ᠰᠢ ᠶᠢᠨ ᠫᠢᠩ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠲᠥᠯᠥᠭᠡᠯᠡᠭᠴᠢᠳ ᠲᠠᠢ ᠠᠭᠤᠯᠵᠠᠪᠠ
ᠨᠡᠶᠢᠲᠡᠯᠡᠭᠰᠡᠨ ᠴᠠᠭ᠄
2024/5/30
   ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠯᠢ ᠰᠢ ᠠᠭᠤᠯᠵᠠᠯᠲᠠ ᠳᠤ ᠣᠷᠣᠯᠴᠠᠵᠠᠢᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 28 ᠤ ᠦᠳᠡ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠲᠡᠳᠡᠨ ᠳᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠵᠦ᠂ ᠪᠥᠬᠦ ᠤᠯᠤᠰ ᠤᠨ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠶᠢ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠬᠦᠴᠦᠯᠡᠨ ᠠᠬᠢᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠭᠡᠷᠡᠶ ᠭᠡᠵᠦ ᠵᠣᠷᠢᠭᠵᠢᠭᠤᠯᠪᠠ᠃
965.png
   ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ᠂ ᠼᠠᠢ ᠴᠢ ᠂ ᠳ᠋ᠢᠩ ᠰᠢᠤᠸᠠᠢ ᠰᠢᠶᠠᠩ᠂ ᠯᠢ ᠰᠢ ᠠᠭᠤᠯᠵᠠᠯᠲᠠ ᠳᠤ ᠣᠷᠣᠯᠴᠠᠵᠠᠢ᠃   ᠦᠳᠡ ᠶᠢᠨ ᠬᠤᠶᠢᠨᠠᠬᠢ 4 ᠴᠠᠭ ᠲᠤ᠂ ᠰᠢ ᠶᠢᠨ ᠫᠢᠩ ᠨᠡᠷ ᠠᠷᠠᠳ ᠤᠨ ᠶᠡᠭᠡ ᠬᠤᠷᠠᠯ ᠤᠨ ᠲᠠᠩᠬᠢᠮ ᠤᠨ ᠪᠠᠷᠠᠭᠤᠨ ᠶᠡᠭᠡ ᠲᠢᠩᠬᠢᠮ ᠳᠤ ᠬᠦᠷᠬᠦ ᠳᠤ ᠳᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠳᠠᠰᠢᠪᠠ᠃ ᠰᠢ ᠶᠢᠨ ᠫᠢᠩ ᠨᠡᠷ ᠲᠥᠯᠥᠭᠡᠯᠡᠭᠴᠢᠳ ᠤᠨ ᠳᠤᠮᠳᠠ ᠬᠦᠷᠴᠦ᠂ ᠤᠯᠠᠨ ᠲᠠᠢ ᠳᠣᠲᠣᠨᠣ ᠪᠠᠷ ᠭᠠᠷ ᠠᠳᠬᠤᠵᠤ᠂ ᠪᠠᠶᠢᠨ ᠪᠠᠶᠢᠨ ᠶᠠᠷᠢᠯᠴᠠᠵᠤ᠂ ᠬᠠᠮᠲᠤ ᠬᠡᠷᠡᠯ ᠵᠢᠷᠤᠭ ᠲᠠᠲᠠᠭᠤᠯᠤᠨ ᠳᠤᠷᠠᠰᠬᠠᠯ ᠦᠯᠡᠳᠡᠭᠡᠪᠡ᠃   ᠴᠧᠨ ᠸᠧᠨ ᠴᠢᠩ ᠠᠭᠤᠯᠵᠠᠯᠲᠠ ᠳᠤ ᠣᠷᠣᠯᠴᠠᠭᠰᠠᠨ ᠪᠥᠭᠡᠳ 29 ᠤ ᠦᠳᠡ ᠶᠢᠨ ᠡᠮᠦᠨ᠎ᠡ ᠬᠤᠷᠠᠯᠳᠤᠭᠰᠠᠨ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠲᠡᠷᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠠᠶᠠᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠤᠷᠤᠭᠰᠢᠯᠠᠬᠤ ᠴᠢᠭᠯᠡᠯ ᠢ ᠪᠠᠲᠤ ᠡᠵᠡᠮᠳᠡᠬᠦ ᠬᠡᠷᠡᠭᠲᠡᠢ︔ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠪᠠᠲᠤ ᠴᠢᠩᠭ᠎ᠠ ᠳᠣᠲᠣᠭᠠᠳᠤ ᠶᠢ ᠬᠠᠮᠠᠭᠠᠯᠠᠬᠤ ᠲᠡᠮᠦᠷ ᠴᠡᠷᠢᠭ ᠢ ᠬᠦᠴᠦᠯᠡᠨ ᠳᠠᠪᠲᠠᠨ ᠪᠣᠯᠪᠠᠰᠤᠷᠠᠭᠤᠯᠬᠤ ᠬᠡᠷᠡᠭᠲᠡᠢ︔ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ᠪᠥᠬᠦ ᠬᠦᠴᠦᠨ ᠢᠶᠠᠷ ᠢᠶᠠᠨ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠮᠤᠷ ᠲᠦᠪᠰᠢᠨ ᠢ ᠪᠠᠲᠤᠯᠠᠵᠤ᠂ ᠲᠣᠭᠲᠠᠭᠤᠨ ᠢ ᠬᠠᠮᠠᠭᠠᠯᠠᠵᠤ᠂ ᠬᠥᠭᠵᠢᠯᠲᠡ ᠶᠢ ᠠᠬᠢᠭᠤᠯᠬᠤ ᠬᠡᠷᠡᠭᠲᠡᠶ︔ ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠠᠤᠯᠢ ᠬᠡᠷᠡᠭᠵᠢᠭᠦᠯᠬᠦ ᠶᠠᠰᠤ ᠴᠢᠨᠠᠷ᠂ ᠦᠷ᠎ᠡ ᠪᠦᠲᠦᠮᠵᠢ ᠪᠠ ᠬᠠᠤᠯᠢ ᠬᠡᠷᠡᠭᠵᠢᠭᠦᠯᠦᠯᠲᠡ ᠶᠢᠨ ᠤᠯᠠᠨ ᠨᠡᠶᠢᠳᠡ ᠶᠢ ᠢᠲᠡᠭᠡᠭᠦᠯᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠢ︔ ᠥᠭᠡᠷᠡᠴᠢᠯᠡᠯᠲᠡ ᠬᠢᠵᠦ ᠴᠠᠭᠳᠠᠭ᠎ᠠ ᠶᠢ ᠬᠦᠴᠦᠷᠬᠡᠭᠵᠢᠭᠦᠯᠬᠦ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃   ᠯᠢ ᠭᠠᠨ ᠵᠢᠶᠧ᠂ ᠡᠤ ᠵᠧᠩ ᠯᠦᠩ ᠠᠭᠤᠯᠵᠠᠯᠲᠠ ᠳᠤ ᠣᠷᠣᠯᠴᠠᠵᠤ᠂ ᠸᠠᠩ ᠰᠢᠶᠤᠤ ᠬᠤᠩ ᠠᠭᠤᠯᠵᠠᠯᠲᠠ ᠳᠤ ᠣᠷᠣᠯᠴᠠᠭᠰᠠᠨ ᠪᠥᠭᠡᠳ ᠬᠤᠷᠠᠯ ᠢ ᠡᠷᠭᠢᠯᠡᠪᠡ᠃   ᠡᠯ᠎ᠡ ᠮᠤᠵᠢ ᠣᠷᠣᠨ ᠬᠤᠲᠠ ᠪᠣᠯᠤᠨ ᠲᠦᠯᠦᠪᠯᠡᠭᠡ ᠳᠤ ᠲᠤᠰᠠᠭᠠᠷ ᠵᠢᠭᠰᠠᠭᠠᠭᠰᠠᠨ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠡᠯ᠎ᠡ ᠮᠤᠵᠢ ᠶᠢᠨ ᠲᠥᠪ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ ︵ᠲᠣᠪᠴᠢᠶ᠎ᠠ︶ ᠤᠨ ᠭᠤᠣᠯ ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ    ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 29 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号