ᠭᠡᠷ ᠲᠡᠭᠡᠨ ᠦᠷᠭᠦᠯᠵᠢ ᠰᠠᠯᠬᠢ ᠨᠡᠪᠲᠡᠷᠡᠭᠦᠯᠬᠦ ᠨᠢ ᠶᠠᠮᠠᠷ ᠰᠠᠶᠢᠨ ᠲᠠᠢ ᠪᠤᠢ︖
ᠨᠡᠶᠢᠲᠡᠯᠡᠭᠰᠡᠨ ᠴᠠᠭ᠄
2024/5/28
    ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠦᠨ ᠠᠭᠠᠷ ᠰᠣᠯᠢᠪᠠᠯ᠂ ᠭᠡᠷ ᠳᠣᠲᠣᠷᠠᠬᠢ ᠠᠭᠠᠷ ᠲᠠᠬᠢ ᠬᠤᠣᠷᠲᠠᠢ ᠬᠡᠢ ᠪᠡᠶᠡᠲᠦ ᠶᠢ ᠪᠦᠲᠦᠮᠵᠢᠲᠡᠶ ᠠᠷᠢᠯᠭᠠᠵᠤ᠂ ᠭᠡᠷ ᠳᠣᠲᠣᠷᠠᠬᠢ ᠠᠭᠠᠷ ᠢ ᠴᠡᠪᠡᠷᠰᠢᠭᠦᠯᠵᠦ ᠴᠢᠳᠠᠨ᠎ᠠ᠃ ᠭᠡᠷ ᠳᠣᠲᠣᠷᠠᠬᠢ ᠠᠭᠠᠷ ᠲᠠᠬᠢ ᠡᠪᠡᠳᠴᠢᠨ ᠤ ᠪᠠᠺᠲ᠋ᠧᠷᠢ ᠶᠢᠨ ᠠᠭᠤᠯᠤᠭᠳᠠᠴᠠ ᠶᠢ ᠶᠡᠭᠡ ᠪᠠᠷ ᠪᠠᠭᠠᠰᠬᠠᠵᠤ ᠴᠢᠳᠠᠨ᠎ᠠ᠃ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠦᠭᠰᠡᠨ ᠤ ᠲᠡᠷᠠᠭ᠎ᠠ᠂ ᠨᠡᠩ ᠤᠯᠡᠠ ᠨᠡᠷᠡᠨ ᠤ ᠭᠡᠷᠡᠯ ᠭᠡᠷ ᠳᠣᠲᠣᠷ᠎ᠠ ᠲᠤᠰᠴᠦ᠂ ᠰᠢᠯ ᠳᠤ ᠬᠠᠰᠢᠭᠳᠠᠭᠰᠠᠨ ᠬᠦᠷᠢᠨ ᠤ ᠭᠠᠳᠠᠨᠠᠬᠢ ᠲᠤᠶᠠᠭ᠎ᠠ ᠭᠡᠷ ᠳᠣᠲᠣᠷ᠎ᠠ ᠰᠢᠭᠤᠳ ᠣᠷᠣᠵᠤ᠂ ᠠᠷᠢᠭᠤᠳᠬᠠᠬᠤ ᠪᠠ ᠪᠠᠺᠲ᠋ᠧᠷᠢ ᠠᠯᠠᠬᠤ ᠦᠢᠯᠡᠳᠦᠯ ᠦᠵᠡᠭᠦᠯᠦᠨ᠎ᠡ᠃ ᠬᠦᠴᠢᠯᠲᠥ᠋ᠷᠥᠭᠴᠢ ᠶᠢᠨ ᠠᠭᠤᠯᠤᠭᠳᠠᠴᠠ ᠶᠢ ᠨᠡᠮᠡᠭᠳᠡᠭᠦᠯᠵᠦ᠂ ᠲᠠᠷᠢᠬᠢ ᠲᠣᠯᠣᠭᠠᠢ ᠰᠡᠷᠭᠦᠵᠦ᠂ ᠰᠡᠳᠬᠢᠯ ᠰᠠᠨᠠᠭ᠎ᠠ ᠲᠠᠭᠠᠯᠠᠮᠵᠢᠲᠠᠢ ᠪᠣᠯᠵᠤ᠂ ᠡᠷᠡᠭᠦᠯ ᠮᠡᠨᠳᠦ ᠳᠤ ᠠᠰᠢᠭᠲᠠᠢ ᠪᠠᠶᠢᠳᠠᠭ᠃ ᠭᠡᠷ ᠲᠤ ᠰᠠᠯᠬᠢ ᠨᠡᠪᠲᠡᠷᠡᠭᠦᠯᠬᠦ ᠬᠠᠮᠤᠭ ᠤᠨ ᠰᠠᠶᠢᠨ ᠴᠠᠭ ᠪᠣᠯ ᠥᠷᠯᠥᠭᠡ ᠪᠣᠰᠣᠭᠰᠠᠨ ᠤ ᠳᠠᠷᠠᠭᠠᠬᠢ ᠬᠤᠭᠤᠴᠠᠭ᠎ᠠ ᠪᠣᠯᠣᠨ᠎ᠠ᠂ ᠤᠴᠢᠷ ᠨᠢ ᠡᠨᠡ ᠦᠶᠡᠰ ᠣᠷᠣ ᠳᠡᠪᠢᠰᠬᠡᠷ ᠳᠡᠭᠡᠷᠡᠬᠢ ᠲᠣᠭᠤᠰᠣ ᠲᠣᠷᠳᠤᠭ ᠠᠭᠠᠷ ᠲᠤ ᠬᠥᠪᠥᠭᠡᠳ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠬᠦ ᠴᠢᠬᠤᠯᠠ ᠲᠠᠢ᠃ ᠡᠭᠦᠨ ᠠᠴᠠ ᠭᠠᠳᠠᠨ᠎ᠠ᠂ ᠬᠤᠭᠤᠯᠠ ᠬᠢᠬᠦ ᠦᠶᠡᠰ ᠲᠣᠭᠤᠭᠠᠨ ᠭᠡᠷ ᠲᠤ ᠶᠡᠭᠡ ᠬᠡᠮᠵᠢᠶᠡᠨ ᠤ ᠲᠣᠰᠣᠨ ᠤᠲᠤᠭ᠎ᠠ ᠭᠠᠷᠴᠤ᠂ ᠬᠦᠨᠳᠦ ᠨᠣᠴᠢᠲᠠᠢ ᠬᠤᠣᠷᠲᠤ ᠪᠣᠳᠠᠰ ᠬᠤᠯᠢᠯᠳᠤᠨ᠎ᠠ᠂ ᠡᠶᠢᠮᠦ ᠠᠴᠠ ᠬᠤᠭᠤᠯᠠ ᠬᠢᠬᠦ ᠦᠶᠡᠰ ᠤᠲᠤᠭ᠎ᠠ ᠰᠣᠷᠣᠬᠤ ᠮᠠᠰᠢᠨ ᠢᠶᠠᠨ ᠨᠡᠭᠡᠭᠡᠬᠦ ᠪᠠᠷ ᠪᠠᠷᠠᠬᠤ ᠦᠭᠡᠢ ᠪᠠᠰᠠ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠪᠡᠯ᠂ ᠬᠤᠣᠷᠲᠤ ᠬᠡᠢ ᠪᠡᠶᠡᠲᠦ ᠶᠢ ᠬᠤᠷᠳᠤᠨ ᠰᠠᠷᠨᠢᠭᠤᠯᠳᠠᠭ᠃ 
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号