︽ᠰᠢ ᠶᠢᠨ ᠫᠢᠩ ᠬᠢᠭᠡᠳ ᠣᠶᠤᠲᠠᠨ ᠨᠠᠶᠢᠵᠠ ᠨᠠᠷ︾ ᠭᠡᠬᠦ ᠨᠣᠮ ᠤᠨ ᠬᠤᠶᠠᠳᠤᠭᠠᠷ ᠪᠤᠳᠢ ᠶᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2024/5/5
   ︽ᠰᠢ ᠶᠢᠨ ᠫᠢᠩ ᠬᠢᠭᠡᠳ ᠣᠶᠤᠲᠠᠨ ᠨᠠᠶᠢᠵᠠ ᠨᠠᠷ︾ ᠭᠡᠬᠦ ᠨᠣᠮ ᠤᠨ ᠬᠤᠶᠠᠳᠤᠭᠠᠷ ᠪᠤᠳᠢ ᠶᠢ ᠤᠢᠢᠷ᠎ᠠ ᠳᠤ ᠳᠤᠮᠳᠠᠳᠤ ᠤᠯᠤᠰ ᠤᠨ ᠵᠠᠯᠠᠭᠤᠴᠤᠳ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ ᠪᠦᠬᠦ ᠤᠯᠤᠰ ᠲᠤ ᠲᠠᠷᠬᠠᠭᠠᠪᠠ᠃   2020 ᠣᠨ ᠤ 11 ᠰᠠᠷ᠎ᠠ ᠳᠤ ︽ᠰᠢ ᠶᠢᠨ ᠫᠢᠩ ᠬᠢᠭᠡᠳ ᠣᠶᠤᠲᠠᠨ ᠨᠠᠶᠢᠵᠠ ᠨᠠᠷ︾ ᠭᠡᠬᠦ ᠨᠣᠮ ᠢ ᠬᠡᠪᠯᠡᠭᠦᠯᠦᠨ ᠲᠠᠷᠬᠠᠭᠠᠭᠰᠠᠨ ᠤ ᠳᠠᠷᠠᠭ᠎ᠠ᠂ ᠥᠷᠭᠡᠨ ᠤᠯᠠᠨ ᠵᠠᠯᠠᠭᠤᠴᠤᠳ ᠰᠤᠷᠤᠭᠴᠢᠳ ᠤᠨ ᠳᠤᠮᠳᠠ ᠴᠢᠩᠭ᠎ᠠ ᠲᠤᠰᠬᠠᠯ ᠭᠠᠷᠪᠠ᠃ ︽ᠰᠢ ᠶᠢᠨ ᠫᠢᠩ ᠬᠢᠭᠡᠳ ᠣᠶᠤᠲᠠᠨ ᠨᠠᠶᠢᠵᠠ ᠨᠠᠷ︾ ᠭᠡᠬᠦ ᠨᠣᠮ ᠤᠨ ᠬᠤᠶᠠᠳᠤᠭᠠᠷ ᠪᠤᠳᠢ ᠳᠤ ᠤᠤᠯ ᠤᠨ ᠬᠡᠪ ᠵᠠᠭᠪᠤᠷ ᠢᠶᠠᠨ ᠦᠷᠭᠦᠯᠵᠢᠯᠡᠨ ᠬᠡᠷᠡᠭᠯᠡᠵᠦ᠂ 24 ᠬᠤᠪᠢ ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ ᠢᠶᠠᠷ ᠳᠠᠮᠵᠢᠭᠤᠯᠤᠨ᠂ ᠰᠢ ᠶᠢᠨ ᠫᠢᠩ ᠨᠥᠬᠦᠷ ᠤᠨ ᠣᠷᠣᠨ ᠨᠤᠲᠤᠭ ᠪᠣᠯᠤᠨ ᠲᠥᠪ ᠬᠤᠷᠢᠶ᠎ᠠ ᠳᠤ ᠠᠵᠢᠯᠯᠠᠵᠤ ᠪᠠᠶᠢᠭᠰᠠᠨ ᠬᠤᠭᠤᠴᠠᠭᠠᠨ ᠳᠤ᠂ ᠶᠡᠭᠡ ᠳᠡᠭᠡᠳᠦ ᠰᠤᠷᠭᠠᠭᠤᠯᠢ ᠳᠤ ᠭᠦᠨᠵᠡᠭᠡᠶᠢᠷᠡᠨ ᠰᠢᠨᠵᠢᠯᠡᠵᠦ ᠪᠠᠶᠢᠴᠠᠭᠠᠬᠰᠠᠨ᠂ ᠤᠶᠤᠲᠠᠳ ᠢ ᠬᠠᠯᠠᠮᠵᠢᠯᠠᠨ ᠵᠢᠯᠣᠭᠤᠳᠤᠭᠰᠠᠨ ᠠᠮᠢᠳᠤᠯᠢᠭ ᠦᠯᠢᠭᠡᠷ ᠢ ᠶᠠᠷᠢᠵᠤ᠂ ᠰᠢ ᠶᠢᠨ ᠫᠢᠩ ᠨᠥᠬᠦᠷ ᠠᠴᠠ ᠣᠶᠤᠲᠠᠨ ᠤ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠢᠮᠠᠭᠲᠠ ᠰᠠᠨᠠᠭᠠᠯᠵᠠᠵᠤ ᠪᠠᠶᠢᠬᠤ ᠶᠢ ᠭᠦᠢᠴᠡᠳ ᠲᠤᠰᠬᠠᠵᠤ᠂ ᠪᠢᠳᠡᠨ ᠳᠤ ︽ᠵᠠᠯᠠᠭᠤ ᠨᠠᠶᠢᠵᠠ ᠨᠠᠷ ᠤᠨ ᠰᠡᠳᠭᠢᠯ ᠢ ᠮᠡᠳᠡᠭᠴᠢ᠂ ᠵᠠᠯᠠᠭᠤᠴᠤᠳ ᠤᠨ ᠠᠵᠢᠯ ᠤᠨ ᠬᠠᠯᠠᠭᠤᠨ ᠰᠡᠳᠭᠢᠯᠲᠡᠨ᠂ ᠵᠠᠯᠠᠭᠤ ᠤᠯᠠᠨ ᠲᠦᠮᠡᠨ ᠤ ᠵᠠᠮᠴᠢᠯᠠᠭᠴᠢ︾᠎ ᠶᠢᠨ ᠭᠡᠷᠡᠯ ᠰᠠᠴᠤᠷᠠᠩᠭᠤᠢ ᠬᠡᠪ ᠳᠠᠭᠤᠷᠢᠶᠠᠯ ᠪᠤᠯᠵᠠᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 3᠎ ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号