ᠰᠢ ᠶᠢᠨ ᠫᠢᠩ ᠭᠤᠸᠠᠩᠳᠦ᠋ᠩ ᠤᠨ ᠮᠸᠢ ᠵᠸᠥ ᠬᠤᠳᠠ ᠶᠢᠨ ᠮᠧᠢ ᠵᠸᠦ ᠠᠴᠠ ᠳ᠋ᠡ ᠪᠦ᠋ ᠬᠦᠷᠬᠦ ᠲᠦᠷᠭᠡᠨ ᠤ ᠵᠠᠰᠠᠮᠠᠯ ᠵᠠᠮ ᠤᠨ ᠴᠠ ᠶᠠᠩ ᠳᠠᠬᠢ ᠬᠡᠰᠡᠭ ᠨᠤᠷᠠᠭᠰᠠᠨ ᠭᠠᠮᠰᠢᠭ ᠲᠤ ᠴᠢᠬᠤᠯᠠ ᠵᠢᠭᠠᠪᠤᠷᠢ ᠥᠭᠴᠦ ᠱᠠᠭᠠᠷᠳᠠᠭᠰᠠᠨ ᠨᠢ ᠲᠤᠬᠠᠢ ᠶᠢᠨ ᠲᠠᠯᠠᠪᠠᠢ ᠳᠤ ᠰᠢᠷᠬᠠᠲᠤᠭᠰᠠᠳ ᠢ ᠠᠪᠤᠷᠠᠨ ᠲᠤᠰᠠᠯᠠᠵᠤ ᠡᠮᠨᠡᠨ ᠠᠪᠤᠷᠠᠬᠤ ᠠᠵᠢᠯ ᠢ ᠪᠦᠬᠦ ᠬᠦᠴᠦ ᠪᠠᠷ ᠢᠶᠠᠨ ᠰᠠᠶᠢᠳᠤᠷ ᠬᠢᠵᠦ ᠠᠶᠤᠯ ᠲᠦᠭᠰᠢᠭᠦᠷᠢ ᠭᠡᠮ ᠰᠣᠭᠤᠭ ᠢ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠵᠤ ᠰᠢᠢᠳᠪᠦᠷᠢᠯᠡᠨ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2024/5/5
   ᠯᠢ ᠴᠢᠶᠠᠩ ᠴᠤᠬᠤᠯᠠᠪᠤᠷᠢ ᠦᠭᠪᠡ   5 ᠰᠠᠷ᠎ᠠ ᠶᠢᠨ 1᠎ ᠤ ᠡᠳᠦᠷ ᠤᠨ 2 ᠴᠠᠭ 10 ᠮᠢᠨᠦ᠋ᠲ ᠤᠨ ᠦᠶ᠎ᠡ ᠪᠠᠷ ᠭᠤᠸᠠᠩᠳᠦ᠋ᠩ ᠤᠨ ᠮᠧᠶ ᠵᠧᠤ ᠬᠤᠲᠠ ᠶᠢᠨ ᠮᠧᠢ ᠵᠸᠦ ᠠᠴᠠ ᠳ᠋ᠡ ᠪᠦ᠋ ᠬᠦᠷᠬᠦ ᠲᠦᠷᠭᠡᠨ ᠤ ᠵᠠᠰᠠᠮᠠᠯ ᠵᠠᠮ ᠤᠨ ᠴᠠ ᠶᠠᠩ ᠳᠠᠬᠢ ᠬᠡᠰᠡᠭ ᠲᠤ ᠨᠤᠷᠠᠭᠰᠠᠨ ᠭᠠᠮᠰᠢᠭ ᠭᠠᠷᠴᠠᠶ ᠃ 2᠎ ᠤᠨ ᠡᠳᠦᠷ ᠤᠨ 15 ᠴᠠᠭ 30 ᠮᠢᠨᠦ᠋ᠲ ᠪᠣᠯᠲᠠᠯ᠎ᠠ ᠭᠠᠮᠰᠢᠭ ᠲᠤ 48 ᠬᠥᠮᠦᠨ ᠠᠳᠡᠵᠦ᠂ 30 ᠬᠥᠮᠦᠨ ᠰᠢᠷᠬᠠᠲᠤᠪᠠ᠃   ᠭᠠᠮᠰᠢᠭ ᠡᠭᠦᠰᠦᠭᠰᠡᠨ ᠤ ᠳᠠᠷᠠᠭ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠸᠠᠩᠳᠦ᠋ᠩ ᠤᠨ ᠮᠧᠢ ᠵᠸᠦ ᠠᠴᠠ ᠳ᠋ᠡ ᠪᠦ ᠬᠦᠷᠬᠦ ᠲᠦᠷᠭᠡᠨ ᠤ ᠵᠠᠰᠠᠮᠠᠯ ᠵᠠᠮ ᠤᠨ ᠴᠠ ᠶᠠᠩ ᠳᠠᠬᠢ ᠬᠡᠰᠡᠭ ᠲᠤ ᠨᠤᠷᠠᠭᠰᠠᠨ ᠭᠠᠮᠰᠢᠭ ᠡᠭᠦᠰᠴᠦ᠂ ᠬᠥᠮᠦᠨ ᠬᠠᠷ᠎ᠠ ᠬᠦᠨᠳᠦ ᠶᠡᠭᠡ ᠪᠠᠷ ᠠᠳᠡᠵᠦ ᠰᠢᠷᠬᠠᠲᠤᠭᠰᠠᠨ ᠪᠠᠶᠢᠨ᠎ᠠ᠃ ᠲᠤᠬᠠᠢ ᠶᠢᠨ ᠲᠠᠯᠠᠪᠠᠢ ᠳᠤ ᠠᠪᠤᠷᠠᠨ ᠲᠤᠰᠠᠯᠠᠬᠤ᠂ ᠰᠢᠷᠬᠠᠲᠤᠭᠰᠠᠳ ᠢ ᠡᠮᠨᠡᠨ ᠠᠪᠤᠷᠠᠬᠤ᠂ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠡᠪᠳᠡᠭᠳᠡᠭᠰᠡᠨ ᠵᠠᠮ ᠢ ᠱᠠᠯᠠᠪᠳᠠᠨ ᠵᠠᠰᠠᠵᠤ᠂ ᠵᠠᠮ ᠬᠠᠷᠢᠯᠴᠠᠭᠠᠨ ᠤ ᠡᠮᠬᠢ ᠵᠢᠷᠤᠮ ᠢ ᠲᠦᠷᠭᠡᠬᠡᠨ ᠰᠡᠷᠭᠦᠭᠡᠬᠦ ᠬᠡᠷᠡᠭᠲᠡᠢ᠃ ᠣᠳᠣᠬᠠᠨ ᠳᠤ ᠶᠠᠭ ᠰᠠᠶᠢᠬᠠᠨ ︽5 · 1︾᠎ ᠤ ᠠᠮᠠᠷᠠᠯᠲᠠ ᠶᠢᠨ ᠬᠤᠭᠤᠴᠠᠭ᠎ᠠ ᠪᠠᠶᠢᠵᠤ᠂ ᠣᠯᠠᠨ ᠲᠦᠮᠡᠨ ᠤ ᠭᠠᠳᠠᠭᠰᠢ ᠭᠠᠷᠬᠤ ᠳᠤᠭ᠎ᠠ ᠬᠡᠮᠵᠢᠶ᠎ᠠ ᠨᠡᠮᠡᠭᠳᠡᠵᠦ᠂ ᠬᠦᠮᠣᠰ ᠤᠨ ᠰᠢᠯᠵᠢᠯᠲᠡ ᠣᠯᠠᠰᠢᠷᠠᠵᠤ᠂ ᠬᠡᠰᠡᠭ ᠭᠠᠵᠠᠷ ᠣᠷᠣᠨ ᠳᠤ ᠪᠠᠰᠠ ᠶᠡᠭᠡ ᠬᠡᠪᠴᠢᠶᠡᠨ ᠤ ᠪᠣᠷᠣᠭᠠᠨ ᠣᠷᠣᠬᠤ ᠪᠠ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠢᠯᠡᠷᠡᠵᠦ᠂ ᠡᠯ᠎ᠡ ᠲᠦᠷᠦᠯ ᠤᠨ ᠠᠳᠠᠯ ᠭᠠᠮᠰᠢᠭ ᠠᠮᠠᠷᠬᠠᠨ ᠭᠠᠷᠴᠤ ᠣᠯᠠᠨ ᠭᠠᠷᠴᠤ ᠮᠡᠳᠡᠨ᠎ᠠ᠃ ᠡᠯ᠎ᠡ ᠭᠠᠵᠠᠷ ᠣᠷᠣᠨ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠤᠷᠢᠭ᠎ᠠ ᠱᠤᠭᠤᠮ ᠤᠨ ᠰᠡᠳᠭᠢᠬᠦᠶ ᠶᠢ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠦᠯ ᠢ ᠲᠡᠭᠦᠯᠳᠡᠷᠵᠢᠭᠦᠯᠦᠨ᠂ ᠭᠤᠤᠯᠳᠠᠯᠭ᠎ᠠ ᠲᠠᠢ ᠭᠠᠵᠠᠷ ᠣᠷᠣᠨ ᠪᠠ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠳᠠᠬᠢ ᠠᠶᠤᠯ ᠲᠦᠭᠰᠢᠭᠦᠷᠢ ᠬᠡᠮ ᠰᠣᠭᠤᠭ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ ᠰᠢᠢᠳᠪᠦᠷᠢᠯᠡᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠶ ᠭᠡᠬᠦ ᠴᠢᠬᠤᠯᠠ ᠵᠢᠭᠠᠪᠤᠷᠢ ᠥᠭᠪᠡ᠃    ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠰᠢᠷᠬᠠᠲᠤᠭᠰᠠᠳ ᠢ ᠪᠦᠬᠦ ᠬᠦᠴᠦ ᠪᠠᠷ ᠢᠶᠠᠨ ᠠᠪᠤᠷᠠᠵᠤ᠂ ᠬᠤᠶᠢᠲᠤᠬᠢ ᠶᠠᠪᠤᠳᠠᠯ ᠢ ᠨᠠᠷᠢᠨ ᠨᠢᠮᠪᠠᠢ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠬᠠᠰᠢᠭᠳᠠᠭᠰᠠᠨ ᠬᠥᠮᠦᠰ ᠢ ᠡᠷᠢᠵᠦ ᠠᠪᠤᠷᠠᠨ᠂ ᠲᠠᠭᠠᠯᠳᠤᠨ ᠡᠭᠦᠰᠬᠦ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠣᠳᠣᠬᠠᠨ ᠳᠤ ᠶᠠᠭ ︽5 · 1︾᠎ ᠤ ᠠᠮᠠᠷᠠᠯᠲᠠ ᠶᠢᠨ ᠬᠤᠭᠤᠴᠠᠭᠠᠨ ᠤ ᠣᠯᠠᠨ ᠲᠦᠮᠡᠨ ᠤ ᠵᠢᠭᠤᠯᠴᠢᠯᠠᠯ ᠤᠨ ᠣᠷᠭᠢᠯ ᠦᠶ᠎ᠡ ᠪᠣᠯᠵᠤ᠂ ᠬᠡᠰᠡᠭ ᠭᠠᠵᠠᠷ ᠲᠤ ᠪᠠᠰᠠ ᠶᠡᠭᠡ ᠬᠡᠪᠴᠢᠶ᠎ᠡ ᠪᠠᠷ ᠪᠣᠷᠣᠭᠠᠨ ᠣᠷᠣᠬᠤ ᠪᠣᠯᠤᠨ᠎ᠠ᠃ ᠡᠯ᠎ᠡ ᠭᠠᠵᠠᠷ ᠤᠷᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠨᠠᠭᠰᠢᠳᠠ ᠴᠢᠩᠭᠠᠳᠬᠠᠵᠤ ᠂ ᠵᠠᠮ᠂ ᠦᠵᠡᠮᠵᠢ ᠶᠢᠨ ᠣᠷᠣᠨ ᠵᠢᠴᠢ ᠤᠯᠠᠨ ᠨᠡᠶᠢᠲᠡ ᠶᠢᠨ ᠲᠥᠬᠦᠭᠡᠷᠦᠮᠵᠢ ᠵᠡᠷᠭᠡ ᠶᠢᠨ ᠤᠷᠳᠤ ᠬᠤᠭᠤᠴᠠᠭ᠎ᠠ ᠪᠠᠷ ᠪᠣᠷᠣᠭᠠᠨ ᠤᠷᠤᠭᠰᠠᠨ ᠠᠴᠠ ᠪᠣᠯᠤᠭᠰᠠᠨ ᠠᠶᠤᠯ ᠲᠦᠭᠰᠢᠭᠦᠷᠢ ᠶᠢᠨ ᠭᠡᠮ ᠰᠣᠭᠤᠭ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠦᠨᠡᠨ ᠬᠦ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠳᠡᠯ ᠭᠠᠮᠰᠢᠭ ᠡᠭᠦᠰᠭᠦ ᠶᠢ ᠪᠦᠬᠦ ᠬᠦᠴᠦ ᠪᠠᠷ ᠢᠶᠠᠨ ᠰᠡᠷᠭᠡᠶᠢᠯᠡᠬᠦ ᠬᠡᠷᠡᠭᠲᠡᠢ ᠭᠡᠬᠦ ᠴᠣᠬᠤᠯᠠᠪᠤᠷᠢ ᠥᠭᠪᠡ᠃   ᠰᠢ ᠶᠢᠨ ᠫᠢᠩ ᠤᠨ ᠵᠢᠭᠠᠪᠤᠷᠢ ᠪᠣᠯᠤᠨ ᠯᠢ ᠴᠢᠶᠠᠩ ᠤᠨ ᠱᠠᠭᠠᠷᠳᠠᠯᠭ᠎ᠠ ᠶᠢ ᠦᠨᠳᠦᠰᠦᠯᠡᠨ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠲᠤᠬᠠᠢ ᠶᠢᠨ ᠲᠠᠯᠠᠪᠠᠢ ᠳᠤ ᠬᠦᠷᠴᠦ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠢ ᠵᠢᠭᠠᠨ ᠵᠢᠯᠣᠭᠤᠳᠪᠠ᠃ ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ᠂ ᠮᠤᠵᠢ ᠶᠢᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠥᠬᠦᠳ ᠲᠤᠬᠠᠶ ᠶᠢᠨ ᠲᠠᠯᠠᠪᠠᠶ ᠳᠤ ᠬᠦᠷᠴᠦ ᠡᠮᠦᠨ᠎ᠡ ᠹᠷᠣᠨᠲ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠵᠢᠯᠣᠭᠤᠳᠴᠤ᠂ ᠭᠤᠸᠠᠩᠳᠦ᠋ᠩ ᠮᠤᠵᠢ᠂ ᠮᠧᠶ ᠵᠧᠤ ᠬᠤᠲᠠ ᠶᠢᠨ ᠬᠢᠨ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠪᠣᠯᠤᠨ ᠣᠯᠠᠨ ᠠᠵᠢᠯᠯᠠᠬᠤ ᠳᠤᠭᠤᠶᠢᠯᠠᠩ ᠪᠠᠶᠢᠭᠤᠯᠵᠤ᠂ ᠲᠤᠬᠠᠶ ᠶᠢᠨ ᠲᠠᠯᠠᠪᠠᠶ ᠳᠤ ᠡᠷᠢᠵᠦ ᠠᠪᠤᠷᠬᠠᠤ᠂ ᠰᠢᠷᠬᠠᠲᠤᠭᠰᠠᠳ ᠢ ᠠᠪᠤᠷᠠᠨ ᠡᠮᠨᠡᠬᠦ᠂ ᠵᠠᠮ ᠬᠠᠷᠢᠯᠴᠠᠭ᠎ᠠ ᠶᠢ ᠰᠢᠯᠤᠭᠤᠳᠬᠠᠬᠤ ᠪᠠ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠤᠢ᠃ ᠣᠳᠣᠬᠠᠨ ᠳᠤ ᠬᠤᠯᠪᠣᠭᠳᠠᠯ ᠪᠦᠬᠦᠢ ᠠᠵᠢᠯ ᠶᠠᠭ ᠶᠠᠪᠤᠭᠳᠠᠵᠤ ᠪᠠᠶᠢᠨ᠎ᠠ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 2᠎ ᠤᠨ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号