ᠰᠢ ᠶᠢᠨ ᠫᠢᠩ ᠳᠤᠮᠳᠠᠳᠤ ᠠᠷᠠᠪ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠠᠷᠪᠠᠳᠤᠭᠠᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠭᠤᠣᠯ ᠵᠤᠷᠢᠯᠳᠠᠳᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2024/5/31
   5 ᠰᠠᠷ᠎ᠠ ᠶᠢᠨ 30 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ ᠠᠷᠠᠪ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠠᠷᠪᠠᠳᠤᠭᠠᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ᠰᠢ ᠶᠢᠨ ᠫᠢᠩ᠂ ᠳᠤᠮᠳᠠᠳᠤ ᠤᠯᠤᠰ 2026 ᠣᠨ ᠳᠤ ᠬᠤᠶᠠᠳᠤᠭᠠᠷ ᠬᠤᠭᠤᠴᠠᠭᠠᠨ ᠤ ᠳᠤᠮᠳᠠᠳᠤ ᠠᠷᠠᠪ ᠤᠨ ᠲᠦᠷᠦᠭᠦᠴᠦᠳ ᠤᠨ ᠬᠤᠷᠠᠯ ᠢ ᠳᠤᠮᠳᠠᠳᠤ ᠤᠯᠤᠰ ᠲᠤ ᠡᠷᠬᠢᠯᠡᠵᠤ᠂ ᠳᠤᠮᠳᠠᠳᠤ ᠤᠯᠤᠰ ᠳᠤᠷᠠᠲᠠᠶ᠎ᠠ ᠠᠷᠠᠪ ᠤᠨ ᠬᠢᠨ ᠲᠠᠢ ᠬᠠᠮᠲᠤ ᠳᠤᠮᠳᠠᠳᠤ ᠠᠷᠠᠪ ᠤᠨ ᠨᠥᠬᠦᠷᠯᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠲᠠᠪᠤᠨ ᠶᠡᠭᠡ ᠬᠠᠮᠲᠤᠷᠠᠯᠴᠠᠭᠠᠨ ᠤ ᠪᠠᠶᠢᠷᠢᠰᠢᠯ︾ ᠢ ᠪᠠᠶᠢᠭᠤᠯᠵᠤ᠂ ᠳᠤᠮᠳᠠᠳᠤ ᠠᠷᠠᠪ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠦᠷᠭᠡᠳᠭᠡᠬᠦ ᠶᠢ ᠠᠬᠢᠭᠤᠯᠤᠨ᠎ᠠ ᠭᠡᠵᠦ ᠵᠠᠷᠯᠠᠪᠠ᠃
022.jpg
   ᠤᠯᠠᠷᠢᠯ ᠤᠨ ᠲᠦᠷᠪᠡᠨ ᠰᠠᠷ᠎ᠠ ᠳᠤ ᠤᠷᠭᠤᠮᠠᠯ ᠮᠤᠳᠤ ᠬᠦᠬᠡᠷᠡᠨ ᠨᠤᠭᠤᠭᠠᠷᠠᠨ᠎ᠠ᠃ ᠳ᠋ᠢᠶᠤᠤ ᠢᠦᠢ ᠲᠠᠢ ᠶᠢᠨ ᠹᠠᠩ ᠬᠤᠸᠠ ᠴᠡᠴᠡᠷᠯᠢᠭ ᠲᠤ ᠳᠤᠮᠳᠠᠳᠤ ᠤᠯᠤᠰ ᠪᠣᠯᠤᠨ ᠠᠷᠠᠪ ᠤᠨ ᠤᠯᠤᠰ ᠤᠳ ᠤᠨ ᠤᠯᠤᠰ ᠤᠨ ᠲᠤᠭ ᠵᠢᠴᠢ ᠠᠷᠠᠪ ᠤᠨ ᠤᠯᠤᠰ ᠤᠳ ᠤᠨ ᠬᠤᠯᠪᠣᠭ᠎ᠠ ᠶᠢᠨ ᠲᠤᠭ ᠦᠩᠭᠡ ᠢᠯᠭᠠᠷᠠᠨ ᠨᠠᠮᠢᠷᠠᠨ᠎ᠠ᠃   ᠰᠢ ᠶᠢᠨ ᠫᠢᠩ ᠪᠠᠷᠦ᠋ᠢᠨ ᠤ ᠤᠯᠤᠰ ᠤᠨ ᠸᠠᠩ ᠬᠠᠮᠠᠳᠤ᠂ ᠶᠧᠵᠢᠫᠲ ᠤᠨ ᠶᠡᠷᠦᠩᠬᠡᠶᠢᠯᠡᠭᠴᠢ ᠰᠠᠶᠢᠰᠢ᠂ ᠲᠦᠨᠢᠰ ᠤᠨ ᠶᠡᠷᠦᠩᠬᠡᠶᠢᠯᠡᠭᠴᠢ ᠰᠠᠶᠢᠶ᠋ᠢᠳᠤ᠂ ᠠᠷᠠᠪ ᠤᠨ ᠬᠤᠯᠪᠣᠭᠠᠲᠤ ᠠᠬᠠᠮᠠᠳᠳᠦ ᠤᠯᠤᠰ ᠤᠨ ᠶᠡᠷᠦᠩᠬᠡᠶᠢᠯᠡᠭᠴᠢ ᠮᠦᠬᠠᠨᠮᠦ᠋ᠳ᠋᠂ ᠠᠷᠠᠪ ᠤᠨ ᠤᠯᠤᠰ ᠤᠳ ᠤᠨ ᠬᠤᠯᠪᠣᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠠᠶᠢᠲ ᠵᠢᠴᠢ ᠠᠷᠠᠪ ᠤᠨ ᠤᠯᠤᠰ ᠤᠳ ᠤᠨ ᠲᠥᠯᠥᠭᠡᠯᠡᠭᠴᠢᠳ ᠤᠨ ᠪᠦᠯᠬᠦᠮ ᠤᠨ 22 ᠳᠠᠷᠤᠭ᠎ᠠ ᠲᠠᠢ ᠨᠢᠭᠡᠳ ᠨᠢᠭᠡ ᠪᠠᠷ ᠭᠠᠷ ᠠᠳᠬᠤᠵᠤ ᠬᠠᠮᠲᠤ ᠬᠡᠷᠡᠯ ᠵᠢᠷᠤᠭ ᠲᠠᠲᠠᠭᠤᠯᠪᠠ᠃
024.jpg
   ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢ ᠶᠢᠨ ᠫᠢᠩ ︽ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠳᠤᠮᠳᠠᠳᠤ ᠠᠷᠠᠪ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠤᠶ᠎ᠠ︾ ᠭᠡᠬᠦ ᠰᠡᠳᠦᠪ ᠲᠠᠢ ᠭᠤᠤᠯ ᠵᠤᠷᠢᠯᠳᠠᠳᠤ ᠶᠠᠷᠢᠶ᠎ᠠ ᠲᠠᠯᠪᠢᠪᠠ᠃
023.jpg
   ᠰᠢ ᠶᠢᠨ ᠫᠢᠩ᠂ ᠳᠤᠮᠳᠠᠳᠤ ᠤᠯᠤᠰ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠤ ᠠᠷᠠᠪ ᠤᠨ ᠤᠯᠤᠰ ᠤᠳ ᠪᠣᠯᠤᠨ ᠠᠷᠠᠳ ᠲᠦᠮᠡᠨ ᠯᠦᠭᠡ ᠶᠢᠨ ᠨᠥᠬᠦᠷᠯᠡᠯ ᠪᠣᠯ ᠡᠷᠲᠡᠨ ᠤ ᠲᠣᠷᠭᠠᠨ ᠵᠠᠮ ᠤᠨ ᠨᠥᠬᠦᠷᠰᠡᠭ ᠶᠠᠪᠤᠯᠴᠠᠭ᠎ᠠ᠂ ᠦᠨᠳᠦᠰᠦᠲᠡᠨ ᠤ ᠴᠢᠯᠥᠭᠡᠯᠡᠯᠲᠡ ᠪᠠᠨ ᠤᠯᠬᠤ ᠶᠢᠨ ᠲᠦᠯᠦᠭᠡ ᠮᠥᠷᠥ ᠵᠡᠷᠭᠡᠴᠡᠨ ᠪᠠᠶᠢᠯᠳᠤᠭᠰᠠᠨ᠂ ᠤᠯᠤᠰ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠳᠠᠬᠢ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠭᠰᠡᠨ ᠠᠴᠠ ᠢᠷᠡᠯᠳᠡ ᠲᠠᠢ ᠶᠤᠮ᠃ ᠰᠢᠨ᠎ᠡ ᠵᠠᠭᠤᠨ ᠠᠴᠠ ᠨᠠᠭᠠᠰᠢ ᠳᠤᠮᠳᠠᠳᠤ ᠠᠷᠠᠪ ᠤᠨ ᠬᠠᠷᠢᠯᠴᠠᠭ᠎ᠠ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠪᠠ᠃ 2022 ᠣᠨ ᠤ 12 ᠰᠠᠷ᠎ᠠ ᠳᠤ ᠪᠢ ᠰᠠᠦ᠋ᠳᠢ ᠠᠷᠠᠪ ᠤᠨ ᠷᠢᠶᠠᠳ᠋ ᠲᠤ ᠬᠦᠷᠴᠦ ᠠᠩᠬᠠᠳᠤᠭᠠᠷ ᠬᠤᠭᠤᠴᠠᠭᠠᠨ ᠤ ᠳᠤᠮᠳᠠᠳᠤ ᠠᠷᠠᠪ ᠤᠨ ᠲᠦᠷᠦᠭᠦᠴᠦᠳ ᠤᠨ ᠬᠤᠷᠠᠯ ᠳᠤ ᠣᠷᠣᠯᠴᠠᠵᠤ᠂ ᠳᠤᠮᠳᠠᠳᠤ ᠠᠷᠠᠪ ᠬᠤᠶᠠᠷ ᠲᠠᠯ᠎ᠠ ᠪᠠᠷ ᠢᠶᠠᠨ ᠰᠢᠨ᠎ᠡ ᠴᠠᠭ ᠦᠶ᠎ᠡ ᠳᠤ ᠬᠠᠨᠳᠤᠭᠰᠠᠨ ᠳᠤᠮᠳᠠᠳᠤ ᠠᠷᠠᠪ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠦᠬᠦ ᠬᠦᠴᠦ ᠪᠠᠷ ᠢᠶᠠᠨ ᠪᠠᠶᠢᠭᠤᠯᠬᠤ ᠶᠢ ᠰᠠᠨᠠᠯ ᠨᠢᠭᠡᠲᠡᠢ ᠵᠥᠪᠰᠢᠶᠡᠷᠡᠭᠰᠡᠨ ᠪᠢᠯᠡ᠃ ᠳᠤᠮᠳᠠᠳᠤ ᠤᠯᠤᠰ ᠳᠤᠷᠠᠲᠠᠶ᠎ᠠ ᠠᠷᠠᠪ ᠤᠨ ᠬᠢᠨ ᠲᠠᠢ ᠬᠠᠮᠲᠤ ᠪᠠᠷ ᠲᠦᠷᠦᠭᠦᠴᠦᠳ ᠤᠨ ᠬᠤᠷᠠᠯ ᠤᠨ ᠪᠠᠶᠢᠯᠳᠤᠬᠤ ᠪᠤᠳᠤᠯᠭ᠎ᠠ ᠶᠢᠨ ᠬᠦᠳᠦᠯᠦᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠤᠮᠳᠠᠳᠤ ᠠᠷᠠᠪ ᠤᠨ ᠬᠠᠷᠢᠯᠴᠠᠭ᠎ᠠ ᠶᠢᠨ ᠲᠠᠪᠠᠯᠳᠠᠳᠤ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠳᠤᠮᠳᠠᠳᠤ ᠤᠯᠤᠰ 2026 ᠣᠨ ᠳᠤ ᠬᠤᠶᠠᠳᠤᠭᠠᠷ ᠬᠤᠭᠤᠴᠠᠭᠠᠨ ᠤ ᠳᠤᠮᠳᠠᠳᠤ ᠠᠷᠠᠪ ᠤᠨ ᠲᠦᠷᠦᠭᠦᠴᠦᠳ ᠤᠨ ᠬᠤᠷᠠᠯ ᠢ ᠳᠤᠮᠳᠠᠳᠤ ᠤᠯᠤᠰ ᠲᠤ ᠡᠷᠬᠢᠯᠡᠨ ᠬᠤᠷᠠᠯᠳᠤᠭᠤᠯᠤᠨ᠎ᠠ᠂ ᠡᠨᠡ ᠨᠢ ᠳᠤᠮᠳᠠᠳᠤ ᠠᠷᠠᠪ ᠤᠨ ᠬᠠᠷᠢᠯᠴᠠᠭ᠎ᠠ ᠶᠢᠨ ᠪᠠᠰᠠ ᠨᠢᠭᠡᠨ ᠬᠥᠰᠢ᠊ ᠡᠶ᠎ᠡ ᠲᠡᠮᠳᠡᠭ ᠪᠣᠯᠬᠤ ᠶᠢ ᠢᠲᠡᠭᠡᠵᠦ ᠪᠠᠶᠢᠨ᠎ᠠ ᠭᠡᠵᠤ ᠵᠢᠭᠠᠵᠤ ᠭᠠᠷᠭᠠᠵᠠᠢ᠃   ᠰᠢ ᠶᠢᠨ ᠫᠢᠩ᠂ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠳᠤᠬᠢᠶᠠᠯᠳᠤᠭ᠎ᠠ ᠦᠭᠡᠢ ᠬᠤᠪᠢᠰᠤᠯᠲᠠ ᠶᠠᠭ ᠲᠦᠷᠭᠡᠨ ᠠᠬᠢᠵᠤ ᠪᠠᠶᠢᠨ᠎ᠠ᠃ ᠳᠤᠮᠳᠠᠳᠤ ᠤᠯᠤᠰ ᠪᠣᠯᠤᠨ ᠠᠷᠠᠪ ᠤᠨ ᠤᠯᠤᠰ ᠤᠳ ᠴᠥᠮ ᠥᠪᠡᠷ ᠥᠪᠡᠷ ᠤᠨ ᠦᠨᠳᠦᠰᠦᠲᠡᠨ ᠤ ᠬᠥᠭᠵᠢᠯ ᠮᠠᠨᠳᠤᠯ ᠢᠶᠠᠨ ᠪᠡᠶᠡᠯᠡᠭᠦᠯᠬᠦ᠂ ᠤᠯᠤᠰ ᠤᠨ ᠪᠦᠳᠦᠭᠡᠨ ᠪᠠᠶᠢᠭᠤᠯᠤᠯᠲᠠ ᠪᠠᠨ ᠲᠦᠷᠭᠡᠳᠭᠡᠬᠦ ᠴᠠᠭ ᠦᠶ᠎ᠡ ᠶᠢᠨ ᠡᠭᠦᠷᠭᠡ ᠶᠢ ᠡᠭᠦᠷᠭᠡᠯᠡᠵᠦ ᠪᠠᠶᠢᠨ᠎ᠠ᠃ ᠳᠤᠮᠳᠠᠳᠤ ᠠᠷᠠᠪ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠪᠢᠳᠡᠨ ᠤ ᠳᠤᠮᠳᠠᠳᠤ ᠠᠷᠠᠪ ᠤᠨ ᠬᠠᠷᠢᠯᠴᠠᠭ᠎ᠠ ᠶᠢᠨ ᠰᠢᠨ᠎ᠡ ᠡᠷᠢᠨ ᠵᠠᠭᠤᠨ ᠢ ᠨᠡᠭᠡᠭᠡᠬᠦ᠂ ᠰᠠᠶᠢᠨ ᠰᠠᠶᠢᠬᠠᠨ ᠳᠡᠯᠡᠬᠡᠢ ᠶᠢᠨ ᠰᠢᠨ᠎ᠡ ᠢᠷᠡᠭᠡᠳᠦᠢ ᠶᠢ ᠨᠡᠬᠡᠬᠡᠬᠦ ᠬᠠᠮᠲᠤ ᠶᠢᠨ ᠬᠦᠰᠡᠯ ᠡᠷᠡᠮᠡᠯᠵᠡᠯ ᠢ ᠢᠯᠡᠷᠡᠭᠦᠯᠪᠡ᠃ ᠳᠤᠮᠳᠠᠳᠤ ᠤᠯᠤᠰ ᠳᠤᠷᠠᠲᠠᠶ᠎ᠠ ᠠᠷᠠᠪ ᠤᠨ ᠬᠢᠨ ᠲᠠᠢ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠡᠷᠬᠡ ᠲᠡᠭᠰᠢ ᠬᠠᠷᠢᠯᠴᠠᠨ ᠠᠰᠢᠭᠳᠠᠢ ᠪᠠᠶᠢᠵᠤ᠂ ᠬᠠᠷᠢᠯᠴᠠᠨ ᠪᠠᠭᠳᠠᠭᠠᠵᠤ ᠬᠠᠷᠢᠯᠴᠠᠨ ᠲᠤᠯᠢ ᠪᠤᠯᠭᠠᠵᠤ᠂ ᠨᠢᠭᠳᠠ ᠬᠠᠮᠵᠢᠯᠴᠠᠵᠤ᠂ ᠳᠤᠮᠳᠠᠳᠤ ᠠᠷᠠᠪ ᠤᠨ ᠬᠠᠷᠢᠯᠴᠠᠭ᠎ᠠ ᠶᠢ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ ᠬᠡᠪ ᠳᠠᠭᠤᠷᠢᠶᠠᠯ ᠪᠣᠯᠭᠠᠨ ᠪᠦᠳᠦᠭᠡᠨ ᠪᠠᠶᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠳᠦᠭᠡᠨ ᠪᠠᠶᠢᠭᠤᠯᠬᠤ ᠬᠡᠪ ᠳᠠᠭᠤᠷᠢᠶᠠᠯ ᠪᠣᠯᠭᠠᠨ ᠪᠦᠳᠦᠭᠡᠨ ᠪᠠᠶᠢᠭᠤᠯᠵᠤ᠂ ᠠᠳᠠᠯᠢ ᠪᠤᠰᠤ ᠪᠣᠯᠪᠠᠰᠤᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠬᠡᠪ ᠳᠠᠭᠤᠷᠢᠶᠠᠯ ᠪᠣᠯᠭᠠᠨ ᠪᠦᠳᠦᠭᠡᠨ ᠪᠠᠶᠢᠭᠤᠯᠵᠤ᠂ ᠪᠦᠬᠦ ᠪᠥᠮᠪᠥᠷᠴᠡᠭ ᠤᠨ ᠵᠠᠰᠠᠯᠲᠠ ᠶᠢᠨ ᠵᠥᠪ ᠵᠠᠮ ᠢ ᠰᠦᠪᠡᠭᠴᠢᠯᠡᠬᠦ ᠦᠯᠢᠭᠡᠷ ᠳᠠᠭᠤᠷᠢᠶᠠᠯ ᠪᠣᠯᠭᠠᠨ ᠪᠦᠲᠦᠭᠡᠨ ᠪᠠᠶᠢᠭᠤᠯᠤᠨ᠎ᠠ ᠭᠡᠵᠤ ᠴᠢᠬᠤᠯᠠᠴᠢᠯᠠᠵᠠᠢ᠃   ᠰᠢ ᠶᠢᠨ ᠫᠢᠩ᠂ ᠬᠤᠶᠠᠷ ᠲᠠᠯ᠎ᠠ ᠶᠢᠨ ᠬᠠᠮᠳᠤ ᠶᠢᠨ ᠴᠢᠷᠮᠠᠶᠢᠯᠭ᠎ᠠ ᠪᠠᠷ ᠳᠠᠮᠵᠢᠨ᠂ ᠮᠢᠨᠦ ᠠᠩᠬᠠᠳᠤᠭᠠᠷ ᠬᠤᠭᠤᠴᠠᠭᠠᠨ ᠤ ᠳᠤᠮᠳᠠᠳᠤ ᠠᠷᠠᠪ ᠤᠨ ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ ᠳᠤᠷᠠᠳᠤᠭᠰᠠᠨ ᠳᠤᠮᠳᠠᠳᠤ ᠠᠷᠠᠪ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠬᠤ ︽ᠨᠠᠢᠮᠠᠨ ᠶᠡᠭᠡ ᠬᠠᠮᠲᠤ ᠶᠢᠨ ᠠᠵᠢᠯᠯᠠᠭ᠎ᠠ︾ ᠠᠩᠬᠠᠨ ᠤ ᠬᠤᠭᠤᠴᠠᠭᠠᠨ ᠤ ᠴᠢᠬᠤᠯᠠ ᠠᠮᠵᠢᠯᠳᠠ ᠤᠯᠵᠠᠢ᠃ ᠳᠤᠮᠳᠠᠳᠤ ᠤᠯᠤᠰ ᠳᠤᠷᠠᠲᠠᠶ᠎ᠠ ᠡᠭᠦᠨ ᠢᠶᠠᠷ ᠰᠠᠭᠤᠷᠢ ᠪᠣᠯᠭᠠᠵᠤ᠂ ᠠᠷᠠᠪ ᠤᠨ ᠤᠯᠤᠰ ᠤᠳ ᠲᠠᠢ ︽ᠲᠠᠪᠤᠨ ᠶᠡᠭᠡ ᠬᠠᠮᠲᠤᠷᠠᠯᠴᠠᠭᠠᠨ ᠤ ᠪᠠᠶᠢᠷᠢᠰᠢᠯ︾ ᠢ ᠪᠠᠶᠢᠭᠤᠯᠵᠤ᠂ ᠳᠤᠮᠳᠠᠳᠤ ᠠᠷᠠᠪ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠦᠷᠭᠡᠳᠭᠡᠬᠦ ᠶᠢ ᠠᠬᠢᠭᠤᠯᠤᠨ᠎ᠠ᠃   ᠨᠢᠭᠡ ᠳᠤ᠂ ᠠᠮᠢᠵᠢᠷᠠᠯ ᠤᠨ ᠬᠦᠴᠦᠨ ᠢᠶᠠᠷ ᠨᠠᠩ ᠪᠢᠯᠬᠠᠮ᠎ᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠪᠠᠶᠢᠷᠢᠰᠢᠯ᠃ ᠳᠤᠮᠳᠠᠳᠤ ᠤᠯᠤᠰ ᠠᠷᠠᠪ ᠤᠨ ᠤᠯᠤᠰ ᠤᠳ ᠲᠠᠢ ᠠᠮᠢ ᠨᠠᠰᠤ ᠡᠷᠡᠭᠦᠯ ᠮᠡᠨᠳᠦ᠂ ᠵᠣᠬᠢᠶᠠᠮᠠᠯ ᠤᠶᠤᠨ ᠴᠢᠳᠠᠪᠤᠷᠢ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠂ ᠤᠳᠤ ᠦᠶ᠎ᠡ ᠶᠢᠨ ᠲᠠᠷᠢᠶᠠᠯᠠᠩ᠂ ᠰᠠᠨᠰᠠᠷ ᠤᠨ ᠮᠡᠳᠡᠭᠡ ᠵᠠᠩᠭᠢ ᠵᠡᠷᠭᠡ ᠬᠦᠷᠢᠶᠡᠨ ᠳᠤ 10 ᠬᠠᠮᠲᠤᠷᠠᠭᠰᠠᠨ ᠲᠤᠷᠰᠢᠯᠲᠠ ᠶᠢᠨ ᠲᠠᠰᠤᠭ ᠪᠠᠶᠢᠭᠤᠯᠤᠨ᠎ᠠ︔ ᠵᠣᠬᠢᠶᠠᠮᠠᠯ ᠤᠶᠤᠨ ᠴᠢᠳᠠᠪᠤᠷᠢ ᠶᠢᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠣᠬᠢᠶᠠᠮᠠᠯ ᠤᠶᠤᠨ ᠴᠢᠳᠠᠪᠤᠷᠢ ᠪᠠᠷ ᠪᠣᠳᠠᠲᠤ ᠴᠣᠭᠴᠠ ᠶᠢᠨ ᠠᠵᠤ ᠠᠬᠤᠢ ᠳᠤ ᠡᠨᠧᠷᠭᠢ ᠨᠡᠮᠡᠷᠢᠯᠡᠬᠦ ᠶᠢ ᠬᠠᠮᠲᠤ ᠪᠠᠷ ᠠᠬᠢᠭᠤᠯᠵᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠦᠬᠦ ᠪᠥᠮᠪᠥᠷᠴᠡᠭ ᠤᠨ ᠵᠣᠬᠢᠶᠠᠮᠠᠯ ᠤᠶᠤᠨ ᠴᠢᠳᠠᠪᠤᠷᠢ ᠶᠢᠨ ᠵᠠᠰᠠᠯᠲᠠ ᠶᠢᠨ ᠰᠢᠰᠲ᠋ᠧᠮ ᠤᠨ ᠪᠦᠷᠢᠯᠳᠦᠬᠦ ᠶᠢ ᠠᠬᠢᠭᠤᠯᠤᠨ᠎ᠠ︔ ᠰᠠᠨᠰᠠᠷ ᠤᠨ ᠬᠡᠮᠬᠡᠳᠡᠭ ᠤᠨ ᠬᠠᠮᠲᠤᠷᠠᠭᠰᠠᠨ ᠠᠵᠢᠭᠯᠠᠯᠲᠠ ᠶᠢᠨ ᠲᠥᠪ᠂ ᠳᠣᠬᠢᠭᠤᠷ ᠲᠤᠯᠤᠭᠠᠨ ᠤᠳᠤ ᠬᠡᠷᠡᠭᠯᠡᠭᠡᠨ ᠤ ᠬᠠᠮᠲᠤᠷᠠᠯᠴᠠᠭᠠᠨ ᠤ ᠬᠥᠭᠵᠢᠯᠲᠡ ᠶᠢᠨ ᠲᠥᠪ ᠢ ᠬᠠᠮᠲᠤ ᠪᠠᠷ ᠪᠠᠶᠢᠭᠤᠯᠵᠤ᠂ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ᠂ ᠠᠷᠠᠳ ᠤᠨ ᠬᠡᠷᠡᠭᠯᠡᠭᠡᠨ ᠤ ᠠᠶᠠᠨᠴᠢᠳ ᠤᠨ ᠨᠢᠰᠭᠡᠯ ᠵᠡᠷᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ    ᠬᠤᠶᠠᠷ ᠲᠤ᠂ ᠨᠠᠩ ᠶᠡᠭᠡ ᠬᠡᠪᠴᠢᠶᠡᠨ ᠤ ᠪᠠᠯᠠ ᠣᠷᠣᠭᠤᠯᠤᠯᠲᠠ ᠮᠥᠩᠭᠦᠨ ᠭᠦᠢᠯᠭᠡᠭᠡᠨ ᠤ ᠪᠠᠶᠢᠷᠢᠰᠢᠯ᠃ ᠳᠤᠮᠳᠠᠳᠤ ‍ᠤᠮᠤᠰ ᠠᠷᠠᠪ ᠤᠨ ᠬᠢᠨ ᠲᠠᠢ ᠠᠵᠤ ᠦᠢᠯᠡᠰ ᠪᠣᠯᠤᠨ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠵᠤ᠂ ᠬᠤᠶᠠᠷ ᠲᠠᠯ᠎ᠠ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠳᠡᠮᠵᠢᠨ᠎ᠡ᠂ ᠠᠷᠠᠪ ᠤᠨ ᠬᠢᠨ ᠤ ᠪᠠᠩᠬᠢ ᠶᠢᠨ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠬᠢᠯᠢ ᠠᠯᠤᠰᠯᠠᠨ ᠲᠤᠭᠠᠴᠠᠭ᠎ᠠ ᠬᠢᠵᠦ ᠢᠯᠭᠠᠷᠠᠭᠤᠯᠤᠨ ᠪᠤᠳᠤᠬᠤ ᠰᠢᠰᠲ᠋ᠧᠮ ᠳᠤ ᠣᠷᠣᠬᠤ ᠶᠢ ᠪᠠᠶᠠᠷᠯᠠᠨ ᠤᠭᠲᠤᠵᠤ᠂ ᠲᠥᠪ ᠪᠠᠩᠬᠢ ᠶᠢᠨ ᠲᠣᠭᠠᠴᠢᠯᠠᠭᠰᠠᠨ ᠵᠣᠭᠤᠰᠣᠨ ᠤ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ᠃   ᠭᠤᠷᠪᠠ ᠳᠤ᠂ ᠨᠠᠩ ᠪᠣᠰᠤᠭ᠎ᠠ ᠴᠣᠭᠴᠠᠲᠤ ᠡᠨᠧᠷᠭᠢ ᠶᠢᠨ ᠬᠠᠮᠲᠤᠷᠠᠯᠴᠠᠭᠠᠨ ᠤ ᠪᠠᠶᠢᠷᠢᠰᠢᠯ᠃ ᠳᠤᠮᠳᠠᠳᠤ ᠤᠯᠤᠰ ᠠᠷᠠᠪ ᠤᠨ ᠬᠢᠨ ᠲᠠᠢ ᠲᠤᠰᠤ ᠬᠡᠢ ᠶᠢᠨ ᠬᠦᠷᠢᠶᠡᠨ ᠳᠠᠬᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠪᠠᠨ ᠤᠯᠠᠮ ᠴᠢᠩᠭᠠᠳᠬᠠᠵᠤ᠂ ᠰᠢᠨ᠎ᠡ ᠡᠨᠧᠷᠭᠢ ᠶᠢᠨ ᠮᠡᠷᠭᠡᠵᠢᠯ ᠢ ᠰᠤᠳᠤᠯᠤᠨ ᠨᠡᠭᠡᠭᠡᠬᠦ ᠪᠠ ᠲᠣᠨᠣᠭᠯᠠᠯ ᠦᠢᠯᠡᠳᠬᠦ ᠠᠵᠢᠯᠯᠠᠭ᠎ᠠ ᠶᠢ ᠬᠠᠮᠲᠤᠷᠠᠨ ᠥᠷᠨᠢᠭᠦᠯᠦᠨ᠎ᠡ᠃ ᠳᠤᠮᠳᠠᠳᠤ ᠤᠯᠤᠰ ᠳᠤᠮᠳᠠᠳᠤ ᠤᠯᠤᠰ ᠤᠨ ᠡᠨᠧᠷᠭᠢ ᠶᠢᠨ ᠰᠤᠷᠪᠤᠯᠵᠢ ᠶᠢᠨ ᠠᠵᠤ ᠠᠬᠤᠶᠢᠯᠠᠯ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠪ ᠤᠨ ᠤᠯᠤᠰ ᠤᠳ ᠲᠤ ᠳᠠᠬᠢᠯᠲᠠ ᠡᠨᠧᠷᠭᠢ ᠶᠢᠨ ᠰᠤᠷᠪᠤᠯᠵᠢ ᠶᠢᠨ ᠲᠦᠷᠦᠯ ᠵᠦᠢᠯ ᠳᠤ ᠣᠷᠣᠯᠴᠠᠬᠤ ᠶᠢ ᠳᠡᠮᠵᠢᠨ᠎ᠡ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号