ᠤᠷᠳᠤ ᠬᠤᠭᠤᠴᠠᠭ᠎ᠠ ᠪᠠᠷ ᠺᠤᠮᠫᠢᠦ᠋ᠲ᠋ᠧᠷ ᠤᠨ ᠡᠮᠦᠨ᠎ᠡ ᠰᠠᠭᠤᠵᠤ ᠠᠵᠢᠯᠯᠠᠭᠰᠠᠳ ᠵᠢᠴᠢ ᠲᠠᠩᠰᠠ ᠡᠪᠬᠡᠮᠡᠯ ᠤᠨ | ᠠᠵᠢᠯ ᠬᠢᠭᠰᠡᠳ ᠦᠷᠭᠦᠯᠵᠢ ᠭᠤᠣᠯ ᠨᠢᠷᠤᠭᠤᠨ ᠤ ᠶᠠᠰᠤ ᠨᠢ ᠮᠡᠳᠡᠷᠡᠯ ᠢ ᠳᠠᠷᠤᠭᠰᠠᠨ ᠠᠴᠠ ᠪᠣᠯᠵᠤ ᠬᠥᠯ ᠨᠢᠷᠤᠭᠤ | ᠡᠪᠠᠳᠭᠦ ᠦᠵᠡᠭᠳᠡᠯ ᠵᠥᠩᠳᠡᠭᠡᠨ ᠭᠠᠷᠳᠠᠭ᠂ ᠡᠨᠡ ᠨᠢ ᠭᠡᠳᠦ ᠤᠳᠠᠭᠠᠨ ᠰᠠᠭᠤᠵᠤ ᠠᠵᠢᠯᠯᠠᠵᠤ ᠪᠠᠶᠢᠬᠤ ᠲᠠᠢ ᠰᠢᠭᠤᠳ | ᠬᠤᠯᠪᠤᠭ᠎ᠠ ᠲᠠᠢ ᠶᠤᠮ᠂ ᠢᠩᠭᠢᠵᠦ ᠭᠡᠳᠦ ᠤᠳᠠᠭᠠᠨ ᠰᠠᠭᠤᠬᠤ ᠨᠢ ᠪᠤᠯᠴᠢᠩ ᠤᠨ ᠠᠵᠢᠯᠯᠠᠭ᠎ᠠ ᠶᠢ ᠠᠮᠠᠷᠬᠠᠨ | ᠮᠠᠭᠤᠳᠠᠭᠤᠯᠬᠤ ᠪᠥᠭᠡᠳ ᠪᠤᠯᠴᠢᠩ ᠤᠨ ᠨᠡᠬᠡᠳᠡᠰᠦ ᠠᠪᠴᠢᠬᠤ ᠦᠵᠡᠭᠳᠡᠯ ᠢ ᠡᠭᠦᠰᠬᠡᠵᠦ ᠮᠡᠳᠡᠨ᠎ᠡ᠃ ᠤᠳᠠᠭᠠᠨ | ᠰᠠᠭᠤᠬᠤ ᠭᠡᠳᠡᠭ ᠨᠢ ᠬᠥᠮᠥᠰ ᠤᠷᠲᠤ ᠬᠤᠭᠤᠴᠠᠭ᠎ᠠ ᠪᠠᠷ ᠭᠦᠳᠡᠯᠭᠦ ᠦᠭᠡᠢ ᠰᠠᠭᠤᠬᠤ ᠶᠢ ᠵᠢᠭᠠᠵᠤ ᠪᠠᠶᠢᠨ᠎ᠠ᠂ | ᠦᠨᠡᠨ ᠳᠡᠭᠡᠨ ᠡᠨᠡ ᠨᠢ ᠬᠥᠮᠥᠨ ᠤ ᠪᠡᠶ᠎ᠡ ᠶᠢᠨ ᠬᠦᠵᠦᠭᠦᠦ ᠰᠡᠭᠡᠷ᠂ ᠨᠢᠷᠤᠭᠤ ᠶᠢᠨ ᠪᠤᠯᠴᠢᠩ ᠤᠨ ᠨᠡᠬᠡᠳᠡᠰᠦ ᠶᠢ | ᠭᠡᠮᠲᠦᠭᠡᠵᠦ᠂ ᠬᠡᠰᠡᠭ ᠭᠠᠵᠠᠷ ᠤᠨ ᠶᠠᠳᠠᠷᠠᠯ ᠢ ᠡᠭᠦᠰᠬᠡᠳᠡᠭ᠃ ᠨᠡᠩ ᠴᠦ ᠤᠳᠠᠭᠠᠨ ᠰᠠᠭᠤᠬᠤ ᠨᠢ ᠪᠠᠰᠠ ᠦᠮᠡᠨ | ᠡᠪᠡᠳᠴᠢᠨ᠂ ᠰᠢᠬᠢᠷ ᠰᠢᠵᠢᠩ ᠡᠪᠡᠳᠴᠢᠨ ᠪᠣᠯᠣᠨ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ | ᠨᠤᠷᠮ᠎ᠠ ᠶᠢ ᠵᠣᠬᠢᠬᠤ ᠬᠡᠮᠵᠢᠶ᠎ᠡ ᠪᠠᠷ ᠲᠡᠭᠡᠭᠰᠢᠯᠡᠭᠦᠯᠤᠨ᠎ᠠ ᠭᠡᠵᠦ ᠰᠤᠳᠤᠯᠭᠠᠲᠠᠳ ᠰᠠᠨᠠᠭᠤᠯᠵᠤ ᠪᠤᠢ᠃ ᠡᠶᠢᠮᠦ ᠠᠴᠠ | ᠵᠠᠯᠠᠭᠤᠴᠤᠳ ᠭᠡᠰᠡᠨ ᠴᠤ᠂ ᠨᠠᠰᠤᠲᠠᠶᠢᠴᠤᠳ ᠭᠡᠰᠡᠨ ᠴᠤ᠂ ᠤᠳᠠᠭᠠᠨ ᠰᠠᠭᠤᠭᠰᠠᠨ ᠤ ᠳᠠᠷᠠᠭ᠎ᠠ | ᠰᠠᠨᠠᠭᠠᠴᠢᠯᠠᠭ᠎ᠠ ᠲᠠᠢ ᠪᠠᠷ ᠪᠣᠰᠴᠤ ᠰᠡᠯᠡᠭᠦᠴᠡᠨ ᠠᠯᠬᠤᠵᠤ᠂ ᠳᠦᠷᠪᠡᠨ ᠮᠥᠴᠢ ᠪᠠᠨ ᠬᠥᠳᠡᠯᠭᠡᠪᠡᠯ ᠰᠠᠶ᠋ᠢ ᠴᠢᠰᠤᠨ ᠤ | ᠡᠷᠭᠢᠯᠲᠡ ᠶᠢ ᠰᠠᠶᠢᠵᠢᠷᠠᠭᠤᠯᠵᠤ᠂ ᠪᠤᠯᠴᠢᠩ ᠤᠨ ᠪᠣᠯᠪᠠᠰᠤᠷᠠᠯ ᠢ ᠴᠢᠩᠭᠠᠳᠬᠠᠵᠤ ᠴᠢᠳᠠᠨ᠎ᠠ᠃ ᠲᠤᠰᠬᠠᠢ | ᠮᠡᠷᠭᠡᠵᠢᠯᠲᠡᠨ ᠤ ᠦᠵᠡᠬᠦ ᠪᠠᠷ᠂ ᠤᠳᠠᠭᠠᠨ ᠰᠠᠭᠤᠭᠠᠳ ᠭᠦᠳᠡᠯᠭᠦ ᠦᠭᠡᠢ᠂ ᠬᠡᠢ ᠴᠢᠰᠤ ᠨᠡᠪᠲᠡᠷᠡᠬᠦ ᠦᠭᠡᠢ᠂ ᠪᠤᠯᠴᠢᠩ | ᠰᠤᠯᠠᠷᠠᠬᠤ᠂ ᠳᠣᠣᠷᠠᠳᠤ ᠮᠥᠴᠢ ᠬᠠᠪᠤᠩᠨᠠᠬᠤ᠂ ᠲᠠᠮᠢᠷᠳᠠᠬᠤ ᠵᠡᠷᠭᠡ ᠨᠢ ᠪᠠᠰᠠ ᠶᠡᠭᠡ ᠲᠠᠷᠢᠬᠢᠨ ᠤ ᠴᠢᠰᠤᠨ ᠤ | ᠬᠠᠩᠭᠠᠯᠲᠠ ᠶᠢ ᠭᠦᠢᠴᠡᠳ ᠦᠭᠡᠢ ᠪᠤᠯᠭᠠᠵᠤ᠂ ᠲᠠᠷᠢᠬᠢ ᠶᠢ ᠭᠡᠮᠲᠦᠭᠡᠵᠦ᠂ ᠣᠶᠤᠨ ᠰᠠᠨᠠᠭᠠᠨ ᠤ ᠳᠠᠷᠤᠯᠲᠠ ᠶᠢ ᠪᠤᠢ | ᠪᠣᠯᠭᠠᠳᠠᠭ᠃ ᠲᠡᠭᠡᠪᠡᠯ ᠶᠠᠮᠠᠷ ᠶᠠᠮᠠᠷ ᠬᠥᠳᠡᠯᠭᠡᠭᠡᠨ ᠨᠢ ᠤᠳᠠᠭᠠᠨ ᠰᠠᠭᠤᠬᠤ ᠬᠥᠮᠥᠰ ᠲᠤ ᠲᠣᠬᠢᠷᠠᠬᠤ ᠪᠤᠶ⁈ | ᠴᠡᠭᠡᠵᠢ ᠲᠡᠨᠢᠢᠯᠭᠡᠬᠦ ᠬᠥᠳᠡᠯᠭᠡᠭᠡᠨ᠂ ᠭᠡᠳᠡᠶᠢᠭᠦ ᠬᠥᠳᠡᠯᠭᠡᠭᠡᠨ᠂ ᠡᠷᠡᠭᠦᠯ ᠮᠡᠨᠳᠦ ᠶᠢᠨ ᠲᠠᠮᠢᠷ᠂ ᠬᠦᠵᠦᠭᠦᠨ ᠤ ᠲᠠᠮᠢᠷ | ᠵᠡᠷᠭᠡ ᠶᠢ ᠳᠤᠷᠠᠳᠴᠤ ᠪᠣᠯᠣᠨ᠎ᠠ᠃ ᠦᠷᠭᠦᠯᠵᠢ ᠬᠦᠵᠦᠭᠦᠦ ᠪᠠᠨ ᠬᠥᠳᠡᠯᠭᠡᠪᠡᠯ᠂ ᠲᠠᠷᠢᠬᠢᠨ ᠳᠤ ᠴᠢᠰᠤ ᠬᠤᠷᠠᠬᠤ ᠪᠠ | ᠵᠢᠷᠦᠬᠡ ᠴᠢᠰᠤᠨ ᠰᠤᠳᠠᠯ ᠤᠨ ᠡᠪᠡᠳᠴᠢᠨ ᠢ ᠰᠡᠷᠭᠡᠶᠢᠯᠡᠵᠦ ᠪᠣᠯᠣᠨ᠎ᠠ᠂ ᠡᠨᠡ ᠬᠦ ᠬᠥᠳᠡᠯᠭᠡᠭᠡᠨ ᠢ ᠬᠢᠬᠦ ᠳᠤ ᠳᠥᠭᠦᠮ | ᠭᠢᠯᠪᠠᠷ᠂ ᠠᠵᠢᠯ ᠤᠨ ᠴᠠᠭ ᠲᠤ ᠴᠤ ᠬᠢᠵᠦ ᠪᠣᠯᠣᠨ᠎ᠠ᠃ ᠭᠡᠪᠡᠴᠦ ᠤᠷᠳᠤ ᠬᠤᠭᠤᠴᠠᠭ᠎ᠠ ᠪᠠᠷ ᠰᠠᠭᠤᠵᠤ | ᠠᠵᠢᠯᠯᠠᠭᠰᠠᠨ ᠠᠴᠠ ᠪᠣᠯᠵᠤ ᠨᠢᠷᠤᠭᠤ ᠡᠪᠠᠳᠭᠦ ᠪᠠᠶᠢᠳᠠᠯ ᠢᠯᠡᠷᠡᠪᠡᠯ᠂ ᠰᠣᠬᠤᠷ ᠪᠠᠯᠠᠢ ᠪᠠᠷ ᠳᠤᠷ᠎ᠠ ᠪᠠᠷ ᠢᠶᠠᠨ | ᠲᠠᠮᠢᠷ ᠤᠨ ᠬᠥᠳᠡᠯᠭᠡᠭᠡᠨ ᠬᠢᠵᠦ ᠪᠤᠯᠬᠤ ᠦᠭᠡᠢ᠂ ᠬᠠᠷᠢᠨ ᠡᠮᠴᠢ ᠠᠴᠠ ᠠᠰᠠᠭᠤᠵᠤ ᠯᠠᠪᠯᠠᠵᠤ ᠡᠮᠴᠢ ᠶᠢᠨ | ᠵᠢᠯᠣᠭᠤᠳᠤᠯᠭ᠎ᠠ ᠪᠠᠷ ᠲᠠᠮᠢᠷ ᠤᠨ ᠬᠥᠳᠡᠯᠭᠡᠭᠡᠨ ᠬᠢᠪᠡᠯ ᠰᠠᠶᠢᠨ᠃ ᠡᠩ ᠤᠨ ᠪᠠᠶᠢᠳᠠᠯ ᠳᠣᠣᠷ᠎ᠠ᠂ ᠥᠪᠡᠷ ᠤᠨ | ᠠᠮᠢᠳᠤᠷᠠᠯ ᠤᠨ ᠮᠠᠭᠤ ᠮᠠᠭᠤᠬᠠᠢ ᠳᠠᠳᠬᠠᠯ ᠢᠶᠠᠨ ᠬᠠᠯᠠᠨ ᠰᠠᠶᠢᠵᠢᠷᠠᠭᠤᠯᠵᠤ᠂ ᠪᠡᠶ᠎ᠡ ᠴᠣᠭᠴᠠ ᠶᠢᠨ ᠪᠠᠶᠢᠳᠠᠯ ᠢᠶᠠᠨ | ᠦᠨᠳᠦᠰᠦᠯᠡᠨ ᠨᠢᠷᠤᠭᠤ ᠪᠤᠯᠴᠢᠩ ᠤᠨ ᠬᠦᠴᠦᠯᠡᠬᠦ ᠴᠢᠨᠠᠷ ᠲᠠᠢ ᠪᠠ ᠲᠣᠭᠲᠠᠪᠤᠷᠢᠵᠢᠭᠤᠯᠬᠤ ᠴᠢᠨᠠᠷ ᠲᠠᠢ | ᠪᠣᠯᠪᠠᠰᠤᠷᠠᠯ ᠢ ᠬᠢᠵᠦ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠠᠲᠠᠵᠤ ᠰᠤᠩᠭᠠᠬᠤ ᠬᠥᠳᠡᠯᠭᠡᠭᠡᠨ ᠬᠢᠪᠡᠯ ᠵᠣᠬᠢᠨ᠎ᠠ | ᠃ ᠨᠢᠷᠤᠭᠤ ᠪᠤᠯᠴᠢᠩ ᠤᠨ ᠪᠣᠯᠪᠠᠰᠤᠷᠠᠯ ᠬᠢᠬᠦ ᠳᠡᠭᠡᠨ ᠬᠤᠶᠠᠷ ᠭᠠᠷ ᠢᠶᠠᠨ ᠰᠤᠩᠭᠠᠬᠤ᠂ ᠬᠥᠯ ᠢᠶᠠᠨ ᠠᠷᠤᠨᠰᠢ ᠪᠠᠨ | ᠵᠢᠭᠢᠭᠦ ᠵᠡᠷᠭᠡ ᠬᠥᠳᠡᠯᠭᠡᠭᠡᠨ ᠬᠢᠵᠦ ᠪᠣᠯᠣᠨ᠎ᠠ᠃ ᠴᠢᠳᠠᠬᠤ ᠶᠢᠨ ᠳᠣᠲᠣᠷ᠎ᠠ ᠠᠭᠠᠵᠢᠮ ᠬᠥᠳᠡᠯᠭᠡᠭᠡᠨ ᠬᠢᠵᠦ᠂ ᠴᠠᠭ ᠢ ᠨᠢ | ᠵᠣᠬᠢᠰᠲᠠᠢ ᠤᠷᠲᠤᠳᠬᠠᠪᠠᠯ ᠰᠠᠶᠢᠨ ; ᠨᠢᠷᠤᠭᠤ ᠮᠥᠷᠥ ᠪᠠᠨ ᠰᠤᠯᠠ ᠲᠠᠯᠪᠢᠵᠤ᠂ ᠠᠭᠠᠵᠢᠮ ᠠᠮᠢᠰᠬᠤᠵᠤ᠂ | ᠪᠡᠶ᠎ᠡ ᠶᠢᠨ ᠶᠠᠳᠠᠷᠠᠭ᠎ᠠ ᠪᠠᠨ ᠪᠠᠭᠠᠰᠬᠠᠨ᠎ᠠ ; ᠬᠡᠷᠡᠮ ᠨᠢᠭᠤᠷᠯᠠᠨ ᠵᠣᠭᠰᠣᠵᠤ᠂ ᠭᠠᠷ ᠢᠶᠠᠨ ᠵᠢᠭᠢᠯᠭᠡᠵᠦ᠂ ᠬᠡᠷᠡᠮ ᠢ | ᠲᠣᠭᠤᠷᠢᠭ ᠵᠢᠷᠤᠬᠤ ᠬᠥᠳᠡᠯᠭᠡᠭᠡᠨ ᠬᠢᠵᠦ ᠪᠣᠯᠣᠨ᠎ᠠ᠃ ᠮᠡᠳᠡᠭᠡᠵᠢ ᠪᠠᠷ᠂ ᠣᠳᠣᠬᠠᠨ ᠳᠤ ᠤᠯᠤᠰ ᠳᠠᠶᠠᠭᠠᠷ ᠪᠦᠭᠦ | ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠰᠠᠨᠠᠭᠠᠴᠢᠯᠠᠵᠤ ᠪᠤᠢ᠂ ᠡᠭᠦᠨ ᠳᠤ ᠭᠦᠶᠦᠭᠦ ᠪᠣᠯ ᠬᠠᠮᠤᠭ ᠤᠨ ᠭᠢᠯᠪᠠᠷᠬᠠᠨ | ᠦᠢᠯᠡᠳᠦᠯᠭᠡᠵᠢᠭᠦᠯᠬᠦ ᠬᠠᠮᠤᠭ ᠤᠨ ᠬᠦᠷᠢᠶᠡᠯᠡᠯ ᠲᠠᠢ ᠨᠢᠭᠡ ᠵᠦᠢᠯ ᠤᠨ ᠬᠥᠳᠡᠯᠭᠡᠭᠡᠨ ᠪᠣᠯᠣᠨ᠎ᠠ᠂ ᠪᠠᠰᠠ ᠴᠦ | ᠬᠠᠮᠤᠭ ᠤᠨ ᠳᠦᠭᠦᠮ ᠬᠠᠮᠤᠭ ᠤᠨ ᠪᠦᠲᠦᠮᠵᠢᠲᠡᠶ ᠬᠦᠴᠢᠯᠲᠥ᠋ᠷᠥᠭᠴᠢᠲᠦ ᠬᠥᠳᠡᠯᠭᠡᠭᠡᠨ ᠤ ᠨᠢᠭᠡ ᠮᠥᠨ᠃ ᠲᠡᠭᠦᠨ ᠤ | ᠦᠢᠯᠡᠳᠦᠯ ᠨᠢ ᠮᠠᠷᠢᠶ᠎ᠠ ᠰᠢᠭᠤᠷᠠᠭᠤᠯᠵᠤ᠂ ᠴᠢᠰᠤᠨ ᠤ ᠡᠷᠭᠢᠯᠲᠡ ᠶᠢ ᠲᠦᠷᠭᠡᠳᠬᠡᠵᠦ᠂ ᠰᠢᠨ᠎ᠡ ᠬᠠᠭᠤᠴᠢᠨ ᠤ | ᠰᠣᠯᠢᠯᠴᠠᠭ᠎ᠠ ᠶᠢ ᠠᠬᠢᠭᠤᠯᠵᠤ᠂ ᠵᠢᠷᠦᠬᠡ ᠴᠢᠰᠤᠨ ᠤ ᠰᠢᠰᠲ᠋ᠧᠮ ᠢ ᠨᠡᠩ ᠰᠠᠶᠢᠨ ᠬᠠᠮᠠᠭᠠᠯᠠᠵᠤ ᠴᠢᠳᠠᠬᠤ ᠪᠠᠷ ᠪᠠᠷᠠᠬᠤ | ᠦᠭᠡᠢ ᠪᠠᠰᠠ ᠤᠷᠳᠤ ᠬᠤᠭᠤᠴᠠᠭ᠎ᠠ ᠪᠠᠷ ᠤᠳᠠᠭᠠᠨ ᠰᠠᠭᠤᠬᠤ ᠠᠴᠠ ᠪᠣᠯᠤᠭᠰᠠᠨ ᠭᠡᠮ ᠠᠷᠬᠠᠭ ᠢ ᠵᠠᠰᠠᠵᠤ᠂ ᠪᠡᠶ᠎ᠡ | ᠮᠠᠬᠠᠪᠤᠳ ᠢ ᠰᠠᠶᠢᠵᠢᠷᠠᠭᠤᠯᠵᠤ ᠴᠢᠳᠠᠨ᠎ᠠ᠃ ᠶᠡᠷᠦᠩᠬᠡᠢ ᠳᠤᠨᠢ ᠦᠵᠡᠪᠡᠯ᠂ ᠤᠳᠠᠭᠠᠨ ᠰᠠᠭᠤᠵᠤ ᠠᠵᠢᠯᠯᠠᠵᠤ | ᠰᠤᠷᠤᠯᠴᠠᠬᠤ ᠬᠥᠮᠥᠰ ᠲᠤ ᠲᠣᠬᠢᠷᠠᠬᠤ ᠬᠥᠳᠡᠯᠭᠡᠭᠡᠨ ᠮᠠᠰᠢ ᠤᠯᠠᠨ ᠪᠤᠢ᠂ ᠥᠪᠡᠷ ᠤᠨ ᠳᠤᠷ᠎ᠠ ᠰᠣᠨᠢᠷᠬᠠᠯ ᠲᠠᠢ | ᠤᠷᠮ᠎ᠠ ᠪᠠᠭ᠋ᠠᠲᠠᠢ ᠬᠥᠳᠡᠯᠭᠡᠭᠡᠨ ᠤ ᠲᠦᠷᠦᠯ ᠢ ᠰᠣᠩᠭᠤᠵᠤ ᠤᠷᠳᠤ ᠬᠤᠭᠤᠴᠠᠭ᠎ᠠ ᠪᠠᠷ ᠪᠠᠷᠢᠮᠲᠠᠯᠠᠬᠤ ᠨᠢ ᠬᠠᠮᠤᠭ ᠤᠨ | ᠴᠢᠬᠤᠯᠠ᠃ |