︽ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠥᠭᠦᠯᠡᠯᠲᠡ ᠶᠢᠨ ᠲᠡᠭᠦᠪᠦᠷᠢ︾ ᠶᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2024/5/27
   ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ︽ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠥᠭᠦᠯᠡᠯᠲᠡ ᠶᠢᠨ ᠲᠡᠭᠦᠪᠦᠷᠢ︾ ᠭᠡᠬᠦ ᠨᠣᠮ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠥᠬᠦ ᠤᠯᠤᠰ ᠲᠤ ᠲᠠᠷᠬᠠᠭᠠᠪᠠ᠃   ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠦᠨᠳᠦᠰᠦᠨ ᠠᠴᠠ ᠨᠢ ᠵᠠᠰᠠᠬᠤ ᠠᠷᠭ᠎ᠠ ᠪᠤᠳᠤᠯᠭ᠎ᠠ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠭᠤᠶᠢᠪᠢᠰᠢ ᠦᠭᠡᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠠᠮ ᠤᠨ ᠪᠠᠶᠢᠭᠤᠯᠤᠯᠲᠠ ᠶᠢᠨ ᠶᠡᠷᠦᠩᠬᠡᠢ ᠪᠠᠶᠢᠷᠢᠰᠢᠭᠤᠯᠤᠯᠲᠠ ᠳᠤ ᠣᠷᠣᠭᠤᠯᠤᠨ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠴᠢᠩᠭᠠᠳᠬᠠᠵᠤ᠂ ᠡᠯ᠎ᠡ ᠵᠦᠢᠯ ᠤᠨ ᠰᠠᠬᠢᠯᠭ᠎ᠠ ᠪᠠᠲᠤ ᠶᠢ ᠲᠠᠶᠢᠴᠢᠯᠠᠨ ᠪᠦᠬᠦ ᠲᠠᠯ᠎ᠠ ᠪᠠᠷ ᠴᠢᠩᠳᠠᠯᠠᠵᠤ᠂ ᠡᠴᠦᠰ ᠲᠤᠨᠢ ᠲᠤᠯᠲᠠᠯ᠎ᠠ ᠴᠢᠩᠳᠠᠯᠠᠵᠤ᠂ ᠰᠠᠬᠢᠯᠭ᠎ᠠ ᠪᠠᠲᠤ ᠶᠢ ᠬᠠᠤᠯᠢ ᠴᠠᠭᠠᠵᠠ ᠠᠴᠠ ᠴᠢᠩᠭ᠎ᠠ ᠪᠠᠶᠢᠯᠭᠠᠬᠤ᠂ ᠰᠠᠬᠢᠯᠭ᠎ᠠ ᠪᠠᠲᠤ ᠶᠢᠨ ᠭᠡᠷᠡᠭᠵᠢᠬᠦᠯᠦᠯᠳᠠ ᠬᠠᠤᠯᠢ ᠬᠡᠷᠡᠭᠵᠢᠭᠦᠯᠦᠯᠲᠡ ᠶᠢ ᠨᠡᠪᠲᠡᠷᠡᠭᠦᠯᠬᠦ ᠶᠢ ᠪᠠᠷᠢᠮᠲᠠᠯᠠᠵᠤ᠂ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠤᠨ ᠲᠦᠷᠦ ᠶᠢᠨ ᠪᠤᠳᠤᠯᠭ᠎ᠠ ᠠᠷᠭ᠎ᠠ ᠪᠤᠳᠤᠯᠭ᠎ᠠ ᠶᠢ ᠭᠦᠨᠵᠡᠭᠡᠶᠢᠷᠡᠭᠦᠯᠦᠨ ᠬᠡᠷᠡᠭᠯᠡᠵᠦ᠂ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠢ ᠢᠯᠡ ᠲᠣᠳᠣᠷᠬᠠᠢ ᠲᠣᠭᠲᠠᠭᠠᠨ ᠴᠢᠩᠳᠠᠯᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠲᠠᠯ᠎ᠠ ᠪᠠᠷ ᠬᠢ ᠠᠭᠤᠵᠢᠭᠤ ᠰᠤᠯᠠ ᠵᠥᠭᠡᠯᠡᠨ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠪᠠ᠃ ᠰᠢ ᠶᠢᠨ ᠫᠢᠩ ᠨᠥᠬᠦᠷ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠶᠢᠨ ᠲᠤᠭᠤᠷᠢᠨ ᠳᠤ ᠨᠡᠶᠢᠲᠡᠯᠡᠭᠰᠡᠨ ᠠᠯᠢ ᠤᠯᠠᠨ ᠴᠢᠬᠤᠯᠠ ᠥᠭᠦᠯᠡᠯᠲᠡ ᠨᠢ ᠤᠳᠭ᠎ᠠ ᠰᠠᠨᠠᠭ᠎ᠠ ᠭᠦᠨ᠂ ᠠᠭᠤᠯᠤᠭᠳᠠᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠭᠦᠨᠵᠡᠭᠡᠢ ᠪᠠᠶᠢᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠴᠢᠩᠭ᠎ᠠ ᠱᠠᠭᠠᠷᠳᠠᠯᠭ᠎ᠠ ᠶᠢ ᠨᠠᠮ ᠤᠨ ᠲᠣᠭᠲᠠᠭᠠᠯ ᠲᠣᠭᠲᠠᠭᠠᠬᠤ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠬᠢᠬᠦ᠂ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠦᠬᠦ ᠶᠠᠪᠤᠴᠠ ᠳᠤ ᠲᠤᠭᠤᠰᠢᠯᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠤᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠬᠦᠳᠦᠯᠦᠨ ᠵᠢᠯᠣᠭᠤᠳᠴᠤ᠂ ᠰᠠᠬᠢᠯᠭ᠎ᠠ ᠪᠠᠲᠤ ᠶᠣᠰᠣ ᠲᠦᠷᠢᠮ ᠢ ᠦᠨᠡᠨ ᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠪᠣᠯᠭᠠᠨ ᠬᠤᠪᠢᠷᠠᠭᠤᠯᠵᠤ᠂ ᠪᠦᠬᠦ ᠨᠠᠮ ᠤᠨ ᠬᠠᠷᠠᠯᠲᠠ ᠨᠢᠭᠡᠳᠦᠯᠲᠡᠢ᠂ ᠪᠦᠯᠬᠦᠮᠳᠡᠯ ᠨᠢᠭᠡᠳᠦᠯᠲᠡᠢ᠂ ᠠᠯᠬᠤᠮ ᠨᠢᠭᠡᠲᠡᠢ ᠪᠠᠶᠢᠬᠤ ᠶᠢ ᠦᠨᠡᠨ ᠬᠦ ᠪᠠᠲᠤᠯᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃   ︽ᠥᠭᠦᠯᠡᠯᠲᠡ ᠶᠢᠨ ᠲᠡᠭᠦᠪᠦᠷᠢ︾ ᠶᠢ 10 ᠲᠤᠰᠬᠠᠢ ᠰᠡᠳᠦᠪ ᠬᠤᠪᠢᠶᠠᠵᠤ᠂ ᠨᠡᠶᠢᠳᠡ 329 ᠬᠡᠰᠡᠭ ᠥᠭᠦᠯᠡᠯᠲᠡ ᠲᠠᠢ ᠪᠠᠶᠢᠵᠤ᠂ ᠰᠢ ᠶᠢᠨ ᠫᠢᠩ ᠨᠥᠬᠦᠷ ᠤᠨ 2012 ᠣᠨ ᠤ 11 ᠰᠠᠷ᠎ᠠ ᠠᠴᠠ 2024 ᠣᠨ ᠤ 4 ᠰᠠᠷ᠎ᠠ ᠪᠣᠯᠲᠠᠯᠠᠬᠢ ᠬᠤᠭᠤᠴᠠᠭᠠᠨ ᠤ ᠮᠡᠳᠡᠭᠦᠯᠦᠯᠲᠡ᠂ ᠶᠠᠷᠢᠶ᠎ᠠ᠂ ᠲᠣᠳᠣᠷᠬᠠᠶᠢᠯᠠᠯᠲᠠ᠂ ᠵᠣᠬᠢᠶᠠᠯ᠂ ᠵᠢᠭᠠᠪᠤᠷᠢ ᠵᠡᠷᠭᠡ 130 ᠭᠠᠷᠤᠢ ᠴᠢᠬᠤᠯᠠ ᠲᠤᠯᠭᠤᠷ ᠪᠢᠴᠢᠭ ᠠᠴᠠ ᠰᠣᠩᠭᠤᠵᠠᠢ᠃ ᠡᠭᠦᠨ ᠳᠤ ᠬᠡᠰᠡᠭ ᠥᠭᠦᠯᠡᠯᠲᠡ ᠶᠢ ᠨᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 26 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号