︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠭᠡᠬᠦ ᠨᠤᠮ ᠤᠨ ᠹᠷᠠᠨᠼᠢ ᠬᠡᠯᠡᠨ ᠤ ᠬᠡᠪᠯᠡᠯ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2024/5/6
   ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ ᠣᠷᠴᠢᠭᠤᠯᠤᠭᠰᠠᠨ ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠭᠡᠬᠦ ᠨᠣᠮ ᠤᠨ ᠹᠷᠠᠨᠼᠢ ᠬᠡᠯᠡᠨ ᠤ ᠬᠡᠪᠯᠡᠯ ᠢ ᠤᠢᠢᠷ᠎ᠠ ᠶᠢᠨ ᠡᠳᠦᠷ ᠲᠥᠪ ᠤᠨ ᠨᠠᠶᠢᠷᠠᠭᠤᠯᠤᠨ ᠣᠷᠴᠢᠭᠤᠯᠬᠤ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠤᠯᠤᠰ ᠤᠨ ᠲᠤᠳᠤᠭᠠᠳᠤ ᠭᠠᠳᠠᠭᠠᠳᠤ ᠳᠤ ᠲᠠᠷᠬᠠᠭᠠᠪᠠ᠃   ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠶ ᠥᠭᠦᠯᠡᠯᠲᠡ ᠶᠢᠨ ᠲᠡᠭᠦᠪᠦᠷᠢ ︾ ᠢᠢ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ ᠨᠠᠶᠢᠷᠠᠭᠤᠯᠵᠤ᠂ ᠰᠢ ᠶᠢᠨ ᠫᠢᠩ ᠨᠥᠬᠦᠷ ᠤᠨ 2012 ᠣᠨ ᠤ 11 ᠰᠠᠷ᠎ᠠ ᠠᠴᠠ 2023 ᠣᠨ ᠤ 10 ᠰᠠᠷ᠎ᠠ ᠪᠣᠯᠲᠠᠯᠠᠬᠢ ᠬᠤᠭᠤᠴᠠᠭᠠᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠨᠡᠶᠢᠲᠡᠯᠡᠭᠰᠡᠨ ᠠᠯᠢ ᠤᠯᠠᠨ ᠴᠢᠬᠤᠯᠠ ᠥᠭᠦᠯᠡᠯᠲᠡ ᠶᠢ ᠣᠷᠣᠭᠤᠯᠵᠠᠶ᠃ ᠲᠤᠰ ᠨᠣᠮ ᠤᠨ ᠹᠷᠠᠨᠼᠢ ᠬᠡᠯᠡᠨ ᠤ ᠬᠡᠪᠯᠡᠯ ᠪᠣᠯᠤᠨ ᠡᠭᠦᠨ ᠠᠴᠠ ᠡᠮᠦᠨ᠎ᠡ ᠬᠡᠪᠯᠡᠭᠳᠡᠭᠰᠡᠨ ᠠᠩᠭ᠍ᠯᠢ ᠬᠡᠯᠡᠨ ᠤ ᠬᠡᠪᠯᠡᠯ ᠨᠢ ᠭᠠᠳᠠᠭᠠᠳᠤ ᠶᠢᠨ ᠤᠩᠰᠢᠭᠴᠢᠳ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠨᠣᠯ ᠤᠨ ᠰᠢᠰᠲ᠋ᠧᠮ ᠪᠠ ᠦᠢᠯᠡᠳᠦᠯᠭᠡ ᠶᠢᠨ ᠱᠠᠭᠠᠷᠳᠠᠯᠭ᠎ᠠ ᠢᠢ ᠭᠦᠨᠵᠡᠭᠡᠶ ᠣᠶᠢᠯᠠᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠮᠵᠢᠯᠲᠠ ᠲᠠᠢ ᠪᠠᠷ ᠨᠡᠭᠡᠭᠡᠭᠰᠡᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠵᠠᠮ᠂ ᠡᠭᠦᠳᠦᠨ ᠪᠦᠲᠦᠭᠡᠭᠰᠡᠨ ᠬᠥᠮᠦᠨ ᠲᠥᠷᠥᠯᠬᠢᠲᠡᠨ ᠤ ᠪᠣᠯᠪᠠᠰᠤᠨ ᠤ ᠰᠢᠨ᠎ᠡ ᠬᠡᠯᠪᠡᠷᠢ ᠪᠠᠶᠢᠳᠠᠯ᠂ ᠢᠯᠡᠷᠡᠭᠦᠯᠦᠭᠰᠡᠨ ᠣᠳᠣᠬᠢᠴᠢᠯᠠᠯᠲᠠ ᠶᠢᠨ ᠰᠢᠨ᠎ᠡ ᠵᠢᠷᠤᠭ ᠲᠥᠰᠦᠪ ᠢ ᠭᠦᠨᠵᠡᠭᠡᠶ ᠣᠶᠢᠯᠠᠭᠠᠵᠤ᠂ ᠳᠡᠯᠡᠬᠡᠶ ᠨᠡᠶᠢᠭᠡᠮ ᠢᠶᠠᠷ ᠢᠶᠠᠨ ᠭᠠᠷ ᠬᠤᠯᠪᠣᠨ ᠣᠳᠣᠬᠢᠴᠢᠯᠠᠯᠲᠠ ᠶᠢᠨ ᠵᠠᠮ ᠢᠶᠠᠷ ᠬᠠᠮᠲᠤ ᠪᠠᠷ ᠤᠷᠤᠭᠰᠢᠯᠠᠬᠤ᠂ ᠨᠠᠶᠢᠷᠠᠮᠳᠠᠯ ᠢᠶᠠᠷ ᠬᠥᠭᠵᠢᠬᠦ᠂ ᠬᠠᠷᠢᠯᠴᠠᠨ ᠠᠰᠢᠭᠲᠠᠶ ᠬᠠᠮᠲᠤᠷᠠᠯᠴᠠᠭ᠎ᠠ ᠬᠢᠬᠦ᠂ ᠬᠠᠮᠲᠤ ᠪᠠᠷ ᠴᠡᠴᠡᠭᠯᠡᠨ ᠬᠥᠭᠵᠢᠬᠦ ᠳᠡᠯᠡᠬᠡᠶ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠬᠠᠮᠲᠤ ᠶᠢᠨ ᠲᠠᠨᠢᠯᠲᠠ ᠶᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 4᠎ ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号