ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠦᠰᠦᠭ ᠵᠢᠷᠤᠵᠤ ᠨᠡᠶᠢᠲᠡᠯᠡᠪᠡ
ᠨᠡᠶᠢᠲᠡᠯᠡᠭᠰᠡᠨ ᠴᠠᠭ᠄
2024/5/29
   ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 28 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠦᠷᠦᠭᠦᠬᠡᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠦᠰᠦᠭ ᠵᠢᠷᠤᠵᠤ᠂ ︽ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠤ ᠰᠢᠳᠬᠡᠯ ᠥᠭᠬᠦ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ 2024 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠲᠦᠷᠢᠮ︾ ᠳᠤ ᠨᠡᠶᠢᠲᠡ 7 ᠪᠦᠯᠦᠭ 52 ᠵᠦᠢᠯ ᠪᠠᠶᠢᠵᠤ᠂ ᠭᠤᠣᠯᠳᠠᠭᠤ ᠳᠣᠣᠷᠠᠬᠢ ᠠᠭᠤᠯᠭ᠎ᠠ ᠶᠢ ᠲᠣᠭᠲᠠᠭᠠᠪᠠ᠃    ᠨᠢᠭᠡ ᠳᠤ ᠰᠢᠳᠬᠡᠯ ᠥᠭᠬᠦ ᠠᠵᠢᠯ ᠤᠨ ᠵᠠᠷᠴᠢᠮ ᠢ ᠲᠣᠳᠣᠷᠬᠠᠶᠢᠯᠠᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠳᠤ ᠰᠢᠳᠬᠡᠯ ᠥᠭᠬᠦ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠪᠠᠷᠢᠮᠲᠠᠯᠠᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠳᠤ ᠰᠢᠳᠬᠡᠯ ᠥᠭᠴᠦ᠂ ᠲᠥᠪ ᠭᠤᠣᠯᠴᠢ ᠡᠷᠬᠡ ᠲᠡᠭᠰᠢ ᠪᠠᠶᠢᠬᠤ ᠶᠢ ᠪᠠᠷᠢᠮᠲᠠᠯᠠᠨ᠂ ᠬᠠᠮᠲᠤ ᠪᠠᠷ ᠶᠠᠷᠢᠯᠴᠠᠨ ᠲᠣᠭᠲᠠᠭᠠᠨ᠎ᠠ︔ ᠠᠭᠤᠴᠢᠯᠠᠨ ᠰᠢᠳᠬᠡᠬᠦ ᠪᠠ ᠴᠢᠩᠭ᠎ᠠ ᠰᠢᠳᠬᠡᠬᠦ ᠶᠢ ᠤᠶᠠᠯᠳᠤᠭᠤᠯᠵᠤ᠂ ᠵᠠᠯᠬᠠᠭᠠᠨ ᠴᠡᠭᠡᠷᠯᠡᠭᠦᠯᠬᠦ ᠪᠠ ᠰᠤᠷᠭᠠᠨ ᠬᠥᠮᠦᠵᠢᠭᠦᠯᠬᠦ ᠶᠢ ᠤᠶᠠᠯᠳᠤᠭᠤᠯᠤᠨ᠎ᠠ︔ ᠬᠠᠤᠯᠢ ᠪᠠᠷ ᠵᠠᠰᠠᠬᠤ ᠵᠠᠷᠴᠢᠮ ᠢ ᠪᠠᠷᠢᠮᠲᠠᠯᠠᠵᠤ᠂ ᠪᠣᠳᠠᠲᠤ ᠶᠠᠪᠤᠳᠠᠯ ᠢᠶᠠᠷ ᠦᠨᠳᠦᠰᠦᠯᠡᠯ ᠪᠣᠯᠭᠠᠵᠤ᠂ ᠬᠠᠤᠯᠢ ᠴᠠᠭᠠᠵᠠ ᠪᠠᠷ ᠪᠠᠷᠢᠮᠵᠢᠶ᠎ᠠ ᠪᠣᠯᠭᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠵᠢᠴᠢ ᠬᠤᠯᠪᠣᠭᠳᠠᠯ ᠪᠦᠬᠦᠢ ᠬᠥᠮᠦᠰ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃    ᠬᠤᠶᠠᠷ ᠲᠤ᠂ ᠬᠡᠷᠡᠭᠯᠡᠬᠦ ᠡᠲᠡᠭᠡᠳ ᠤᠨ ᠬᠡᠪᠴᠢᠶ᠎ᠡ ᠶᠢ ᠲᠣᠳᠣᠷᠬᠠᠶᠢᠯᠠᠨ᠎ᠠ᠃ ᠬᠢᠨᠠᠨ ᠪᠠᠶᠢᠴᠠᠭᠠᠬᠤ ᠬᠠᠤᠯᠢ ᠶᠢ ᠬᠡᠷᠡᠭᠵᠢᠭᠦᠯᠬᠦ ᠳᠦᠷᠢᠮ ᠢ ᠦᠷᠭᠦᠯᠵᠢᠯᠡᠨ ᠬᠡᠷᠡᠭᠯᠡᠵᠦ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠢ ᠵᠠᠭᠠᠭᠯᠠᠨ ᠲᠣᠭᠲᠠᠭᠠᠬᠤ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠢ ᠲᠣᠮᠢᠯᠠᠵᠤ ᠪᠠᠭᠤᠯᠭᠠᠬᠤ ᠪᠠᠶᠢᠭᠤᠯᠭ᠎ᠠ᠂ ᠨᠢᠭᠡᠴᠡ ᠶᠢ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠠᠤᠯᠢ ᠠᠴᠠ ᠵᠥᠷᠢᠴᠡᠭᠰᠡᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ ᠭᠡᠵᠦ ᠲᠣᠭᠲᠠᠭᠠᠵᠠᠢ᠃ ᠬᠠᠤᠯᠢ ᠠᠴᠠ ᠵᠥᠷᠢᠴᠡᠭᠰᠡᠨ ᠮᠥᠩᠭᠦᠨ ᠭᠦᠢᠯᠭᠡᠭᠡᠨ᠂ ᠰᠣᠶᠣᠯ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠤ ᠬᠠᠷᠢᠭᠤᠴᠠᠯᠭ᠎ᠠ ᠨᠡᠬᠡᠮᠵᠢᠯᠡᠬᠦ ᠲᠤᠬᠠᠢ ᠠᠰᠲᠠᠭᠠᠨ ᠲᠣᠭᠲᠠᠭᠠᠯ ᠲᠠᠢ ᠪᠣᠯ ᠬᠠᠮᠲᠤ ᠳᠤᠨᠢ ᠬᠡᠷᠡᠭᠯᠡᠨ᠎ᠡ᠃    ᠭᠤᠷᠪᠠ ᠳᠤ ᠰᠢᠳᠬᠡᠯ ᠤᠨ ᠲᠥᠷᠥᠯ ᠵᠦᠢᠯ ᠵᠢᠴᠢ ᠲᠣᠬᠢᠷᠠᠭᠤᠯᠤᠨ ᠬᠡᠷᠡᠭᠯᠡᠬᠦ ᠶᠢ ᠵᠢᠷᠤᠮᠵᠢᠭᠤᠯᠬᠤ ᠬᠡᠷᠡᠭᠲᠡᠢ᠃ ᠠᠯᠪᠠᠨ ᠲᠤᠰᠢᠶᠠᠯᠲᠠᠳ ᠤᠨ ᠵᠠᠰᠠᠭ ᠤᠨ ᠶᠠᠪᠤᠳᠠᠯ ᠤᠨ ᠰᠢᠢᠳᠬᠡᠯ ᠬᠠᠤᠯᠢ ᠯᠤᠭ᠎ᠠ ᠵᠣᠯᠭᠠᠯᠳᠤᠭᠤᠯᠤᠨ ᠨᠢᠭᠡᠳᠦᠯᠲᠡᠢ ᠪᠠᠶᠢᠯᠭᠠᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠤ ᠰᠢᠳᠬᠡᠯ ᠥᠭᠬᠦ ᠲᠥᠷᠥᠯ ᠵᠦᠢᠯ ᠪᠣᠯᠤᠨ ᠬᠤᠭᠤᠴᠠᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠬᠡᠷᠡᠭᠲᠡᠢ᠃ ᠴᠢᠩᠭ᠎ᠠ ᠬᠠᠮᠢᠶᠠᠷᠬᠤ ᠪᠠ ᠭᠦᠨ ᠬᠠᠶᠢᠷᠠᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ︽ᠭᠤᠷᠪᠠ ᠶᠢ ᠢᠯᠭᠠᠬᠤ︾ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠥᠩᠭᠡᠨ ᠢᠶᠠᠷ ᠰᠢᠳᠬᠡᠬᠦ ᠪᠤᠶᠤ ᠰᠢᠳᠬᠡᠯ ᠢ ᠬᠥᠩᠭᠡᠷᠡᠭᠦᠯᠬᠦ ᠪᠠᠶᠢᠳᠠᠯ ᠪᠣᠯᠭᠠᠨ ᠬᠤᠪᠢᠷᠠᠭᠤᠯᠬᠤ ᠬᠡᠷᠡᠭᠲᠡᠢ᠃    ᠳᠥᠷᠪᠡ ᠳᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠠᠷᠢᠯᠢᠭᠵᠢᠭᠤᠯᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠠᠮᠠᠷᠬᠠᠨ ᠡᠭᠦᠰᠴᠦ ᠣᠯᠠᠨᠲᠠ ᠡᠭᠦᠰᠬᠦ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠪᠠᠨ ᠲᠤᠰᠢᠶᠠᠯᠲᠠᠨ ᠤ ᠵᠠᠰᠠᠭ ᠤᠨ ᠶᠠᠪᠤᠳᠠᠯ ᠤᠨ ᠰᠢᠢᠳᠬᠡᠯ ᠤᠨ ᠬᠠᠤᠯᠢ ᠶᠢᠨ ᠭᠤᠷᠪᠠᠳᠤᠭᠠᠷ ᠪᠦᠯᠦᠭ ᠲᠤ ᠲᠣᠭᠲᠠᠭᠠᠭᠰᠠᠨ ᠬᠤᠯᠪᠣᠭᠳᠠᠯ ᠪᠦᠬᠦᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠠᠴᠠ ᠵᠥᠷᠢᠴᠡᠭᠰᠡᠨ 51 ᠵᠦᠢᠯ ᠤᠨ ᠦᠢᠯᠡ ᠠᠵᠢᠯᠯᠠᠭ᠎ᠠ ᠪᠣᠯᠭᠠᠨ ᠪᠣᠳᠠᠲᠠᠢ ᠪᠠᠷ ᠪᠣᠯᠭᠠᠬᠤ ᠶᠢᠨ ᠬᠠᠮᠲᠤ ᠵᠣᠬᠢᠴᠠᠩᠭᠤᠢ ᠰᠢᠢᠳᠬᠡᠯ ᠢ ᠲᠣᠳᠣᠷᠬᠠᠢ ᠲᠣᠭᠲᠠᠭᠠᠪᠠ᠃    ᠲᠠᠪᠤ ᠳᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠤ ᠰᠢᠳᠬᠡᠯ ᠥᠭᠬᠦ ᠠᠵᠢᠯ ᠤᠨ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠰᠢᠳᠬᠡᠯ ᠥᠭᠬᠦ ᠳᠡᠰ ᠳᠠᠷᠠᠭᠠᠯᠠᠯ ᠵᠢᠴᠢ ᠳᠠᠬᠢᠨ ᠬᠢᠨᠠᠵᠤ ᠭᠤᠮᠣᠳᠠᠯ ᠲᠣᠭᠠᠴᠢᠬᠤ᠂ ᠵᠠᠯᠠᠷᠠᠭᠤᠯᠬᠤ ᠵᠡᠷᠭᠡ ᠳᠦᠷᠢᠮ ᠢ ᠴᠢᠩᠭ᠎ᠠ ᠵᠢᠷᠤᠮᠵᠢᠭᠤᠯᠵᠤ ᠂ ᠬᠠᠮᠢᠶ᠎ᠠ ᠪᠦᠬᠦᠢ ᠬᠥᠮᠦᠰ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ᠃ ᠰᠢᠳᠬᠡᠯ ᠥᠭᠬᠦ ᠠᠵᠢᠯᠯᠠᠭ᠎ᠠ ᠳᠤᠮᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠣᠬᠢᠬᠤ ᠬᠠᠤᠯᠢ ᠶᠢᠨ ᠬᠠᠷᠢᠭᠤᠴᠠᠯᠭ᠎ᠠ ᠲᠣᠭᠲᠠᠭᠠᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号