ᠰᠢ ᠶᠢᠨ ᠫᠢᠩ ᠰᠢᠨ᠎ᠡ ᠴᠠᠭ ᠦᠶ᠎ᠡ ᠶᠢᠨ ᠵᠠᠯᠠᠭᠤᠴᠤᠳ ᠲᠤ ᠬᠥᠰᠡᠯ ᠨᠠᠶᠢᠳᠠᠯᠭ᠎ᠠ ᠲᠠᠯᠪᠢᠵᠤ ᠴᠢᠬᠤᠯᠠᠴᠢᠯᠠᠭᠰᠠᠨ ᠨᠢ — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠥᠯᠥᠭᠡ ᠬᠦᠨᠳᠤ ᠬᠠᠷᠢᠭᠤᠴᠠᠯᠭ᠎ᠠ ᠶᠢ ᠵᠤᠷᠢᠬᠳᠠᠢ ᠡᠭᠦᠷᠭᠡᠯᠡᠬᠦ ᠵᠠᠯᠠᠭᠤ ᠨᠠᠰᠤᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠳᠡᠢ
ᠨᠡᠶᠢᠲᠡᠯᠡᠭᠰᠡᠨ ᠴᠠᠭ᠄
2024/5/5
   ᠪᠦᠬᠦ ᠤᠯᠤᠰ ᠤᠨ ᠥᠷᠭᠡᠨ ᠤᠯᠠᠨ ᠵᠠᠯᠠᠭᠤᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠭᠢᠯ ᠤᠨ ᠵᠦᠩᠨᠡᠯ ᠬᠦᠷᠬᠡᠪᠡ   ︽5 · 4︾᠎ ᠤ ᠵᠠᠯᠠᠭᠤᠴᠤᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠥᠬᠦ ᠤᠯᠤᠰ ᠤᠨ ᠥᠷᠭᠡᠨ ᠣᠯᠠᠨ ᠵᠠᠯᠠᠭᠤᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠭᠢᠯ ᠤᠨ ᠵᠦᠩᠨᠡᠯ ᠬᠦᠷᠬᠡᠪᠡ᠃   ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠵᠠᠯᠠᠭᠤᠴᠤᠳ ᠨᠠᠮ ᠪᠣᠯᠤᠨ ᠠᠷᠠᠳ ᠲᠦᠮᠡᠨ ᠤ ᠤᠷᠢᠶᠠᠯᠠᠭ᠎ᠠ ᠶᠢ ᠲᠠᠭᠠᠵᠥ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠣᠬᠢᠷᠲᠤᠯ ᠦᠭᠡᠢ ᠬᠥᠭᠵᠢᠯᠲᠡ᠂ ᠨᠡᠶᠢᠭᠡᠮ ᠤᠨ ᠦᠢᠯᠡᠴᠢᠯᠡᠭᠡ᠂ ᠤᠯᠤᠰ ᠢᠶᠠᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ ᠵᠡᠷᠭᠡ ᠡᠯ᠎ᠡ ᠬᠦᠷᠢᠶ᠎ᠡ ᠡᠯ᠎ᠡ ᠲᠠᠯ᠎ᠠ ᠳᠤ ᠵᠣᠷᠢᠭᠲᠠᠢ ᠪᠠᠷ ᠬᠤᠰᠢᠭᠤᠴᠢ ᠴᠡᠷᠢᠭ ᠪᠠ ᠰᠢᠨ᠎ᠡ ᠬᠦᠴᠦᠨ ᠪᠤᠯᠵᠥ᠂ ᠦᠪᠡᠷ ᠢ ᠪᠠᠨ ᠢᠲᠡᠭᠡᠨ ᠥᠪᠡᠷ ᠢ ᠪᠠᠨ ᠬᠦᠴᠦᠷᠬᠡᠭᠵᠢᠭᠦᠯᠬᠦ᠂ ᠢᠳᠡᠷᠭᠡᠭ ᠬᠦᠴᠦᠳᠡᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠨᠠᠮ ᠤᠨ ᠲᠥᠪ ᠬᠤᠷᠢᠶ᠎ᠠ ᠥᠷᠭᠡᠨ ᠤᠯᠠᠨ ᠵᠠᠯᠠᠭᠤᠴᠤᠳ ᠢ ᠭᠦᠢᠴᠡᠳ ᠢᠲᠡᠭᠡᠵᠦ᠂ ᠮᠠᠰᠢ ᠶᠡᠭᠡ ᠬᠦᠰᠡᠯ ᠡᠷᠡᠮᠡᠯᠵᠡᠯ ᠲᠠᠯᠪᠢᠵᠤ ᠪᠠᠶᠢᠨ᠎ᠠ︕ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ︽5 · 4︾᠎ ᠤ ᠬᠥᠳᠡᠯᠭᠡᠭᠡᠨ ᠤ 105 ᠵᠢᠯ ᠤᠨ ᠤᠢ ᠪᠣᠯᠤᠨ᠎ᠠ᠃ ᠥᠷᠭᠡᠨ ᠤᠯᠠᠨ ᠵᠠᠯᠠᠭᠤᠴᠤᠳ ︽5 · 4︾᠎ ᠤ ᠬᠥᠳᠡᠯᠭᠡᠭᠡᠨ ᠤ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠬᠦᠰᠡᠯᠡᠩ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠠᠴᠠ ᠠᠶᠤᠬᠤ ᠦᠭᠡᠢ᠂ ᠵᠣᠷᠢᠭᠲᠠᠢ ᠪᠠᠷ ᠲᠡᠮᠡᠴᠡᠬᠦ ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠣᠯᠬᠤ ᠪᠠᠷ ᠴᠢᠷᠮᠠᠶᠢᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤᠮᠳᠠ ᠵᠠᠯᠠᠭᠤ ᠨᠠᠰᠤᠨ ᠤ ᠵᠢᠳᠬᠦᠯ ᠴᠢᠷᠮᠠᠶᠢᠯᠭ᠎ᠠ ᠪᠠᠨ ᠭᠠᠷᠭᠠᠵᠤ᠂ ᠵᠠᠯᠠᠭᠤ ᠨᠠᠰᠤᠨ ᠤ ᠴᠤᠭ ᠵᠢᠪᠬᠤᠭ᠎ᠠ ᠪᠠᠨ ᠢᠯᠡᠷᠡᠭᠦᠯᠵᠦ᠂ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠥᠯᠥᠭᠡ ᠬᠦᠨᠳᠤ ᠬᠠᠷᠢᠭᠤᠴᠠᠯᠭ᠎ᠠ ᠶᠢ ᠵᠤᠷᠢᠬᠳᠠᠢ ᠡᠭᠦᠷᠭᠡᠯᠡᠬᠦ ᠵᠠᠯᠠᠭᠤ ᠨᠠᠰᠤᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃   ᠰᠢ ᠶᠢᠨ ᠫᠢᠩ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠠᠴᠠ ᠵᠠᠯᠠᠭᠤᠴᠤᠳ ᠤᠨ ᠠᠵᠢᠯ ᠢ ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠵᠠᠯᠠᠭᠤᠴᠤᠳ ᠤᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠵᠠᠯᠠᠭᠤᠴᠤᠳ ᠤᠨ ᠦᠰᠦᠨ ᠪᠤᠶᠢᠵᠢᠯᠲᠠ ᠶᠢ ᠬᠠᠯᠠᠮᠵᠢᠯᠠᠵᠤ᠂ ᠥᠷᠭᠡᠨ ᠤᠯᠠᠨ ᠵᠠᠯᠠᠭᠤᠴᠤᠳ ᠤᠨ ᠭᠠᠪᠢᠶ᠎ᠠ ᠪᠠᠶᠢᠭᠤᠯᠵᠤ ᠦᠢᠯᠡᠰ ᠪᠤᠰᠬᠠᠬᠤ ᠶᠢ ᠳᠡᠮᠵᠢᠬᠦ ᠬᠡᠷᠡᠭᠲᠡᠢ᠃ ᠡᠪ ᠬᠠᠮᠲᠤ ᠵᠠᠯᠠᠭᠤᠴᠤᠳ ᠤᠨ ᠡᠪᠯᠡᠯ ᠤᠨ ᠬᠢᠨ ᠰᠢᠨ᠎ᠡ ᠴᠠᠭ ᠦᠶ᠎ᠡ ᠰᠢᠨ᠎ᠡ ᠠᠶᠠᠨ ᠳᠤ ᠨᠠᠮ ᠠᠴᠠ ᠳᠠᠭᠠᠭᠠᠯᠭᠠᠭᠰᠠᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠨ ᠪᠠᠳᠠᠷᠠᠭᠤᠯᠵᠤ᠂ ᠥᠷᠭᠡᠨ ᠤᠯᠠᠨ ᠵᠠᠯᠠᠭᠤᠴᠤᠳ ᠢ ᠪᠦᠯᠬᠦᠮᠳᠡᠭᠦᠯᠦᠨ ᠨᠢᠭᠲᠠᠷᠠᠭᠤᠯᠵᠤ ᠨᠠᠮ ᠪᠣᠯᠤᠨ ᠠᠷᠠᠳ ᠲᠦᠮᠡᠨ ᠤ ᠦᠢᠯᠡᠰ ᠤᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 3᠎ ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号