ᠰᠢ ᠶᠢᠨ ᠫᠢᠩ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠦᠳᠦᠭᠡᠨ ᠪᠠᠶᠢᠭᠤᠯᠤᠯᠲᠠ ᠶᠢ ᠴᠢᠨᠠᠭᠰᠢᠳᠠ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ — ᠦᠷᠭᠦᠯᠵᠢᠯᠡᠨ ᠬᠦᠴᠦᠯᠡᠵᠦ ᠤᠳᠠᠭᠠᠨ ᠲᠠᠭᠠᠭᠠᠮᠠᠭᠠᠢ ᠪᠠᠷ ᠵᠢᠳᠬᠦᠨ ᠴᠢᠷᠮᠠᠶᠢᠵᠤ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ ︾ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/5/30
   ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠷᠴᠢᠮ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠦᠳᠦᠭᠡᠨ ᠪᠠᠶᠢᠭᠤᠯᠤᠯᠲᠠ ᠶᠢ ᠴᠢᠨᠠᠭᠰᠢᠳᠠ ᠰᠠᠶᠢᠲᠤᠷ ᠬᠢᠬᠦ ᠲᠤᠬᠠᠶ ᠴᠢᠬᠤᠯᠠ ᠵᠢᠭᠠᠪᠤᠷᠢ ᠦᠭᠴᠦ᠂ ᠣᠶᠢᠷ᠎ᠠ ᠶᠢᠨ ᠵᠢᠯ ᠠᠴᠠ ᠨᠠᠭᠠᠰᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠡᠯ᠎ᠡ ᠭᠠᠵᠠᠷ ᠣᠷᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠨ᠂ ᠬᠦᠴᠢᠷ ᠢ ᠲᠤᠭᠤᠯᠤᠨ ᠪᠡᠷᠭᠡ ᠶᠢ ᠳᠠᠪᠠᠵᠤ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾   ᠤᠨ ᠪᠦᠳᠦᠭᠡᠨ ᠪᠠᠶᠢᠭᠤᠯᠤᠯᠲᠠ ᠢᠯᠡᠳᠲᠡ ᠠᠮᠵᠢᠯᠲᠠ ᠪᠦᠲᠦᠮᠵᠢ ᠣᠯᠵᠤ᠂ ᠲᠠᠷᠢᠶᠠᠴᠢᠨ ᠲᠦᠮᠡᠨ ᠤ ᠬᠦᠷᠳᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠲᠠᠰᠤᠷᠠᠯᠲᠠ ᠦᠭᠡᠶ ᠨᠡᠮᠡᠭᠳᠡᠵᠦ᠂ ᠬᠥᠳᠡᠭᠡ ᠲᠣᠰᠬᠤᠨ ᠤ ᠵᠠᠰᠠᠮᠠᠯ ᠵᠠᠮ ᠨᠢ ᠠᠷᠠᠳ ᠣᠯᠠᠨ ᠤ ᠪᠠᠶᠠᠵᠢᠯ ᠤᠨ ᠵᠠᠮ᠂ ᠵᠢᠷᠭᠠᠯ ᠤᠨ ᠵᠠᠮ᠂ ᠰᠡᠳᠬᠢᠯ ᠢ ᠬᠤᠯᠪᠤᠬᠰᠠᠨ ᠵᠠᠮ᠂ ᠮᠠᠨᠳᠤᠯ ᠤᠨ ᠵᠠᠮ ᠪᠤᠯᠵᠠᠢ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠦᠷᠭᠦᠯᠵᠢᠯᠡᠨ ᠬᠦᠴᠦᠯᠡᠵᠦ᠂ ᠤᠳᠠᠭᠠᠨ ᠲᠠᠭᠠᠭᠠᠮᠠᠭᠠᠢ ᠪᠠᠷ ᠵᠢᠳᠬᠦᠨ ᠴᠢᠷᠮᠠᠶᠢᠵᠤ᠂ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠤᠯᠠᠮ ᠲᠡᠭᠦᠯᠳᠡᠷᠵᠢᠭᠦᠯᠵᠦ᠂ ᠵᠠᠰᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠨᠢᠭᠡ ᠡᠭᠡᠯᠵᠢ ᠶᠢᠨ ᠬᠥᠳᠡᠭᠡ ᠲᠣᠰᠬᠤᠨ ᠤ ᠵᠠᠰᠠᠮᠠᠯ ᠵᠠᠮ ᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠣᠷᠣᠰᠢᠨ ᠰᠠᠭᠤᠷᠢᠰᠢᠵᠦ ᠦᠢᠯᠡᠰ ᠪᠤᠰᠬᠠᠬᠤ ᠳᠤ ᠲᠣᠬᠢᠷᠠᠮᠵᠢᠲᠠᠢ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠲᠠᠷᠢᠶᠠᠴᠢᠨ᠂ ᠬᠥᠳᠡᠭᠡ ᠲᠣᠰᠬᠤᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠠᠯᠬᠤᠮ ᠢ ᠲᠦᠷᠭᠡᠳᠭᠡᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠴᠢᠩᠭ᠎ᠠ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃   2024 ᠣᠨ ᠤ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠶᠢᠨ ᠲᠠᠯᠠᠪᠠᠢ ᠶᠢᠨ ᠬᠤᠷᠠᠯ 29 ᠤ ᠡᠳᠦᠷ ᠵᠧᠵᠢᠶᠠᠩ ᠤᠨ ᠱᠣᠤ ᠰᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠾᠧ ᠯᠢ ᠹᠧᠩ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠪᠠ᠃ ᠾᠧ ᠯᠢ ᠹᠧᠩ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠰᠢᠨ᠎ᠡ ᠴᠠᠭ ᠦᠶ᠎ᠡ ᠰᠢᠨ᠎ᠡ ᠠᠶᠠᠨ ᠳᠠᠬᠢ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠶ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠢᠭᠤᠴᠠᠯᠭᠠᠲᠤ ᠰᠡᠳᠭᠢᠯᠭᠡ ᠲᠤᠯᠭᠠᠮ ᠪᠣᠳᠣᠯ ᠢᠶᠠᠨ ᠦᠨᠡᠨ ᠬᠦ ᠴᠢᠩᠭᠠᠳᠬᠠᠨ᠂ ᠣᠶᠢᠷ᠎ᠠ ᠶᠢᠨ ᠪᠠ ᠳᠤᠮᠳᠠ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠣᠪᠤᠶᠢᠮ᠎ᠠ ᠰᠠᠶᠢᠲᠤᠷ ᠠᠳᠬᠤᠵᠤ᠂ ᠵᠠᠮ ᠤᠨ ᠲᠤᠤᠷ ᠤᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠬᠠᠮᠢᠶᠠᠷᠴᠤ ᠠᠷᠠᠴᠢᠯᠠᠨ ᠬᠠᠮᠠᠭᠠᠯᠠᠬᠤ ᠶᠢ ᠴᠢᠩᠭᠠᠳᠬᠠᠨ᠂ ᠡᠵᠡᠩᠨᠡᠯᠲᠡ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠵᠠᠮ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠦᠷᠭᠦᠯᠵᠢᠯᠡᠨ ᠬᠦᠴᠦᠯᠡᠵᠦ᠂ ᠤᠳᠠᠭᠠᠨ ᠲᠠᠭᠠᠭᠠᠮᠠᠭᠠᠢ ᠪᠠᠷ ᠵᠢᠳᠬᠦᠨ ᠴᠢᠷᠮᠠᠶᠢᠵᠤ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠠᠵᠢᠯ ᠢ ᠰᠠᠶᠢᠲᠤᠷ ᠬᠢᠬᠦ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃   ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠰᠣᠶᠣᠯ ᠪᠠ ᠵᠢᠭᠤᠯᠴᠢᠯᠠᠯ ᠤᠨ ᠶᠠᠮᠤᠨ᠂ ᠵᠧᠵᠢᠶᠠᠩ ᠮᠤᠵᠢ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ᠂ ᠹᠦᠵᠢᠶᠠᠨ ᠮᠤᠵᠢ᠂ ᠭᠦᠢᠵᠧᠦ ᠮᠤᠵᠢ᠂ ᠬᠤᠨᠠᠨ ᠮᠤᠵᠢ᠂ ᠭᠠᠨᠰᠦ ᠮᠤᠵᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号