︽ᠰᠢᠨ᠎ᠡ ᠴᠠᠭ ᠦᠶ᠎ᠡ ᠳᠤ ᠳᠤᠮᠳᠠ ᠣᠷᠣᠨ ᠤ ᠲᠦᠷᠭᠡᠨ ᠬᠥᠭᠵᠢᠨ ᠮᠠᠨᠳᠤᠬᠤ ᠶᠢ ᠠᠬᠢᠭᠤᠯᠬᠤ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠨᠦᠭᠦᠳ︾ ︽ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ | ᠲᠤᠯᠭᠠᠬᠤ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠢ ᠬᠢᠨᠠᠨ ᠵᠥᠪᠯᠡᠪᠡ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 5 ᠰᠠᠷ᠎ᠠ ᠶᠢᠨ 27 ᠤ ᠡᠳᠦᠷ ᠬᠤᠷᠠᠯ ᠬᠤᠷᠠᠯᠳᠤᠭᠤᠯᠵᠤ᠂ | ︽ᠰᠢᠨ᠎ᠡ ᠴᠠᠭ ᠦᠶ᠎ᠡ ᠳᠤ ᠳᠤᠮᠳᠠ ᠣᠷᠣᠨ ᠤ ᠲᠦᠷᠭᠡᠨ ᠬᠥᠭᠵᠢᠨ ᠮᠠᠨᠳᠤᠬᠤ ᠶᠢ ᠠᠬᠢᠭᠤᠯᠬᠤ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠨᠦᠭᠦᠳ︾᠂ ︽ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠬᠠᠷᠢᠭᠤᠴᠠᠯᠭ᠎ᠠ ᠲᠤᠯᠭᠠᠬᠤ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠢ ᠬᠢᠨᠠᠨ ᠵᠥᠪᠯᠡᠪᠡ᠃ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠠᠢ᠃ | ᠬᠤᠷᠠᠯ ᠠᠴᠠ᠂ ᠳᠤᠮᠳᠠ ᠣᠷᠣᠨ ᠤ ᠬᠥᠭᠵᠢᠨ ᠮᠠᠨᠳᠤᠬᠤ ᠶᠢ ᠠᠬᠢᠭᠤᠯᠬᠤ ᠪᠣᠯ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠰᠢᠢᠳᠪᠦᠷᠢ ᠮᠥᠨ᠃ | ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠤᠳᠤᠯᠭ᠎ᠠ ᠶᠢᠨ ᠵᠣᠷᠢᠯᠲᠠ ᠶᠢ ᠭᠦᠨᠵᠡᠭᠡᠢ ᠣᠶᠢᠯᠠᠭᠠᠵᠤ᠂ ᠳᠤᠮᠳᠠ ᠣᠷᠣᠨ ᠪᠤᠯ | ᠮᠠᠨ ᠤ ᠤᠯᠤᠰ ᠤᠨ ᠴᠢᠬᠤᠯᠠ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢᠨ᠂ ᠡᠨᠧᠷᠭᠢ ᠲᠦᠭᠦᠬᠡᠢ ᠮᠠᠲ᠋ᠧᠷᠢᠶᠠᠯ ᠤᠨ | ᠰᠠᠭᠤᠷᠢᠨ᠂ ᠤᠳᠤ ᠦᠶ᠎ᠡ ᠶᠢᠨ ᠲᠣᠨᠣᠭᠯᠠᠯ ᠦᠢᠯᠡᠳᠬᠦ ᠵᠢᠴᠢ ᠳᠡᠭᠡᠳᠦ ᠮᠡᠷᠭᠡᠵᠢᠯ ᠤᠨ ᠠᠵᠤ ᠦᠢᠯᠡᠰ ᠤᠨ ᠰᠠᠭᠤᠷᠢᠨ | ᠪᠣᠯᠤᠨ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠬᠦᠢᠰᠦ ᠪᠣᠯᠬᠤ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ | ᠢᠮᠠᠭᠲᠠ ᠴᠢᠩᠭ᠎ᠠ ᠡᠵᠡᠮᠳᠡᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠬᠦᠴᠦᠯᠡᠨ ᠠᠬᠢᠭᠤᠯᠵᠤ᠂ ᠳᠤᠮᠳᠠ | ᠣᠷᠣᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠴᠢᠬᠤᠯᠠ ᠶᠡᠭᠡ ᠰᠢᠨ᠎ᠡ ᠰᠢᠪᠲᠤᠯᠤᠯᠲᠠ ᠭᠠᠷᠭᠠᠬᠤ ᠶᠢ ᠠᠬᠢᠭᠤᠯᠬᠤ | ᠬᠡᠷᠡᠭᠲᠡᠢ ᠭᠡᠵᠤ ᠵᠢᠭᠠᠵᠤ ᠭᠠᠷᠭᠠᠵᠠᠢ᠃ | ᠬᠤᠷᠠᠯ ᠠᠴᠠ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠬᠢ ᠪᠠᠶᠠᠯᠢᠭ ᠲᠥᠪᠯᠡᠷᠡᠭᠰᠡᠨ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠪᠠᠷᠢᠮᠲᠠᠯᠠᠵᠤ᠂ ᠤᠤᠭᠠᠯ | ᠡᠭᠦᠳᠦᠯᠲᠡ ᠶᠢᠨ ᠴᠢᠨᠠᠷᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠴᠢᠩᠭᠠᠳᠬᠠᠬᠤ | ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠴᠢᠨᠠᠷ ᠪᠦᠭᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲᠤᠮ ᠢ ᠲᠦᠷᠭᠡᠳᠭᠡᠨ ᠪᠠᠶᠢᠭᠤᠯᠵᠤ᠂ ᠪᠣᠳᠠᠲᠤ ᠴᠣᠭᠴᠠ ᠶᠢᠨ | ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ | ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠲᠥᠯᠥᠪᠵᠢᠭᠦᠯᠦᠨ ᠪᠠᠶᠢᠷᠢᠰᠢᠭᠤᠯᠬᠤ | ᠬᠡᠷᠡᠭᠲᠡᠢ᠃ ᠣᠷᠣᠨ ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠣᠳᠣᠬᠢᠴᠢᠯᠠᠭᠰᠠᠨ ᠵᠠᠮ ᠬᠠᠷᠢᠯᠴᠠᠭᠠᠨ ᠤ ᠰᠠᠭᠤᠷᠢ | ᠲᠥᠬᠦᠭᠡᠷᠦᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠢᠬᠤᠯᠠ ᠡᠯᠧᠮᠧᠨ᠋ᠲ ᠤᠨ ᠥᠨᠳᠥᠷ ᠪᠦᠲᠦᠮᠵᠢᠲᠡᠢ | ᠴᠢᠯᠥᠭᠡᠲᠡᠢ ᠳᠥᠭᠦᠮ ᠳᠥᠲᠡ ᠭᠦᠢᠯᠭᠡᠭᠡ ᠶᠢ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠳᠤ | ᠨᠡᠩ ᠰᠠᠶᠢᠲᠤᠷ ᠠᠭᠤᠰᠤᠯᠴᠠᠬᠤ ᠬᠡᠷᠡᠭᠲᠡᠢ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠪᠣᠬᠢᠷᠲᠤᠯ ᠥᠬᠡᠶ | ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠵᠤᠬᠢᠴᠠᠭᠤᠯᠤᠨ ᠠᠬᠢᠭᠤᠯᠵᠤ᠂ ᠦᠵᠡᠰᠭᠦᠯᠡᠩᠲᠦ ᠰᠠᠶᠢᠬᠠᠨ ᠳᠤᠮᠳᠠ | ᠣᠷᠣᠨ ᠢ ᠲᠦᠷᠭᠡᠳᠭᠡᠨ ᠪᠥᠲᠥᠭᠡᠨ ᠪᠠᠶᠢᠭᠤᠯᠬᠤ ᠬᠡᠷᠡᠭᠲᠡᠶ᠃ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ | ᠪᠠᠷᠢᠮᠲᠠᠯᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ | ᠠᠬᠢᠭᠤᠯᠬᠤ ᠬᠡᠷᠡᠭᠲᠡᠢ᠃ ᠠᠮᠤ ᠪᠤᠳᠠᠭ᠎ᠠ ᠡᠨᠧᠷᠭᠢ ᠶᠢᠨ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠶᠡᠭᠡ ᠪᠠᠷ | ᠳᠡᠭᠡᠭᠰᠢᠯᠡᠭᠦᠯᠵᠦ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠬᠠᠷᠢᠯᠴᠠᠨ | ᠠᠬᠢᠭᠤᠯᠬᠤ ᠶᠢ ᠪᠡᠶᠡᠯᠡᠭᠦᠯᠬᠦ ᠬᠡᠷᠡᠭᠲᠡᠶ᠃ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ | ᠳᠤᠭᠤᠶᠢᠯᠠᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢ | ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠨᠠᠷᠢᠨ ᠲᠠᠩᠰᠠ ᠶᠢᠨ ᠬᠡᠯᠪᠡᠷᠢ ᠪᠠᠷ ᠨᠠᠶᠢᠳᠠᠪᠤᠷᠢᠵᠢᠭᠤᠯᠤᠯᠲᠠ ᠶᠢ ᠠᠬᠢᠭᠤᠯᠬᠤ | ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠱᠠᠨ ᠰᠢ᠂ | ᠠᠨᠾᠦ᠋ᠢ᠂ ᠵᠢᠶᠠᠩᠰᠢ᠂ ᠾᠧᠨᠠᠨ᠂ ᠬᠤᠪᠸᠢ᠂ ᠬᠤᠨᠠᠨ ᠵᠡᠷᠭᠡ ᠳᠤᠮᠳᠠ ᠣᠷᠣᠨ ᠤ ᠵᠢᠷᠭᠤᠭᠠᠨ ᠮᠤᠵᠢ ᠶᠢᠨ ᠬᠢᠨ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠬᠦᠴᠦᠨ ᠢ | ᠨᠢᠭᠲᠠᠷᠠᠭᠤᠯᠵᠤ᠂ ᠳᠤᠮᠳᠠ ᠣᠷᠣᠨ ᠤ ᠬᠥᠭᠵᠢᠨ ᠮᠠᠨᠳᠤᠭᠰᠠᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠨᠢ ᠤᠯᠤᠰ ᠤᠨ ᠠᠮᠤᠷ | ᠲᠦᠪᠰᠢᠨ᠂ ᠬᠥᠭᠵᠢᠯᠲᠡ ᠶᠢᠨ ᠪᠥᠬᠦ ᠲᠠᠯ᠎ᠠ᠂ ᠠᠷᠠᠳ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠲᠠᠢ | ᠬᠤᠯᠪᠣᠭᠳᠠᠵᠤ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠡᠷᠬᠡᠪᠰᠢ ᠳᠠᠪᠠᠭ᠋ᠤ ᠴᠢᠬᠤᠯᠠ ᠶᠡᠭᠡ ᠪᠣᠭᠤᠮᠲᠠ ᠪᠣᠯᠤᠨ᠎ᠠ | ᠃ ︽ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠲᠤᠯᠭᠠᠬᠤ ᠲᠣᠭᠲᠠᠭᠠᠯ ︵ | ᠲᠤᠷᠰᠢᠨ ᠬᠡᠷᠡᠭᠵᠢᠭᠦᠯᠬᠦ︶︾ ᠢ ᠲᠣᠭᠲᠠᠭᠠᠨ ᠨᠡᠶᠢᠲᠡᠯᠡᠭᠰᠡᠨ ᠨᠢ ᠮᠥᠩᠭᠦᠨ ᠭᠦᠢᠯᠭᠡᠭᠡᠨ ᠤ ᠬᠦᠷᠢᠶᠡᠨ ᠳᠤ ᠪᠥᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠨᠠᠭᠰᠢᠳᠠ ᠠᠬᠢᠭᠤᠯᠵᠤ᠂ ᠮᠥᠩᠭᠦᠨ ᠭᠦᠢᠯᠭᠡᠭᠡᠨ ᠤ | ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ | ᠮᠥᠩᠭᠦᠨ ᠭᠦᠢᠯᠭᠡᠭᠡᠨ ᠤ ᠬᠦᠷᠢᠶᠡᠨ ᠳᠠᠬᠢ ᠬᠠᠮᠢᠶ᠎ᠠ ᠪᠥᠬᠦᠶ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠮᠥᠩᠭᠦᠨ | ᠭᠦᠢᠯᠭᠡᠭᠡᠨ ᠤ ᠪᠠᠶᠢᠭᠤᠯᠤᠮᠵᠢ᠂ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠣᠷᠣᠨ | ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ᠂ ᠡᠯ᠎ᠡ | ᠱᠠᠲᠤᠨ ᠤ ᠤᠳᠤᠷᠢᠳᠬᠤ ᠺᠠᠳ᠋ᠷ ᠤᠨ ᠵᠥᠪ ᠠᠵᠢᠯ ᠤᠨ ᠠᠮᠵᠢᠯᠲᠠ ᠶᠢᠨ ᠦᠵᠡᠯᠲᠡ ᠲᠠᠢ ᠪᠣᠯᠬᠤ ᠶᠢ ᠱᠠᠯᠠᠪᠳᠠᠭᠤᠯᠵᠤ᠂ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ᠂ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠡᠯ᠎ᠡ | ᠵᠦᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ ᠪᠠᠶᠢᠭ᠎ᠠ ᠶᠠᠪᠤᠳᠠᠯ ᠪᠣᠯᠤᠨ᠎ᠠ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ︽ᠲᠣᠭᠲᠠᠭᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠵᠤ᠂ | ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠵᠣᠷᠢᠭᠲᠠᠶ ᠪᠠᠷ ᠨᠠᠷᠢᠨ ᠬᠢᠨᠠᠮᠠᠭᠠᠢ ᠬᠠᠲᠠᠭᠤ ᠲᠠᠢ ᠨᠢ | ᠬᠠᠯᠳᠠᠵᠤ᠂ ᠵᠣᠷᠢᠭᠲᠠᠶ ᠬᠠᠮᠢᠶᠠᠷᠴᠤ ᠵᠣᠷᠢᠭᠲᠠᠶ ᠴᠢᠩᠳᠠᠯᠠᠵᠤ᠂ ᠦᠨᠡᠨ ᠬᠠᠮᠢᠶᠠᠷᠴᠤ ᠦᠨᠡᠨ ᠴᠢᠩᠭ᠎ᠠ ᠪᠠᠶᠢᠯᠭᠠᠵᠤ᠂ | ᠬᠠᠷᠢᠭᠤᠴᠠᠯᠭ᠎ᠠ ᠠᠯᠳᠠᠪᠠᠯ ᠵᠠᠪᠠᠯ ᠲᠤᠯᠭᠠᠬᠤ᠂ ᠬᠠᠷᠢᠭᠤᠴᠠᠯᠭ᠎ᠠ ᠲᠤᠯᠭᠠᠬᠤ ᠳᠤ ᠵᠠᠪᠠᠯ ᠴᠢᠩᠭ᠎ᠠ ᠪᠠᠶᠢᠬᠤ ᠴᠢᠩᠭ᠎ᠠ | ᠳᠣᠬᠢᠶ᠎ᠠ ᠶᠢ ᠳᠠᠮᠵᠢᠭᠤᠯᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠦᠨᠡᠨ ᠬᠦ ︽ᠬᠤᠷᠴᠠ ᠰᠢᠳᠤ︾ ᠲᠠᠢ | ᠪᠠᠶᠢᠯᠭᠠᠬᠤ᠂ ᠥᠨᠴᠥᠭ ᠢᠷᠮᠡᠭ ᠲᠠᠢ ᠪᠠᠶᠢᠬᠤ ᠶᠢ ᠪᠡᠶᠡᠯᠡᠬᠦᠯᠵᠦ᠂ ᠴᠢᠩᠭ᠎ᠠ ᠪᠠᠶᠢᠬᠤ ᠦᠨᠳᠦᠰᠦᠨ ᠬᠥᠭ ᠠᠶᠠᠰ᠂ ᠴᠢᠩᠭ᠎ᠠ | ᠪᠠᠶᠢᠬᠤ ᠠᠷᠭ᠎ᠠ ᠬᠡᠮᠵᠢᠶ᠎ᠡ᠂ ᠴᠢᠩᠭ᠎ᠠ ᠪᠠᠶᠢᠬᠤ ᠠᠭᠤᠷ ᠠᠮᠢᠰᠬᠤᠯ ᠢ ᠮᠥᠩᠭᠦᠨ ᠭᠦᠢᠯᠭᠡᠭᠡᠨ ᠤ ᠬᠦᠷᠢᠶᠡᠨ ᠳᠤ ᠪᠣᠶ | ᠪᠣᠯᠭᠠᠬᠤ ᠶᠢᠨ ᠬᠠᠮᠲᠤ ᠣᠷᠳᠣ ᠬᠤᠭᠤᠴᠠᠭ᠎ᠠ ᠪᠠᠷ ᠪᠠᠷᠢᠮᠲᠠᠯᠠᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 27 ᠤ ᠴᠠᠬᠢᠯᠭᠠᠨ ᠮᠡᠳᠡᠭᠡ︶ | |