᠠᠢ᠃    24 ᠤ ᠦᠳᠡ ᠶᠢᠨ ᠡᠮᠦᠨ᠎ᠡ᠂ ᠰᠢ ᠶᠢᠨ ᠫᠢᠩ ᠵᠢᠨᠠᠨ ᠬᠤᠳᠠ ᠳᠤ ᠱᠠᠨᠳᠦ᠋ᠩ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠱᠠᠨᠳᠦ᠋ᠩ ᠤᠨ ᠡᠯ᠎ᠡ ᠵᠦᠢᠯ ᠤᠨ ᠠᠵᠢᠯ ᠳᠤ ᠣᠯᠤᠭᠰᠠᠨ ᠠᠮᠵᠢᠯᠲᠠ ᠶᠢ ᠨᠤᠲᠠᠯᠠᠪᠠ᠃   ᠰᠢ ᠶᠢᠨ ᠫᠢᠩ᠂ ᠱᠠᠨᠳᠦ᠋ᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠢ ᠠᠭᠤᠰᠤᠯᠴᠠᠭᠤᠯᠬᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠬᠦ ᠲᠠᠯ᠎ᠠ ᠪᠠᠷ ᠶᠡᠬᠡᠬᠡᠨ ᠠᠵᠢᠯ ᠶᠠᠪᠤᠳᠠᠯ ᠪᠦᠳᠦᠭᠡᠵᠦ ᠪᠣᠯᠤᠨ᠎ᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ᠂ ᠢᠷᠡᠭᠡᠳᠦᠶ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠣᠳᠠᠲᠤ ᠴᠣᠭᠴᠠ ᠶᠢᠨ ᠠᠵᠤ ᠠᠬᠤᠶ ᠪᠣᠯᠤᠨ ᠲᠣᠭᠠᠴᠢᠯᠠᠭᠰᠠᠨ ᠠᠵᠤ ᠠᠬᠤᠶ ᠶᠢᠨ ᠠᠭᠤᠰᠤᠯᠴᠠᠭᠰᠠᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠪᠠᠳᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠶ᠃ ᠬᠥᠭᠵᠢᠯᠲᠡ ᠶᠢᠨ ᠠᠷᠭ᠎ᠠ ᠮᠠᠶ᠋ᠢᠭ ᠢ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠦ ᠳᠡᠶᠢᠰᠢ ᠬᠡᠯᠪᠡᠷᠢ ᠬᠤᠪᠢᠷᠠᠭᠤᠯᠬᠤ ᠶᠢ ᠶᠡᠭᠡ ᠪᠠᠷ ᠠᠬᠢᠭᠤᠯᠵᠤ᠂ ᠪᠣᠬᠢᠷᠲᠤᠯ ᠦᠭᠡᠢ ᠣᠷᠴᠢᠨ ᠲᠤᠭᠤᠷᠢᠨ ᠢ ᠬᠠᠮᠠᠭᠠᠯᠠᠬᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠲᠠᠢ ᠭᠦᠨᠵᠡᠭᠡᠢ ᠵᠣᠯᠭᠠᠭᠤᠯᠵᠤ᠂ ᠤᠮᠠᠷᠠᠲᠤ ᠣᠷᠣᠨ ᠤ ᠠᠵᠤ ᠠᠬᠤᠢ ᠶᠢᠨ ᠴᠢᠬᠤᠯᠠ ᠨᠡᠮᠡᠭᠳᠡᠯ ᠤᠨ ᠲᠦᠢᠯ ᠪᠣᠯᠬᠤ ᠪᠠᠷ ᠴᠢᠷᠮᠠᠶᠢᠬᠤ ᠬᠡᠷᠡᠭᠲᠡᠢ᠃ ᠳᠠᠯᠠᠢ ᠲᠠᠩᠭᠢᠰ ᠤᠨ ᠡᠬᠢ ᠪᠠᠶᠠᠯᠢᠭ ᠡᠯᠪᠡᠭ ᠳᠡᠯᠪᠡᠭ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ᠳᠠᠯᠠᠢ ᠲᠠᠩᠭᠢᠰ ᠢ ᠡᠪᠯᠡᠬᠦᠯᠦᠨ ᠵᠠᠰᠠᠵᠤ᠂ ᠳᠠᠯᠠᠢ ᠲᠠᠩᠭᠢᠰ ᠢ ᠵᠣᠷᠢᠨ ᠬᠦᠴᠦᠷᠬᠡᠭᠵᠢᠵᠦ᠂ ᠳᠡᠯᠡᠬᠡᠢ ᠶᠢᠨ ᠳᠡᠰ ᠤᠨ ᠳᠠᠯᠠᠢ ᠲᠠᠩᠭᠢᠰ ᠤᠨ ᠭᠠᠷᠠᠮ ᠤᠨ ᠴᠤᠭᠯᠠᠷᠠᠯ ᠢ ᠴᠣᠭᠴᠠᠯᠠᠵᠤ᠂ ᠤᠳᠤ ᠦᠶ᠎ᠡ ᠶᠢᠨ ᠳᠠᠯᠠᠢ ᠲᠠᠩᠭᠢᠰ ᠤᠨ ᠠᠵᠤ ᠠᠬᠤᠢ ᠶᠢᠨ ᠬᠥᠭᠵᠢᠯᠲᠡ ᠶᠢᠨ ᠥᠨᠳᠦᠷᠯᠢᠭ ᠢ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠱᠠᠨᠳᠦ᠋ᠩ ᠤᠨ ᠬᠢᠨ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠠ ᠶᠢ ᠠᠬᠢᠭᠤᠯᠬᠤ ᠲᠠᠯ᠎ᠠ ᠪᠠᠷ ᠲᠡᠷᠢᠭᠦᠨ ᠳᠤ ᠣᠷᠣᠬᠤ ᠪᠠᠷ ᠵᠤᠷᠢᠭᠲᠠᠢ ᠴᠢᠷᠮᠠᠶᠢᠬᠤ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠤᠪᠤᠶᠢᠮ᠎ᠠ ᠵᠥᠷᠢᠴᠡᠯ ᠢ ᠰᠢᠢᠳᠪᠦᠷᠢᠯᠡᠬᠦ ᠳᠡᠭᠡᠷ᠎ᠡ ᠬᠦᠴᠦ ᠲᠠᠯᠪᠢᠵᠤ᠂ ᠲᠦᠷᠢᠮ ᠢ ᠲᠡᠭᠦᠯᠳᠡᠷᠵᠢᠭᠦᠯᠬᠦ᠂ ᠲᠣᠭᠲᠠᠴᠠ ᠶᠢ ᠪᠦᠷᠢᠨᠰᠢᠬᠦᠯᠬᠦ᠂ ᠠᠮᠢᠵᠢᠷᠠᠯ ᠤᠨ ᠬᠦᠴᠦᠨ ᠢ ᠬᠥᠭᠵᠢᠭᠡᠬᠦ᠂ ᠬᠥᠳᠡᠯᠭᠡᠬᠦ ᠬᠦᠴᠦᠨ ᠢ ᠨᠡᠮᠡᠭᠳᠡᠭᠦᠯᠬᠦ ᠲᠠᠯ᠎ᠠ ᠪᠠᠷ ᠪᠣᠳᠠᠲᠠᠢ ᠬᠦᠴᠦ ᠣᠷᠣᠭᠤᠯᠬᠤ ᠬᠡᠷᠡᠭᠲᠡᠢ᠃ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠶᠡᠭᠡ ᠵᠠᠮ ᠢ ᠢᠳᠡᠪᠬᠢᠲᠡᠢ ᠪᠠᠶᠢᠭᠤᠯᠵᠤ᠂ ᠴᠢᠯᠥᠭᠡᠲᠦ ᠠᠷᠠᠯᠵᠢᠶᠠᠨ ᠤ ᠣᠷᠣᠨ ᠤ ᠬᠤᠯᠪᠣᠭᠠᠯᠠᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠲᠦᠷᠢᠮ ᠤᠨ ᠬᠡᠯᠪᠡᠷᠢ ᠶᠢᠨ ᠨᠡᠭᠡᠭᠡᠯᠲᠡᠳᠦ ᠵᠢᠱᠶ᠊ ᠡᠶ᠎ᠡ ᠦᠵᠡᠭᠦᠯᠬᠦ ᠣᠷᠣᠨ ᠢ ᠰᠠᠶᠢᠲᠤᠷ ᠪᠠᠶᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠳᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ ᠴᠢᠬᠤᠯᠠ ᠶᠡᠭᠡ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠳᠡᠭᠡᠳᠦ ᠴᠢᠳᠠᠪᠬᠢᠳᠤ ᠳᠡᠰ ᠤᠨ ᠲᠠᠪᠴᠠᠩ ᠢ ᠨᠢᠮᠪᠠᠢ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠰᠢᠯᠤᠭᠤᠳᠬᠠᠬᠤ ᠴᠢᠬᠤᠯᠠ ᠭᠤᠭᠴᠤᠭ᠎ᠠ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃   ᠰᠢ ᠶᠢᠨ ᠫᠢᠩ᠂ ᠱᠠᠨᠳᠦ᠋ᠩ ᠪᠣᠯ ᠲᠠᠷᠢᠶᠠᠯᠠᠩ ᠤᠨ ᠶᠡᠭᠡ ᠮᠤᠵᠢ᠂ ᠠᠮᠤ ᠪᠤᠳᠠᠭᠠᠨ ᠤ ᠶᠡᠭᠡ ᠮᠤᠵᠢ ᠮᠦᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠠᠰᠤ ᠴᠢᠨᠠᠷ ᠪᠣᠯᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠲᠣ ᠦᠶ᠎ᠡ ᠶᠢᠨ ᠲᠠᠷᠢᠶᠠᠯᠠᠩ ᠢ ᠶᠡᠭᠡ ᠪᠠᠷ ᠬᠥᠭᠵᠢᠭᠦᠯᠵᠦ᠂ ᠬᠥᠳᠡᠭᠡ ᠲᠣᠰᠬᠤᠨ ᠤ ᠤᠨᠴᠠᠯᠢᠬᠳᠤ ᠠᠵᠤ ᠦᠢᠯᠡᠰ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠢ ᠢᠳᠡᠪᠬᠢᠲᠡᠶ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠵᠦ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠨᠠᠩ ᠥᠨᠳᠥᠷ ᠲᠦᠪᠰᠢᠨ ᠪᠥᠬᠦᠶ ︽ᠱᠠᠨᠳᠦ᠋ᠩ ᠤᠨ ᠠᠮᠤ ᠶᠢᠨ ᠰᠠᠩ︾ ᠢ ᠪᠠᠶᠢᠭᠤᠯᠬᠤ ᠬᠡᠷᠡᠭᠳᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠬᠠᠮᠲᠤ ᠪᠠᠷ ᠪᠠᠶᠠᠵᠢᠬᠤ ᠠᠷᠭ᠎ᠠ ᠵᠠᠮ ᠢ ᠥᠷᠭᠡᠳᠭᠡᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠤᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠤᠳᠤᠷᠢᠳᠬᠤ ᠴᠢᠳᠠᠪᠤᠷᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠡᠶ᠎ᠡ ᠵᠣᠬᠢᠴᠠᠩᠭᠤᠢ ᠲᠣᠭᠲᠠᠭᠤᠨ᠂ ᠤᠯᠠᠨ ᠲᠦᠮᠡᠨ ᠠᠵᠠ ᠵᠢᠷᠭᠠᠯ ᠲᠠᠢ ᠠᠵᠢᠯᠯᠠᠵᠤ ᠠᠮᠢᠳᠤᠷᠠᠬᠤ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠱᠠᠨᠳᠦ᠋ᠩ ᠰᠢᠨ᠎ᠡ ᠴᠠᠭ ᠦᠶ᠎ᠡ ᠶᠢᠨ ᠰᠣᠶᠣᠯ ᠤᠨ ᠡᠭᠦᠷᠭᠡ ᠶᠢ ᠡᠭᠦᠷᠭᠡᠯᠡᠵᠦ᠂ ᠰᠣᠶᠣᠯ ᠤᠨ ᠴᠡᠴᠡᠭᠯᠡᠯ ᠬᠥᠭᠵᠢᠯ ᠢ ᠠᠬᠢᠭᠤᠯᠬᠤ᠂ ᠰᠣᠶᠣᠯ ᠤᠨ ᠬᠦᠴᠦᠷᠬᠡᠭ ᠤᠯᠤᠰ ᠢ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠲᠠᠯ᠎ᠠ ᠪᠠᠷ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠬᠢ ᠰᠣᠳᠣ ᠶᠢ ᠭᠦᠨᠵᠡᠭᠡᠢ ᠠᠭᠤᠳᠠᠯᠯᠠᠵᠤ᠂ ᠪᠦᠲᠦᠭᠡᠯᠴᠢ ᠴᠢᠨᠠᠷᠲᠠᠢ ᠪᠠᠷ ᠣᠨᠳᠣᠣᠰᠢᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠤᠯᠠᠨ ᠤᠯᠤᠰ ᠤᠨ ᠺᠦᠩᠽᠢ ᠶᠢᠨ ᠰᠣᠶᠣᠯ ᠤᠨ ᠨᠠᠶᠢᠷ ᠵᠡᠷᠭᠡ ᠪᠠᠷ ᠠᠴᠢᠶᠠᠯᠠᠪᠤᠷᠢ ᠪᠣᠯᠭᠠᠨ ᠪᠣᠯᠪᠠᠰᠤᠨ ᠤ ᠰᠣᠯᠢᠯᠴᠠᠭ᠎ᠠ ᠲᠤᠯᠢᠳᠠᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠬᠤᠪᠢᠰᠬᠠᠯᠲᠤ ᠡᠬᠢ ᠪᠠᠶᠠᠯᠢᠭ ᠢ ᠰᠠᠶᠢᠲᠤᠷ ᠬᠠᠮᠠᠭᠠᠯᠠᠨ ᠠᠰᠢᠭᠯᠠᠵᠤ᠂ ᠢ ᠮᠤᠩ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠤᠪᠢᠰᠬᠠᠯᠲᠤ ᠤᠳᠤᠮᠰᠢᠯ ᠢ ᠦᠶ᠎ᠡ ᠶᠢᠨ ᠦᠶ᠎ᠡ ᠳᠤ ᠤᠯᠠᠮᠵᠢᠯᠠᠬᠤ ᠶᠢ ᠠᠬᠢᠭᠤᠯᠬᠤ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠵᠦ᠂ ᠬᠤᠳᠠ ᠬᠥᠳᠡᠭᠡ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠬᠡᠪ ᠵᠠᠩᠰᠢᠯ ᠢ ᠥᠭᠡᠷᠡᠴᠢᠯᠡᠬᠦ ᠶᠢ ᠰᠠᠶᠢᠲᠤᠷ ᠠᠳᠬᠤᠵᠤ᠂ ᠤᠳᠤ ᠦᠶ᠎ᠡ ᠶᠢᠨ ᠪᠣᠯᠪᠠᠰᠤᠨ ᠤ ᠣᠶᠢᠯᠠᠭᠠᠭᠳᠠᠬᠤᠨ ᠢ ᠬᠥᠳᠡᠭᠡ ᠲᠣᠰᠬᠤᠨ ᠳᠤ ᠭᠦᠨ ᠦᠨᠳᠦᠰᠦᠯᠡᠭᠦᠯᠬᠦ ᠬᠡᠷᠡᠭᠲᠡᠢ᠃ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠰᠣᠶᠣᠯ ᠤᠨ ᠲᠣᠭᠠᠴᠢᠯᠠᠯᠲᠠ ᠶᠢ ᠶᠡᠭᠡ ᠪᠠᠷ ᠠᠬᠢᠭᠤᠯᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢᠶᠠᠷ ᠠᠵᠤ ᠠᠬᠤᠢ ᠶᠢᠨ ᠬᠥᠭᠵᠢᠯᠲᠡ ᠳᠤ ᠬᠥᠳᠡᠯᠭᠡᠭᠴᠢ ᠡᠨᠧᠷᠭᠢ ᠶᠢ ᠨᠡᠮᠡᠭᠳᠡᠭᠦᠯᠦᠨ ᠦᠷ᠎ᠡ ᠠᠰᠢᠭ ᠢ ᠨᠡᠮᠡᠭᠳᠡᠭᠦᠯᠵᠤ᠂ ᠵᠢᠭᠤᠯᠴᠢᠯᠠᠯ ᠰᠡᠯᠡᠭᠦᠴᠡᠯ ᠳᠤ ᠠᠭᠤᠯᠤᠭᠳᠠᠬᠤᠨ ᠢ ᠨᠡᠮᠡᠭᠳᠡᠭᠦᠯᠦᠨ ᠷᠢᠳᠢ ᠰᠢᠳᠢ ᠶᠢ ᠨᠡᠮᠡᠭᠳᠡᠭᠦᠯᠵᠤ᠂ ᠬᠤᠳᠠ ᠬᠥᠳᠡᠭᠡ ᠶᠢᠨ ᠨᠡᠶᠢᠭᠡᠮ ᠳᠤ ᠲᠥᠪ ᠰᠤᠷᠲᠠᠯ ᠢ ᠨᠡᠮᠡᠭᠳᠡᠭᠦᠯᠦᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃   ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠪᠦᠬᠦ ᠨᠠᠮ ᠤᠨ ᠬᠡᠪᠴᠢᠶᠡᠨ ᠳᠤ ᠥᠷᠨᠢᠭᠦᠯᠵᠦ ᠪᠠᠶᠢᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠮᠥᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠯᠠᠪᠳᠠᠭᠤᠨ ᠪᠠᠲᠤᠲᠠᠢ ᠠᠬᠢᠭᠤᠯᠵᠤ᠂ ᠡᠷᠬᠡᠪᠰᠢ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠢ᠃ ᠰᠡᠷᠡᠮᠵᠢᠯᠡᠭᠦᠯᠦᠯ ᠬᠥᠮᠦᠵᠢᠯ ᠢ ᠴᠢᠩᠭᠠᠳᠬᠠᠵᠤ᠂ ᠬᠡᠷᠡᠭ ᠤᠨ ᠵᠢᠰᠢᠶ᠎ᠠ ᠪᠠᠷ ᠰᠤᠷᠤᠯᠴᠠᠯᠭ᠎ᠠ ᠶᠢ ᠠᠬᠢᠭᠤᠯᠬᠤ᠂ ᠬᠡᠷᠡᠭ ᠤᠨ ᠵᠢᠰᠢᠶ᠎ᠠ ᠪᠠᠷ ᠰᠠᠬᠢᠯᠭ᠎ᠠ ᠪᠠᠲᠤ ᠶᠢ ᠲᠠᠶᠢᠯᠪᠤᠷᠢᠯᠠᠬᠤ ᠶᠢ ᠰᠠᠶᠢᠲᠤᠷ ᠠᠳᠬᠤᠵᠤ᠂ ᠰᠡᠳᠭᠢᠯ ᠳᠡᠭᠡᠨ ᠪᠢᠰᠢᠷᠡᠨ ᠵᠢᠷᠦᠬᠡᠰᠢᠶᠡᠬᠦ ᠪᠤᠳᠤᠯ ᠲᠠᠢ᠂ ᠴᠡᠭᠡᠷ ᠰᠠᠬᠢᠯ ᠲᠠᠢ ᠪᠠᠶᠢᠬᠤ ᠶᠢ ᠦᠨᠡᠨ ᠬᠦ ᠡᠳᠦᠷ ᠲᠤᠳᠤᠮ ᠤᠨ ᠤᠬᠠᠮᠰᠠᠷ ᠪᠣᠯᠭᠠᠬᠤ ᠬᠡᠷᠡᠭᠲᠡᠢ᠃ ᠨᠠᠮ ᠤᠨ ᠭᠡᠰᠢᠭᠦᠨ᠂ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠰᠠᠬᠢᠯᠭ᠎ᠠ ᠪᠠᠲᠤ ᠶᠢ ᠪᠦᠬᠦ ᠲᠠᠯ᠎ᠠ ᠪᠠᠷ ᠤᠢᠢᠯᠠᠭᠠᠨ ᠬᠡᠷᠡᠭᠵᠢᠭᠦᠯᠵᠦ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠭᠰᠠᠨ ᠤᠷᠢᠲᠠᠯ ᠳᠣᠣᠷ᠎ᠠ᠂ ᠰᠠᠨᠠᠭ᠎ᠠ ᠠᠮᠤᠷ ᠠᠵᠢᠯᠯᠠᠵᠤ᠂ ᠵᠣᠷᠢᠭᠲᠠᠢ ᠠᠵᠢᠯᠯᠠᠵᠤ᠂ ᠰᠡᠳᠭᠢᠯ ᠰᠢᠭᠤᠳᠤᠨ ᠡᠷᠡᠯᠬᠡᠭᠯᠡᠨ ᠤᠷᠤᠭᠰᠢᠯᠠᠵᠤ᠂ ᠢᠳᠡᠪᠬᠢᠲᠡᠢ ᠠᠵᠢᠯᠯᠠᠵᠤ᠂ ᠠᠷᠠᠳ ᠲᠦᠮᠡᠨ ᠢ ᠬᠥᠰᠡᠷᠳᠡᠭᠦᠯᠬᠦ ᠦᠭᠡᠢ᠂ ᠴᠠᠭ ᠦᠶ᠎ᠡ ᠶᠢ ᠬᠥᠰᠡᠷᠳᠡᠭᠦᠯᠬᠦ ᠦᠭᠡᠢ ᠠᠮᠵᠢᠯᠲᠠ ᠪᠦᠲᠦᠮᠵᠢ ᠡᠭᠦᠳᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠱᠠᠲᠤᠨ ᠤ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ ᠳᠤ ᠰᠠᠶᠢᠨ ᠰᠠᠶᠢᠬᠠᠨ ᠣᠷᠴᠢᠨ ᠨᠦᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠳᠤᠮᠳᠠ ᠪᠠᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ᠂ ᠭᠡᠷ ᠭᠠᠵᠠᠷ ᠤᠨ ᠬᠦᠷᠦᠩᠭᠡ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠠᠷᠢᠯᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠷᠢᠯᠢᠭ ᠨᠠᠶᠢᠳᠠᠪᠤᠷᠢᠵᠢᠭᠤᠯᠵᠤ᠂ ᠡᠭᠦᠰᠴᠦ ᠮᠡᠳᠡᠬᠦ ᠦᠶᠡᠷ ᠤᠰᠤᠲᠤᠯ ᠵᠡᠷᠭᠡ ᠭᠠᠮᠰᠢᠭ ᠢ ᠡᠷᠲᠡᠬᠡᠨ ᠰᠡᠷᠭᠡᠶᠢᠯᠡᠵᠦ᠂ ᠡᠯ᠎ᠡ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠤᠷᠢᠳᠴᠢᠯᠠᠨ ᠰᠡᠷᠭᠡᠶᠢᠯᠡᠬᠦ ᠶᠢ ᠦᠨᠡᠨ ᠬᠦ ᠪᠠᠲᠤᠯᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃   ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ ᠪᠠᠷ᠎ᠠ ᠪᠤᠯᠵᠤ ᠰᠢᠨᠵᠢᠯᠡᠨ ᠪᠠᠶᠢᠴᠠᠭᠠᠪᠠ᠃   ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃   5 ᠰᠠᠷ᠎ᠠ ᠶᠢᠨ 23 ᠤ ᠦᠳᠡ ᠶᠢᠨ ᠡᠮᠦᠨ᠎ᠡ᠂ ᠰᠢ ᠶᠢᠨ ᠫᠢᠩ ᠵᠢᠨᠠᠨ ᠳᠤ ᠰᠠᠭᠤᠭ᠎ᠠ ᠴᠡᠷᠢᠭ ᠠᠩᠬᠢ ᠶᠢᠨ ᠬᠤᠷᠠᠩᠳᠠ ᠠᠴᠠ ᠳᠡᠭᠡᠭᠰᠢᠬᠢ ᠤᠳᠤᠷᠢᠳᠬᠤ ᠺᠠᠳ᠋ᠷ ᠲᠠᠢ ᠵᠢᠨᠠᠨ ᠳᠤ ᠳᠣᠲᠣᠨᠣ ᠪᠠᠷ ᠠᠭᠤᠯᠵᠠᠵᠤ᠂ ᠨᠠᠮ ᠤᠨ ᠲᠥᠪ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠵᠢᠨᠠᠨ ᠳᠤ ᠰᠠᠭᠤᠭ᠎ᠠ ᠴᠡᠷᠢᠭ ᠠᠩᠬᠢ ᠶᠢᠨ ᠪᠦᠬᠦ ᠳᠠᠷᠤᠭ᠎ᠠ ᠪᠠᠶᠢᠯᠳᠤᠭᠴᠢᠳ ᠲᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠤᠯᠠᠨ ᠲᠠᠢ ᠬᠠᠮᠲᠤ ᠬᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠵᠠᠩ ᠶᠢᠦ ᠰᠢᠶᠠ ᠪᠠᠷ᠎ᠠ ᠪᠤᠯᠵᠦ ᠠᠭᠤᠯᠵᠠᠪᠠ᠃    ︵ᠰᠢᠨᠬᠤᠸᠠ ᠬᠤᠷᠢᠶ᠎ᠠ ᠶᠢᠨ ᠵᠢᠨᠠᠨ ᠤ 5 ᠰᠠᠷ᠎ᠠ ᠶᠢᠨ 24 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号